2 ᠳ᠋ᠤᠭ᠋ᠠᠷ ᠰᠠᠷ᠎ᠠ ᠵᠢᠨ 22᠎ᠤᠨ ᠠ᠋ᠳᠦᠷ᠂ ᠬᠦᠯᠦᠨ ᠪᠤᠢ᠌ᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠬᠤᠲᠠ ᠵᠢᠨ ᠨᠢᠭᠦᠯᠡᠰᠦᠩᠭᠦᠢ ᠵᠢᠨ ᠶᠡᠷᠦᠩᠬᠡᠢ ᠨᠡᠢ᠌ᠭᠡᠮᠯᠢᠭ᠎ᠠᠴᠠ ᠦᠷᠣᠰᠢᠶᠡᠯ ᠳᠤᠰᠠᠯᠠᠮᠵᠢ ᠵᠢᠨ ᠠᠵᠢᠯᠯᠠᠭ᠎ᠠ ᠦᠷᠨᠢᠭᠦᠯᠤᠨ᠂ 30.3 ᠲᠦᠮᠡᠨ ᠲᠦᠭᠦᠷᠢᠭ᠎ᠤᠨ ᠨᠢᠭᠦᠯᠡᠰᠦᠩᠭᠦᠢ ᠵᠢᠨ ᠪᠤᠶᠠᠨ᠎ᠤ ᠵᠤᠭᠤᠰ ᠵᠢᠡᠷ ᠲᠤᠰᠠᠯᠠᠬᠤ ᠨᠦᠬᠦᠴᠡᠯ᠎ᠳᠤ ᠲᠤᠬᠢᠷᠠᠭᠰᠠᠨ ᠤᠨᠴᠠ ᠬᠦᠨᠳᠦ ᠶᠡᠬᠡ ᠡᠪᠡᠳᠴᠢᠨ᠎ᠲᠠᠢ ᠶᠠᠳᠠᠭᠤ ᠬᠦᠴᠢᠷᠳᠡᠯ᠎ᠲᠠᠢ ᠭᠡᠷ ᠪᠦᠯᠢ᠂ ᠬᠦᠨᠳᠦ ᠡᠪᠡᠳᠴᠢᠨ᠎ᠲᠠᠢ ᠬᠡᠤᠬᠡᠳ᠂ ᠬᠦᠴᠢᠷᠳᠡᠯ᠎ᠲᠠᠢ ᠤᠶᠤᠲᠠᠨ ᠨᠡᠢ᠌ᠲᠡ 61 ᠬᠦᠮᠦᠨ᠎ᠳᠤ ᠳᠤᠰᠠᠯᠠᠮᠵᠢ ᠵᠢᠨ ᠮᠦᠩᠭᠦ ᠦᠭᠪᠡ᠃ ᠬᠤᠲᠠ ᠵᠢᠨ ᠳᠡᠳ᠋ ᠳᠠᠷᠤᠭ᠎ᠠ ᠬᠤᠤ ᠭᠦᠢ ᠵᠢᠤᠸᠠᠨ ᠠᠵᠢᠯᠯᠠᠭ᠎ᠠ᠎ᠳᠤ ᠤᠷᠤᠯᠴᠠᠭᠰᠠᠨ ᠪᠦᠭᠡᠳ ᠶᠠᠷᠢᠶ᠎ᠠ ᠲᠠᠯᠪᠢᠵᠠᠢ᠃
ᠬᠤᠲᠠ ᠵᠢᠨ ᠳᠡᠳ᠋ ᠳᠠᠷᠤᠭ᠎ᠠ ᠬᠤᠤ ᠭᠦᠢ ᠵᠢᠤᠸᠠᠨ ᠶᠠᠷᠢᠶᠠᠨ᠎ᠳᠠᠭᠠᠨ᠂ ᠠ᠋ᠨᠡ ᠤᠳᠠᠭ᠋ᠠᠠᠤ ᠠᠵᠢᠯᠯᠠᠭ᠎ᠠ᠎ᠪᠠᠷ ᠳᠠᠮᠵᠢᠨ᠂ ᠨᠡᠢ᠌ᠭᠡᠮ᠎ᠤᠨ ᠨᠡᠩ ᠤᠯᠠᠨ ᠬᠦᠴᠦᠨ᠎ᠢ ᠲᠠᠢ᠌ᠴᠢᠯᠠᠨ ᠬᠦᠯᠦᠨ ᠪᠤᠢ᠌ᠷ ᠬᠤᠲᠠ ᠵᠢᠨ ᠨᠡᠢ᠌ᠲᠡ ᠵᠢᠨ ᠠᠰᠠᠷᠠᠮᠵᠢ ᠵᠢᠨ ᠦᠢ᠍ᠯᠡᠰ ᠪᠤᠯᠤᠨ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠳᠤ ᠤᠷᠤᠯᠴᠠᠭᠤᠯᠤᠨ᠂ ᠰᠢᠨ᠎ᠡ ᠴᠠᠭ ᠦᠶ᠎ᠡ ᠵᠢᠨ ᠨᠢᠭᠦᠯᠡᠰᠦᠩᠭᠦᠢ ᠵᠢᠨ ᠦᠢ᠍ᠯᠡᠰ᠎ᠤᠨ ᠠ᠋ᠷᠡᠭᠦᠯ ᠵᠢᠡᠷ ᠬᠦᠭᠵᠢᠭᠦ ᠵᠢ ᠯᠠᠪᠳᠠᠭᠤᠨ ᠪᠠᠲᠤᠲᠠᠢ ᠠᠬᠢᠭᠤᠯᠬᠤ ᠪᠤᠯᠲᠤᠭ᠋ᠠᠢ ᠭᠡᠵᠦ ᠵᠢᠭ᠋ᠠᠵᠦ ᠭᠠᠷᠭ᠋ᠠᠵᠠᠢ᠃
ᠬᠥᠯᠥᠨ ᠪᠤᠢ᠌ᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠭᠤᠤᠯ ᠤᠳᠤᠷᠢᠳᠤᠯᠭ᠎ᠠ ᠵᠢᠴᠢ ᠬᠤᠲᠠ ᠵᠢᠨ ᠰᠢᠭᠤᠳ ᠬᠠᠷᠢᠶ᠎ᠠ ᠪᠠᠢ᠌ᠭᠤᠯᠭ᠎ᠠ ᠵᠢᠨ ᠲᠥᠯᠥᠭᠡᠯᠡᠭᠴᠢ᠂ ᠡᠯ᠎ᠡ ᠬᠤᠰᠢᠭᠤ ᠬᠤᠲᠠ ᠵᠢᠨ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠨᠢᠭᠦᠯᠡᠰᠦᠩᠭᠦᠢ ᠵᠢᠨ ᠨᠡᠢ᠌ᠭᠡᠮᠯᠢᠭ᠎ᠤᠨ ᠬᠠᠷᠢᠭᠤᠴᠠᠯᠭ᠋ᠠᠲᠠᠨ ᠪᠣᠯᠤᠨ ᠲᠤᠰᠠᠯᠠᠮᠵᠢ ᠬᠦᠷᠲᠡᠭᠰᠡᠳ ᠨᠡᠢ᠌ᠲᠡ 60 ᠭᠠᠷᠤᠢ ᠬᠦᠮᠦᠨ ᠠᠵᠢᠯᠯᠠᠭ᠎ᠠ᠎ᠳᠤ ᠤᠷᠤᠯᠴᠠᠭᠰᠠᠨ ᠪᠠᠢ᠌ᠨ᠎ᠠ᠃
