ᠤᠢ᠌ᠷ᠎ᠠ ᠵᠢᠨ ᠠ᠋ᠳᠦᠷ᠂ ᠬᠦᠯᠦᠨ ᠪᠤᠢ᠌ᠷ ᠬᠤᠲᠠ ᠵᠢᠨ ᠨᠠᠮ᠎ᠤᠨ ᠬᠤᠷᠢᠶᠠᠨ᠎ᠤ ᠤᠬᠠᠭᠤᠯᠬᠤ ᠬᠡᠯᠲᠡᠰ᠂ ᠠᠷᠠᠳ᠎ᠤᠨ ᠶᠠᠪᠤᠳᠠᠯ᠂ ᠪᠡᠶ᠎ᠡ ᠵᠢᠨ ᠲᠠᠮᠢᠷ᠂ ᠰᠤᠷᠭ᠋ᠠᠨ ᠬᠦᠮᠦᠵᠢᠯ᠂ ᠰᠤᠶᠤᠯ ᠬᠡᠬᠡᠷᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠨᠡᠢ᠌ᠭᠡᠮᠯᠢᠭ᠂ ᠦᠢ᠍ᠯᠡᠳᠪᠤᠷᠢ ᠬᠤᠳᠠᠯᠳᠤᠭ᠋ᠠᠨ᠎ᠤ ᠬᠤᠯᠪᠤᠭ᠎ᠠ ᠵᠡᠷᠭᠡ ᠲᠤᠯᠤᠭ᠋ᠠᠨ ᠰᠠᠯᠠᠭ᠎ᠠ ᠮᠦᠴᠢᠷ ᠵᠢᠡᠷ ᠪᠦᠷᠢᠯᠳᠦᠭᠰᠡᠨ ᠲᠤᠰᠬᠠᠢ ᠮᠡᠷᠭᠡᠵᠢᠯᠲᠡᠨ᠎ᠤ ᠬᠢᠨᠠᠨ ᠰᠢᠯᠭ᠋ᠠᠷᠠᠭᠤᠯᠬᠤ ᠪᠦᠯᠬᠦᠮ 58 ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠬᠢᠨᠠᠨ ᠰᠢᠯᠭ᠋ᠠᠷᠠᠭᠤᠯᠵᠠᠢ᠃
ᠠ᠋ᠨᠡ ᠤᠳᠠᠭ᠎ᠠ ᠵᠢᠨ ᠳᠡᠰ ᠬᠤᠪᠢᠶᠠᠨ ᠦᠨᠡᠯᠡᠬᠦ ᠠᠵᠢᠯ᠎ᠨᠢ ᠠᠷᠠᠳ᠎ᠤᠨ ᠶᠠᠪᠤᠳᠠᠯ᠎ᠤᠨ ᠶᠠᠮᠤᠨ᠎ᠤ 《ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠠᠵᠢᠯ᠎ᠤᠨ ᠬᠠᠮᠢᠶᠠᠷᠤᠯᠲᠠ ᠵᠢᠨ ᠠᠷᠭ᠎ᠠ》᠂ 《ᠠᠷᠠᠳ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠠᠵᠢᠯ᠎ᠢ ᠳᠦᠯᠬᠢᠨ ᠠᠬᠢᠭᠤᠯᠬᠤ ᠲᠤᠬᠠᠢ ᠵᠢᠯᠤᠭᠤᠳᠬᠤ ᠰᠠᠨᠠᠯ》 ᠪᠤᠯᠤᠨ 《ᠬᠦᠯᠦᠨ ᠪᠤᠢ᠌ᠷ ᠬᠤᠲᠠ ᠵᠢᠨ 2018 ᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠲᠦᠰᠦᠯ》 ᠵᠡᠷᠭᠡ ᠪᠢᠴᠢᠭ ᠮᠠᠲᠸᠷᠢᠶᠠᠯ᠎ᠢ ᠦᠨᠳᠦᠰᠦᠯᠡᠨ᠂ 2016 ᠤᠨ᠎ᠤ 6 ᠳ᠋ᠤᠭ᠋ᠠᠷ ᠰᠠᠷ᠎ᠠ ᠵᠢᠨ 30᠎ᠤ ᠠ᠋ᠳᠦᠷ᠎ᠠᠴᠠ ᠠ᠋ᠮᠦᠨ᠎ᠡ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠠᠤᠯᠢ ᠶᠤᠰᠤᠭ᠋ᠠᠷ ᠲᠠᠩᠰᠠᠯᠠᠭᠰᠠᠨ ᠪᠦᠭᠡᠳ ᠬᠤᠶᠠᠷ ᠵᠢᠯ ᠳᠠᠷᠠᠭ᠋ᠠᠯᠠᠨ ᠤᠨ᠎ᠤ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠪᠡ᠃ ᠳᠡᠰ ᠬᠤᠪᠢᠶᠠᠨ ᠦᠨᠡᠯᠡᠬᠦ᠎ᠳᠡᠭᠡᠨ ᠢᠯᠡ᠎ᠪᠠᠷ ᠲᠠᠭ᠋ᠠᠭ᠋ᠠᠴᠢᠯᠠᠯᠲᠠ ᠬᠦᠯᠢᠶᠡᠨ ᠳᠠᠭ᠋ᠠᠭ᠋ᠠᠴᠢᠯᠠᠭᠤᠯᠵᠤ᠂ ᠨᠡᠢ᠌ᠭᠡᠮ᠎ᠤᠨ ᠬᠦᠴᠦᠨ᠎ᠤ ᠦᠢ᠍ᠯᠡᠴᠢᠯᠡᠭᠡ ᠵᠢ ᠬᠤᠳᠠᠯᠳᠤᠨ ᠠᠪᠬᠤ ᠠᠷᠭ᠎ᠠ ᠮᠠᠶᠢᠭ᠎ᠢ ᠬᠡᠷᠡᠭᠯᠡᠨ ᠭᠤᠷᠪᠠᠳᠠᠬᠢ ᠠ᠋ᠲᠡᠭᠡᠳ᠎ᠤᠨ ᠵᠣᠬᠢᠶᠠᠨ ᠪᠠᠢ᠌ᠭᠤᠯᠤᠭᠰᠠᠨ ᠲᠤᠰᠬᠠᠢ ᠮᠡᠷᠭᠡᠵᠢᠯᠲᠡᠨ᠎ᠤ ᠬᠢᠨᠠᠨ ᠰᠢᠯᠭ᠋ᠠᠷᠠᠭᠤᠯᠬᠤ ᠺᠤᠮᠢᠰ᠎ᠠᠴᠠ ᠳᠤᠬᠠᠢ ᠵᠢᠨ ᠭᠠᠵᠠᠷ᠎ᠲᠤᠨᠢ ᠬᠢᠨᠠᠨ ᠰᠢᠯᠭ᠋ᠠᠷᠠᠭᠤᠯᠪᠠ᠃ ᠳᠡᠰ ᠬᠤᠪᠢᠶᠠᠨ ᠦᠨᠡᠯᠡᠬᠦ ᠠᠭᠤᠯᠭ᠎ᠠ ᠵᠢ ᠠᠷᠠᠳ᠎ᠠᠴᠠ ᠠ᠋ᠷᠬᠢᠯᠡᠭᠰᠡᠨ ᠠᠵᠦ ᠠᠬᠤᠢ᠌ᠯᠠᠯ᠎ᠤᠨ ᠪᠤᠰᠤ ᠨᠢᠭᠡᠴᠢ ᠪᠤᠯᠤᠨ ᠨᠡᠢ᠌ᠭᠡᠮ᠎ᠤᠨ ᠪᠦᠯᠬᠦᠮ ᠭᠡᠵᠦ ᠬᠤᠶᠠᠷ ᠲᠦᠷᠦᠯ ᠬᠤᠪᠢᠶᠠᠵᠠᠢ᠃ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠦᠨᠡᠯᠡᠭᠦᠯᠬᠦ ᠠ᠋ᠷᠭᠦᠳᠡᠯ ᠵᠢᠡᠨ ᠲᠡᠭᠡᠭᠰᠢ ᠮᠡᠳᠡᠭᠦᠯᠵᠤ᠂ ᠲᠤᠬᠠᠢ᠌ᠯᠠᠬᠰᠠᠨ ᠠᠵᠢᠯ᠎ᠤᠨ ᠭᠤᠤᠯᠯᠠᠨ ᠬᠠᠮᠢᠶᠠᠷᠬᠤ ᠨᠢᠭᠡᠴᠢ ᠠᠩᠬᠠᠨ᠎ᠤ ᠬᠢᠨᠠᠯᠲᠠ ᠬᠢᠵᠤ᠂ ᠳᠡᠰ ᠬᠤᠪᠢᠶᠠᠨ ᠦᠨᠡᠯᠡᠬᠦ ᠺᠤᠮᠢᠰ ᠬᠢᠷᠢ ᠬᠡᠮ᠎ᠢ᠎ᠨᠢ ᠬᠢᠨᠠᠨ ᠪᠠᠢ᠌ᠴᠠᠭ᠋ᠠᠬᠤ᠂ ᠳᠡᠰ ᠬᠤᠪᠢᠶᠠᠨ ᠦᠨᠡᠯᠡᠭᠰᠡᠨ ᠦᠷ᠎ᠡ ᠳ᠋ᠦᠩ᠎ᠢ ᠬᠢᠨᠠᠵᠦ ᠬᠠᠷᠭᠤᠭᠤᠯᠬᠤ᠂ ᠳᠡᠰ ᠬᠤᠪᠢᠶᠠᠨ ᠦᠨᠡᠯᠡᠭᠰᠡᠨ ᠦᠷ᠎ᠡ ᠳ᠋ᠦᠩ᠎ᠢ ᠢᠯᠡ ᠨᠡᠢ᠌ᠲᠡᠯᠡᠬᠦ᠂ ᠳᠡᠰ ᠬᠤᠪᠢᠶᠠᠨ ᠦᠨᠡᠯᠡᠭᠰᠡᠨ ᠦᠷ᠎ᠡ ᠳ᠋ᠦᠩ᠎ᠳᠤ ᠨᠣᠲᠠᠯᠠᠯᠲᠠ ᠬᠢᠬᠦ ᠵᠡᠷᠭᠡ ᠲᠡᠰ ᠲᠠᠷᠠᠭ᠋ᠠᠯᠠᠯ ᠵᠢᠡᠷ ᠶᠠᠪᠤᠭᠳᠠᠭᠤᠯᠪᠠ᠃ ᠠ᠋ᠨᠡ ᠤᠳᠠᠭ᠎ᠠ ᠦᠨᠡᠯᠡᠭᠦᠯᠬᠦ᠎ᠳᠤ ᠤᠷᠤᠯᠴᠠᠭᠰᠠᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠨᠡᠢ᠌ᠲᠡ 58 ᠪᠠᠢ᠌ᠪᠠ᠃ ᠲᠤᠰᠬᠠᠢ ᠮᠡᠷᠭᠡᠵᠢᠯᠲᠡᠨ᠎ᠤ ᠬᠢᠨᠠᠨ ᠰᠢᠯᠭ᠋ᠠᠷᠠᠭᠤᠯᠬᠤ ᠺᠤᠮᠢᠰ᠎ᠤᠨ ᠬᠢᠨᠠᠨ ᠰᠢᠯᠭ᠋ᠠᠷᠠᠭᠤᠯᠬᠤ᠎ᠪᠠᠷ ᠲᠠᠮᠵᠢᠨ᠂ 4 A ᠲᠡᠰ᠎ᠤᠨ ᠨᠡᠢ᠌ᠭᠡᠮ᠎ᠤᠨ ᠵᠤᠬᠢᠶᠠᠨ ᠪᠠᠢ᠌ᠭᠤᠯᠤᠲᠠ 5᠂ 3A ᠲᠡᠰ᠎ᠤᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ 52᠂ 2A ᠲᠡᠰ᠎ᠤᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ 1 ᠵᠢ ᠰᠢᠯᠭ᠋ᠠᠷᠠᠭᠤᠯᠤᠨ ᠭᠠᠷᠭ᠋ᠠᠪᠠ᠃
ᠦᠷᠭᠡᠨ ᠤᠯᠠᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠳᠡᠰ ᠬᠤᠪᠢᠶᠠᠨ ᠦᠨᠡᠯᠡᠬᠦ᠎ᠳᠤ ᠤᠷᠤᠯᠴᠠᠬᠤ ᠵᠢ ᠵᠤᠷᠢᠬ᠍ᠵᠢᠭᠤᠯᠬᠤ ᠵᠢᠨ ᠲᠤᠯᠠᠳᠠ᠂ ᠬᠦᠯᠦᠨ ᠪᠤᠢ᠌ᠷ ᠬᠤᠲᠠ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠳᠡᠰ ᠬᠤᠪᠢᠶᠠᠨ ᠦᠨᠡᠯᠡᠬᠦ ᠶᠠᠪᠤᠳᠠᠯ᠎ᠢ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠣᠨ᠎ᠤ ᠪᠠᠢ᠌ᠴᠠᠭ᠋ᠠᠯᠲᠠ᠂ ᠲᠡᠷᠢᠭᠦᠨ᠎ᠤ᠎ᠬᠢ ᠵᠢ ᠰᠢᠯᠭ᠋ᠠᠷᠠᠭᠤᠯᠬᠤ᠂ ᠵᠠᠰᠠᠭ᠎ᠤᠨ ᠤᠷᠳᠤᠨ᠎ᠤ ᠠ᠋ᠭᠦᠷᠭᠡ ᠲᠤᠰᠢᠶᠠᠯ ᠵᠢᠡᠨ ᠰᠢᠯᠵᠢᠭᠦᠯᠬᠦ ᠪᠠ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ᠂ ᠵᠠᠰᠠᠭ᠎ᠤᠨ ᠤᠷᠳᠤᠨ᠎ᠤ ᠱᠠᠩᠨᠠᠨ ᠵᠤᠷᠢᠬ᠍ᠵᠢᠭᠤᠯᠬᠤ ᠵᠡᠷᠭᠡ᠎ᠲᠠᠢ ᠬᠣᠯᠪᠣᠵᠤ᠂ 3A ᠲᠡᠰ᠎ᠠᠴᠠ ᠳᠡᠭᠡᠭᠰᠢᠬᠢ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ᠎ᠨᠢ ᠵᠠᠰᠠᠭ᠎ᠤᠨ ᠤᠷᠳᠤᠨ᠎ᠤ ᠠ᠋ᠭᠦᠷᠭᠡ ᠲᠤᠰᠢᠶᠠᠯ ᠵᠢᠡᠨ ᠰᠢᠯᠵᠢᠬᠦᠯᠬᠦ ᠪᠠ ᠵᠠᠰᠠᠭ᠎ᠤᠨ ᠤᠷᠳᠤᠨ᠎ᠤ ᠦᠢ᠍ᠯᠡᠴᠢᠯᠡᠭᠡ ᠬᠤᠳᠠᠯᠳᠤᠨ ᠠᠪᠬᠤ ᠬᠢᠷᠢ ᠬᠡᠮ᠎ᠢ ᠤᠷᠢᠳᠠᠪᠡᠷ ᠤᠯᠵᠦ᠂ ᠦᠨᠡᠯᠡᠯᠲᠡ ᠬᠢᠯᠭᠡᠬᠦ᠎ᠳᠡᠭᠡᠨ ᠲᠤᠰ ᠤᠨ᠎ᠤ ᠪᠠᠢ᠌ᠴᠠᠭ᠋ᠠᠯᠲᠠ ᠬᠢᠯᠭᠡᠬᠦ ᠦᠭᠡᠢ ᠪᠠᠢ᠌ᠵᠦ ᠪᠤᠯᠤᠨ᠎ᠠ ᠭᠡᠵᠦ ᠲᠤᠳᠤᠷᠬᠠᠢ ᠲᠤᠭᠲᠠᠭ᠋ᠠᠵᠠᠢ᠃
