ᠠ᠋ᠨᠡ ᠵᠢᠯ ᠥᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶ᠎ᠠ ᠵᠠᠰᠠᠭ᠎ᠤᠨ ᠤᠷᠳᠤᠨ 《ᠭᠠᠷ ᠬᠣᠯᠪᠣᠨ ᠠᠵᠢᠯᠯᠠᠬᠤ ᠲᠦᠯᠦᠪᠯᠡᠭᠡ》᠎ᠪᠠᠨ ᠪᠡᠭᠡᠵᠢᠩ ᠥᠪᠤᠷ ᠮᠤᠩᠭᠤᠯ᠎ᠤᠨ ᠶᠠᠳᠠᠭᠤ ᠵᠢ ᠲᠡᠳᠭᠦᠬᠦ ᠬᠠᠮᠵᠢᠯᠴᠠᠭ᠎ᠠ ᠵᠢᠨ ᠴᠢᠬᠤᠯᠠ ᠠᠵᠢᠯ᠎ᠳᠤ ᠤᠷᠤᠭᠤᠯᠵᠦ᠂ ᠠᠷᠠᠳ᠎ᠤᠨ ᠶᠠᠪᠤᠳᠠᠯ᠎ᠤᠨ ᠲᠢᠩᠬᠢᠮ ᠶᠡᠬᠡᠲᠡ ᠴᠢᠬᠤᠯᠠᠴᠢᠯᠠᠨ ᠦᠵᠡᠵᠦ᠂ ᠲᠤᠰᠬᠠᠢ᠌ᠯᠠᠨ ᠬᠤᠷᠠᠯ ᠬᠤᠷᠠᠯᠳᠤᠭᠤᠯᠵᠦ᠂ 2019 ᠤᠨ᠎ᠤ ᠪᠡᠭᠡᠵᠢᠩ ᠥᠪᠤᠷ ᠮᠤᠩᠭᠤᠯ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 《ᠭᠠᠷ ᠬᠣᠯᠪᠣᠨ ᠠᠵᠢᠯᠯᠠᠬᠤ ᠲᠦᠯᠦᠪᠯᠡᠭᠡ》᠎ᠪᠠᠨ ᠪᠠᠢ᠌ᠷᠢᠯᠠᠭᠤᠯᠪᠠ᠃
ᠪᠡᠭᠡᠵᠢᠩ ᠥᠪᠤᠷ ᠮᠤᠩᠭᠤᠯ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 《ᠭᠠᠷ ᠭᠠᠷ ᠬᠤᠯᠪᠤᠨ ᠠᠵᠢᠯᠯᠠᠬᠤ ᠲᠦᠯᠦᠪᠯᠡᠭᠡ》᠎ᠪᠠᠨ ᠦᠨᠡᠨ ᠪᠤᠳᠠᠲᠠᠢ ᠰᠠᠢ᠌ᠨ ᠬᠢᠬᠦ ᠵᠢᠨ ᠲᠦᠯᠥᠭᠡ 2 ᠳ᠋ᠤᠭ᠋ᠠᠷ ᠰᠠᠷ᠎ᠠ ᠵᠢᠨ 26 — 27᠎ᠤ ᠠ᠋ᠳᠦᠷ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠰᠤᠶᠤᠯ ᠬᠤᠯᠪᠤᠭᠳᠠᠯ ᠪᠦᠬᠦᠢ ᠬᠦᠮᠦᠰ ᠵᠶ᠋ᠠᠨ ᠲᠠᠭ᠋ᠠᠭᠤᠯᠤᠨ᠂ ᠪᠡᠭᠡᠵᠢᠩ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠳᠤ ᠲᠤᠰᠬᠠᠢ᠌ᠯᠠᠨ ᠤᠴᠢᠵᠦ᠂ ᠪᠡᠭᠡᠵᠢᠩ ᠥᠪᠤᠷ ᠮᠤᠩᠭᠤᠯ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 《ᠭᠠᠷ ᠬᠤᠯᠪᠤᠨ ᠠᠵᠢᠯᠯᠠᠬᠤ ᠲᠦᠯᠦᠪᠯᠡᠭᠡ》 ᠵᠢᠨ ᠬᠠᠮᠢᠶᠠᠲᠠᠢ ᠬᠡᠷᠡᠭ ᠤᠴᠢᠷ᠎ᠢ ᠵᠦᠪᠳᠡᠨ ᠶᠠᠷᠢᠯᠴᠠᠵᠠᠢ᠃ 《ᠭᠠᠷ ᠬᠤᠯᠪᠤᠨ ᠠᠵᠢᠯᠯᠠᠬᠤ ᠲᠦᠯᠦᠪᠯᠡᠭᠡ》 ᠵᠢ ᠪᠡᠭᠡᠵᠢᠩ ᠥᠪᠤᠷ ᠮᠤᠩᠭᠤᠯ ᠬᠤᠶᠠᠷ ᠭᠠᠵᠠᠷ᠎ᠤᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠶᠡᠬᠡᠲᠡ ᠴᠢᠬᠤᠯᠠᠴᠢᠯᠠᠨ ᠦᠵᠡᠵᠦ᠂ ᠪᠡᠯᠡ ᠮᠦᠩᠭᠦ᠂ ᠴᠢᠳᠠᠪᠤᠷᠢᠲᠠᠨ ᠵᠡᠷᠭᠡ ᠲᠠᠯ᠎ᠠ᠎ᠪᠠᠷ ᠬᠦᠴᠦᠲᠠᠢ ᠲᠡᠮᠵᠢᠯᠭᠡ ᠦᠵᠡᠭᠦᠯᠵᠠᠢ᠃ ᠬᠤᠷᠠᠯ ᠳᠡᠭᠡᠷ᠎ᠡ᠂ ᠬᠤᠷᠠᠯ᠎ᠳᠤ ᠤᠷᠤᠯᠴᠠᠭᠰᠠᠨ ᠬᠤᠶᠠᠷ ᠲᠠᠯ᠎ᠠ ᠵᠢᠨ᠎ᠬᠢᠨ 《ᠭᠠᠷ ᠬᠤᠯᠪᠤᠨ ᠠᠵᠢᠯᠯᠠᠬᠤ ᠲᠦᠯᠦᠪᠯᠡᠭᠡ》 ᠵᠢ ᠬᠡᠷᠡᠭᠵᠢᠭᠦᠯᠦᠭᠰᠡᠨ᠎ᠠᠴᠠ ᠨᠠᠰᠢᠬᠢ ᠨᠢᠭᠡ ᠵᠢᠯ᠎ᠤᠨ ᠲᠤᠷᠰᠢᠬᠢ ᠠᠵᠢᠯ᠎ᠤᠨ ᠪᠠᠢ᠌ᠳᠠᠯ ᠵᠢᠡᠨ ᠮᠡᠳᠡᠭᠳᠡᠵᠦ᠂ 2019 ᠤᠨ᠎ᠤ ᠠᠵᠢᠯ᠎ᠤᠨ ᠠ᠋ᠭᠦᠷᠭᠡ᠎ᠪᠠᠨ ᠵᠦᠪᠳᠡᠯᠴᠡᠵᠠᠢ᠃ ᠨᠢᠭᠡ᠎ᠳᠤ 《ᠭᠠᠷ ᠬᠤᠯᠪᠤᠨ ᠠᠵᠢᠯᠯᠠᠬᠤ ᠲᠦᠯᠦᠪᠯᠡᠭᠡ》 ᠵᠢ ᠬᠡᠷᠡᠭᠵᠢᠭᠦᠯᠦᠭᠰᠡᠨ᠎ᠠᠴᠠ ᠨᠠᠰᠢᠬᠢ ᠨᠢᠭᠡ ᠵᠢᠯ᠎ᠤᠨ ᠲᠤᠷᠰᠢᠬᠢ ᠠᠵᠢᠯ᠎ᠤᠨ ᠠᠮᠵᠢᠯᠲᠠ ᠪᠦᠲᠦᠮᠵᠢ ᠪᠤᠯᠤᠨ ᠤᠷᠤᠰᠢᠵᠦ ᠪᠠᠢ᠌ᠭ᠎ᠠ ᠠᠰᠠᠭᠤᠳᠠᠯ᠎ᠢ ᠵᠠᠳᠠᠯᠤᠨ ᠰᠤᠳᠤᠯᠵᠤ᠂ ᠬᠤᠶᠠᠷ ᠲᠠᠯ᠎ᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠰᠠᠨᠠᠯ ᠵᠢᠡᠨ ᠬᠤᠷᠢᠶᠠᠩᠭᠤᠢ᠌ᠯᠠᠭ᠋ᠠᠳ ᠰᠣᠯᠢᠯᠴᠠᠪᠠ᠃ ᠬᠤᠶᠠᠷ᠎ᠲᠤ 2018 ᠤᠨ᠎ᠳᠤ ᠦᠷᠨᠢᠭᠦᠯᠦᠭᠰᠡᠨ 《ᠭᠠᠷ ᠬᠤᠯᠪᠤᠨ ᠠᠵᠢᠯᠯᠠᠬᠤ ᠲᠦᠯᠦᠪᠯᠡᠭᠡ》 ᠵᠢᠨ ᠲᠦᠷᠦᠯ ᠵᠦᠢ᠍ᠯ᠎ᠢ ᠲᠤᠬᠢᠲᠠᠢ ᠴᠠᠭ᠎ᠲᠤ ᠵᠢᠱ᠌ᠢᠨ ᠦᠨᠡᠯᠡᠵᠦ᠂ 2019 ᠤᠨ᠎ᠤ 《ᠭᠠᠷ ᠬᠤᠯᠪᠤᠨ ᠠᠵᠢᠯᠯᠠᠬᠤ ᠲᠦᠯᠦᠪᠯᠡᠭᠡ》᠎ᠪᠠᠨ ᠬᠢᠨᠠᠯᠲᠠ ᠲᠠᠯᠪᠢᠨ ᠰᠢᠪᠠᠳᠠᠵᠤ ᠵᠢᠯᠤᠭᠤᠳᠤᠨ᠎ᠠ᠃ ᠭᠤᠷᠪᠠ᠎ᠳᠤ ᠬᠤᠶᠠᠷ ᠲᠠᠯ᠎ᠠ ᠵᠢᠨ᠎ᠬᠢᠨ ᠲᠠᠬᠢᠨ ᠲᠠᠪᠲᠠᠨ ᠪᠠᠢ᠌ᠴᠠᠭ᠋ᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠲᠤᠰᠠᠯᠠᠮᠵᠢ ᠬᠦᠷᠲᠡᠬᠦ 20 ᠪᠠᠢ᠌ᠭᠤᠯᠤᠮᠵᠢ᠂ ᠲᠤᠰᠠᠯᠠᠬᠤ᠎ᠪᠠᠷ ᠲᠤᠮᠢᠯᠠᠬᠤ 20 ᠪᠠᠢ᠌ᠭᠤᠯᠤᠮᠵᠢ ᠵᠢ ᠲᠤᠰ ᠲᠤᠰ᠎ᠲᠤ᠎ᠪᠠᠨ ᠲᠤᠭᠲᠠᠭ᠋ᠠᠵᠦ᠂ 3 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠠ᠋ᠮᠦᠨ᠎ᠡ᠂ ᠲᠤᠰᠠᠯᠠᠮᠵᠢ ᠬᠦᠷᠲᠡᠬᠦ ᠪᠠᠢ᠌ᠭᠤᠯᠤᠮᠵᠢ ᠪᠤᠯᠤᠨ ᠲᠤᠰᠠᠯᠠᠬᠤ᠎ᠪᠠᠷ ᠲᠤᠮᠢᠯᠠᠬᠤ ᠪᠠᠢ᠌ᠭᠤᠯᠤᠮᠵᠢ ᠵᠢ ᠵᠤᠬᠢᠶᠠᠨ ᠪᠠᠢ᠌ᠭᠤᠯᠵᠦ 《ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ 〈ᠭᠠᠷ ᠬᠤᠯᠪᠤᠨ ᠠᠵᠢᠯᠯᠠᠬᠤ ᠲᠦᠯᠦᠪᠯᠡᠭᠡ〉 ᠵᠢᠨ ᠬᠠᠪᠰᠤᠷᠴᠤ ᠲᠡᠳᠭᠦᠬᠦ ᠵᠦᠪᠯᠡᠯᠭᠡ》 ᠵᠢ ᠲᠤᠭᠲᠠᠭ᠋ᠠᠯᠭ᠋ᠠᠵᠦ᠂ ᠵᠦᠪᠯᠡᠯᠭᠡ ᠵᠢᠨ ᠱᠠᠭ᠋ᠠᠳᠠᠯᠭᠠ ᠶᠤᠰᠤᠭ᠋ᠠᠷ ᠬᠠᠪᠰᠤᠷᠴᠦ ᠲᠡᠳᠭᠦᠬᠦ ᠠ᠋ᠭᠦᠷᠭᠡ ᠵᠢ ᠪᠡᠶᠡᠯᠡᠭᠦᠯᠤᠨ᠂ ᠦᠢ᠍ᠯᠡᠴᠢᠯᠡᠭᠡᠨ᠎ᠤ ᠲᠦᠷᠦᠯ ᠵᠦᠢ᠍ᠯ᠎ᠢ ᠭᠦᠢ᠍ᠴᠡᠳᠭᠡᠨ᠎ᠡ᠃ ᠳᠦᠷᠪᠡ᠎ᠳᠤ ᠪᠡᠯᠡ ᠤᠷᠤᠭᠤᠯᠬᠤ ᠬᠦᠴᠦᠯᠡᠴᠡ᠎ᠪᠠᠨ ᠶᠡᠬᠡᠰᠭᠡᠵᠦ᠂ ᠬᠤᠶᠠᠷ ᠲᠠᠯ᠎ᠠ ᠵᠢᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ 《ᠭᠠᠷ ᠬᠤᠯᠪᠤᠨ ᠠᠵᠢᠯᠯᠠᠬᠤ ᠲᠦᠯᠦᠪᠯᠡᠭᠡ》 ᠵᠢ ᠲᠡᠮᠵᠢᠬᠦ ᠠ᠋ᠷᠴᠢᠮ ᠵᠢᠡᠨ ᠴᠢᠩᠭ᠋ᠠᠷᠠᠭᠤᠯᠵᠦ᠂ ᠵᠠᠰᠠᠭ᠎ᠤᠨ ᠤᠷᠳᠤᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ᠎ᠲᠠᠢ ᠤᠶᠠᠯᠳᠤᠭᠤᠯᠤᠨ᠂ 《ᠭᠠᠷ ᠬᠤᠯᠪᠤᠨ ᠠᠵᠢᠯᠯᠠᠬᠤ ᠲᠦᠯᠦᠪᠯᠡᠭᠡ》᠎ᠪᠠᠨ ᠪᠡᠯᠡ ᠮᠦᠩᠭᠦ ᠵᠢᠨ ᠲᠠᠯ᠎ᠠ᠎ᠪᠠᠷ ᠢᠯᠡᠭᠦᠦ ᠲᠡᠮᠵᠢᠨ᠎ᠡ᠃ ᠲᠠᠪᠤ᠎ᠳᠤ ᠮᠠᠨ᠎ᠤ ᠤᠷᠤᠨ᠎ᠤ ᠲᠤᠰᠠᠯᠠᠮᠵᠢ ᠬᠦᠷᠲᠡᠬᠦ ᠭᠠᠵᠠᠷ᠎ᠤᠨ ᠨᠡᠢ᠌ᠭᠡᠮ᠎ᠤᠨ ᠠᠵᠢᠯᠲᠠᠨ᠎ᠤ ᠴᠢᠳᠠᠪᠤᠷᠢ ᠵᠢ ᠲᠡᠭᠡᠭᠰᠢᠯᠡᠭᠦᠯᠬᠦ᠂ ᠰᠢᠯᠭ᠋ᠠᠯᠲᠠ᠎ᠠᠴᠠ ᠠ᠋ᠮᠦᠨ᠎ᠡ ᠪᠤᠯᠪᠠᠰᠤᠷᠠᠯ ᠬᠦᠷᠲᠡᠭᠡᠬᠦ ᠵᠡᠷᠭᠡ ᠠᠰᠠᠭᠤᠳᠠᠯ᠎ᠤᠨ ᠲᠤᠬᠠᠢ ᠪᠡᠭᠡᠵᠢᠩ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠢᠨ ᠬᠠᠮᠲᠤᠷᠠᠯᠴᠠᠭ᠋ᠠᠨ ᠬᠢᠬᠦ ᠨᠢᠭᠡᠴᠢ ᠳᠤᠮᠳᠠᠳᠦ ᠤᠯᠤᠰ᠎ᠤᠨ ᠺᠠᠢ ᠹᠠᠩ ᠶᠡᠬᠡ ᠰᠤᠷᠭ᠋ᠠᠭᠤᠯᠢ ᠵᠢᠨ ᠠᠯᠤᠰ ᠡᠵᠡᠮᠰᠢᠯ᠎ᠤᠨ ᠵᠢᠭ᠋ᠠᠨ ᠰᠤᠷᠭ᠋ᠠᠬᠤ ᠪᠤᠯᠪᠠᠰᠤᠷᠠᠯ᠎ᠤᠨ ᠬᠢᠴᠢᠶᠡᠯ᠎ᠢ ᠲᠤᠭᠲᠠᠭ᠋ᠠᠵᠦ᠂ ᠮᠠᠨ᠎ᠤ ᠤᠷᠤᠨ᠎ᠤ ᠰᠤᠷᠤᠯᠭ᠋ᠠᠲᠠᠳ᠎ᠲᠤ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠮᠡᠳᠡᠯᠭᠡ᠂ ᠲᠦᠷᠦ ᠵᠢᠨ ᠪᠤᠳᠤᠯᠭ᠎ᠠ ᠤᠨᠤᠯ᠎ᠤᠨ ᠲᠠᠢ᠌ᠯᠥᠮᠵᠢ᠂ ᠪᠤᠳᠠᠲᠠᠢ ᠠᠵᠢᠯ ᠵᠶ᠋ᠠᠨ ᠬᠡᠷᠬᠢᠨ ᠬᠢᠬᠦ ᠵᠡᠷᠭᠡ ᠠᠭᠤᠯᠭ᠎ᠠ ᠵᠢ ᠬᠠᠩᠭ᠋ᠠᠨ᠎ᠠ᠃

