3 ᠳ᠋ᠤᠭ᠋ᠠᠷ ᠰᠠᠷ᠎ᠠ ᠵᠢᠨ 12᠎ᠤᠨ ᠠ᠋ᠳᠦᠷ᠂ ᠬᠢᠩᠭ᠋ᠠᠨ ᠠᠢ᠌ᠮᠠᠭ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ ᠬᠤᠷᠠᠯᠳᠤᠭᠤᠯᠪᠠ᠃ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠱᠦᠵᠢ᠂ ᠲᠤᠪᠴᠢᠶᠠᠨ᠎ᠤ ᠲᠠᠷᠤᠭ᠎ᠠ ᠪᠤᠤ ᠱ᠌ᠢ ᠲᠸᠦ᠂ ᠪᠠᠢ᠌ᠴᠠᠭ᠋ᠠᠨ ᠰᠤᠳᠤᠯᠤᠭᠴᠢ ᠸᠠᠩ ᠢᠦᠢ ᠴᠢ᠂ ᠲᠤᠪᠴᠢᠶᠠᠨ᠎ᠤ ᠳᠡᠳ᠋ ᠳᠠᠷᠤᠭ᠎ᠠ ᠯᠢᠦ ᠲᠢᠩ ᠭᠦᠢ᠂ ᠠᠯᠪᠠᠨ ᠭᠡᠷ᠎ᠤᠨ ᠠ᠋ᠷᠬᠢᠯᠡᠭᠴᠢ᠂ ᠲᠤᠪᠴᠢᠶᠠᠨ᠎ᠤ ᠪᠠᠢ᠌ᠭᠤᠯᠭ᠎ᠠ ᠵᠢᠨ ᠡᠯ᠎ᠠ ᠰᠠᠯᠠᠭ᠎ᠠ ᠲᠠᠰᠤᠭ ᠪᠤᠯᠤᠨ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠡ ᠵᠢᠨ ᠤᠳᠤᠷᠢᠳᠬᠤ ᠪᠠᠭ᠎ᠤᠨ ᠪᠦᠷᠢᠯᠳᠦᠬᠦᠨ ᠬᠤᠷᠠᠯ᠎ᠳᠤ ᠤᠷᠤᠯᠴᠠᠵᠠᠢ᠃
ᠬᠤᠷᠠᠯ ᠳᠡᠭᠡᠷ᠎ᠡ᠂ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠱᠦᠵᠢ᠂ ᠲᠤᠪᠴᠢᠶᠠᠨ᠎ᠤ ᠲᠠᠷᠤᠭ᠎ᠠ ᠪᠤᠤ ᠱ᠌ᠢ ᠲᠸᠦ᠎ᠠᠴᠠ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠤᠨᠤᠯ ᠵᠢᠡᠷ ᠵᠢᠯᠤᠭᠤᠳᠤᠯᠭ᠎ᠠ ᠪᠤᠯᠭ᠋ᠠᠵᠦ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠡᠶᠡᠯᠡᠭᠦᠯᠬᠦ ᠰᠢᠢ᠍ᠳᠪᠤᠷᠢᠲᠦ ᠢᠯᠠᠯᠲᠠ ᠵᠢ ᠤᠯᠬᠤ ᠠᠷᠠᠳ᠎ᠤᠨ ᠶᠠᠪᠤᠳᠠᠯ᠎ᠳᠤ ᠬᠦᠴᠦᠨ ᠵᠢᠡᠨ ᠠ᠋ᠷᠭᠦᠶᠡ》 ᠭᠡᠬᠦ ᠰᠡᠲᠦᠪ ᠵᠢᠡᠷ ᠶᠠᠷᠢᠶ᠎ᠠ ᠲᠠᠯᠪᠢᠵᠦ᠂ ᠦᠩᠭᠡᠷᠡᠭᠰᠡᠨ ᠨᠢᠭᠡ ᠵᠢᠯ᠎ᠤᠨ ᠠᠷᠠᠳ᠎ᠤᠨ ᠶᠠᠪᠤᠳᠠᠯ᠎ᠤᠨ ᠠᠵᠢᠯ ᠵᠢᠡᠨ ᠠ᠋ᠷᠭᠢᠴᠡᠭᠦᠯᠵᠦ᠂ 2019 ᠤᠨ᠎ᠤ ᠠᠷᠠᠳ᠎ᠤᠨ ᠶᠠᠪᠤᠳᠠᠯ᠎ᠤᠨ ᠠᠵᠢᠯ᠎ᠢ ᠪᠠᠢ᠌ᠷᠢᠯᠠᠭᠤᠯᠪᠠ᠃
2018 ᠤᠨ᠎ᠳᠤ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ᠎ᠬᠢᠨ ᠬᠤᠲᠠ ᠬᠦᠳᠡᠭᠡ ᠵᠢᠨ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠬᠤᠲᠠ ᠬᠦᠳᠡᠭᠡ ᠵᠢᠨ ᠤᠨᠴᠠ ᠬᠦᠴᠢᠷᠳᠡᠯ᠎ᠲᠠᠢ ᠬᠦᠮᠦᠰ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ 12%᠎ᠤᠨ ᠬᠠᠷᠢᠴᠠᠯ ᠵᠢᠡᠷ ᠲᠡᠭᠡᠭᠰᠢᠯᠡᠭᠦᠯᠵᠦ᠂ ᠪᠦᠬᠦ ᠵᠢᠯ᠎ᠳᠤ ᠡᠯ᠎ᠡ ᠲᠦᠷᠦᠯ᠎ᠤᠨ ᠳᠤᠰᠠᠯᠠᠮᠵᠢ ᠵᠢᠨ ᠪᠠᠲᠤᠯᠠᠭ᠎ᠠ ᠵᠢᠨ ᠪᠡᠯᠡ ᠮᠦᠩᠭᠦ 8.09 ᠳ᠋ᠦᠩᠰᠢᠭᠤᠷ ᠲᠦᠭᠦᠷᠢᠭ ᠲᠦᠭᠡᠭᠡᠪᠡ᠃ ᠪᠡᠭᠡᠵᠢᠩ ᠥᠪᠤᠷ ᠮᠤᠩᠭᠤᠯ᠎ᠤᠨ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡ ᠵᠢᠨ ᠪᠠᠢ᠌ᠭᠤᠯᠤᠮᠵᠢ ᠵᠢᠨ 《ᠭᠠᠷ ᠬᠤᠯᠪᠤᠨ ᠠᠵᠢᠯᠯᠠᠬᠤ ᠲᠦᠯᠦᠪᠯᠡᠭᠡ》 ᠵᠢ ᠭᠦᠨᠵᠡᠭᠡᠢ ᠠᠬᠢᠭᠤᠯᠤᠨ᠂ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠢ᠌ᠭᠤᠯᠤᠮᠵᠢ 2᠂ ᠨᠡᠢ᠌ᠭᠡᠮ᠎ᠤᠨ ᠠᠵᠢᠯ᠎ᠤᠨ ᠶᠠᠳᠠᠭᠤ ᠵᠢ ᠲᠡᠳᠭᠦᠬᠦ ᠠᠵᠢᠯ᠎ᠤᠨ ᠦᠷᠲᠡᠭᠡ 2᠎ᠢ ᠪᠠᠢ᠌ᠭᠤᠯᠵᠦ᠂ ᠨᠡᠢ᠌ᠭᠡᠮ᠎ᠤᠨ ᠠᠵᠢᠯ᠎ᠤᠨ ᠲᠤᠰ ᠭᠠᠵᠠᠷ ᠤᠷᠤᠨ᠎ᠤ ᠴᠢᠳᠠᠪᠤᠷᠢᠲᠠᠨ᠎ᠤ ᠠ᠋ᠩᠨᠡᠭᠡ ᠵᠢᠨ ᠪᠠᠢ᠌ᠭᠤᠯᠤᠯᠲᠠ ᠵᠢ ᠠᠬᠢᠭᠤᠯᠪᠠ᠃ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠸᠢᠴᠠᠲ᠎ᠤᠨ ᠦᠢ᠍ᠯᠡᠴᠢᠯᠡᠭᠡᠨ᠎ᠤ ᠲᠠᠪᠴᠠᠩ ᠪᠠᠢ᠌ᠭᠤᠯᠵᠦ᠂ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠬᠠᠮᠢᠶᠠᠷᠤᠯᠲᠠ ᠵᠢ ᠮᠡᠳᠡᠭᠡ ᠵᠠᠩᠭᠢᠴᠢᠯᠠᠵᠦ᠂ ᠨᠠᠷᠢᠯᠢᠬ᠍ᠵᠢᠭᠤᠯᠵᠦ᠂ ᠢᠯᠡ ᠲᠤᠳᠤ ᠪᠤᠯᠭ᠋ᠠᠭ᠋ᠠᠳ᠂ ᠪᠦᠬᠦ ᠤᠯᠤᠰ᠎ᠤᠨ 2018 ᠤᠨ᠎ᠤ ᠨᠡᠢ᠌ᠭᠡᠮ᠎ᠤᠨ ᠳᠤᠰᠠᠯᠠᠮᠵᠢ ᠵᠢᠨ ᠬᠦᠷᠢᠶᠠᠨ᠎ᠤ ᠬᠠᠮᠤᠭ᠎ᠤᠨ ᠰᠠᠢ᠌ᠨ ᠰᠢᠨ᠎ᠡ ᠵᠢ ᠠ᠋ᠭᠦᠳᠦᠭᠰᠡᠨ ᠦᠢ᠍ᠯᠡᠳᠦᠯᠭᠡ ᠵᠢᠨ ᠦᠷ᠎ᠡ ᠪᠦᠲᠦᠭᠡᠯ᠎ᠤᠨ ᠭᠤᠷᠪᠠᠳᠤᠭ᠋ᠠᠷ᠎ᠲᠤ ᠤᠷᠤᠭᠰᠠᠨ ᠰᠢᠯᠢᠳᠡᠭ ᠠᠮᠵᠢᠯᠲᠠ ᠤᠯᠵᠠᠢ᠃ ᠠᠢ᠌ᠮᠠᠭ᠎ᠤᠨ ᠱᠠᠲᠤᠨ᠎ᠤ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠦᠢ᠍ᠯᠡᠰ᠎ᠤᠨ ᠬᠠᠷᠠᠭ᠋ᠠᠯᠵᠠᠯ᠎ᠲᠦ ᠲᠦᠷᠦ ᠵᠢᠨ ᠪᠤᠳᠤᠯᠭ᠎ᠠ ᠪᠤᠯᠤᠨ ᠨᠠᠰᠤᠲᠠᠢ᠌ᠴᠤᠳ᠎ᠲᠤ ᠬᠠᠷᠠᠭ᠋ᠠᠯᠵᠠᠯ ᠦᠵᠡᠭᠦᠯᠬᠦ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠤᠨ᠂ ᠪᠦᠬᠦ ᠠᠢ᠌ᠮᠠᠭ᠎ᠤᠨ 60᠎ᠠᠴᠠ ᠲᠡᠭᠡᠭᠰᠢ ᠨᠠᠰᠤᠨ᠎ᠤ 21.7 ᠲᠦᠮᠡᠨ ᠨᠠᠰᠤᠲᠠᠨ᠎ᠳᠤ ᠰᠠᠨᠠᠭ᠋ᠠᠨ᠎ᠳᠤ ᠦᠭᠡᠢ ᠭᠡᠮᠳᠦᠯ᠎ᠤᠨ ᠲᠠᠭ᠋ᠠᠳᠬᠠᠯ ᠬᠢᠵᠦ ᠦᠭᠴᠠᠢ᠃ ᠬᠠᠷᠢ᠎ᠳᠤ ᠰᠠᠭᠤᠵᠦ ᠨᠠᠰᠤᠲᠠᠳ᠎ᠢ ᠠᠰᠠᠷᠠᠬᠤ ᠠ᠋ᠷᠡᠭᠦᠯᠵᠢᠯ᠎ᠤᠨ ᠠᠵᠦ ᠦᠢ᠍ᠯᠡᠰ᠎ᠢ ᠬᠦᠭᠵᠢᠬᠦᠯᠬᠦ ᠵᠢ ᠬᠠᠢ᠌ᠨ ᠰᠦᠪᠡᠭᠴᠢᠯᠡᠵᠦ᠂ ᠬᠢᠩᠭ᠋ᠠᠨ ᠠᠢ᠌ᠮᠠᠭ᠎ᠤᠨ ᠬᠠᠷᠢ᠎ᠳᠤ ᠰᠠᠭᠤᠵᠦ ᠨᠠᠰᠤᠲᠠᠳ᠎ᠢ ᠠᠰᠠᠷᠠᠬᠤ ᠠ᠋ᠷᠡᠭᠦᠯᠵᠢᠯ᠎ᠤᠨ ᠠᠵᠦ ᠦᠢ᠍ᠯᠡᠰ᠎ᠢ ᠬᠦᠭᠵᠢᠬᠦᠯᠬᠦ ᠲᠤᠬᠠᠢ ᠷᠠᠰᠢᠶᠠᠨ᠎ᠳᠠᠬᠢ ᠶᠠᠷᠢᠶᠠᠨ᠎ᠤ ᠲᠠᠪᠴᠠᠩ᠎ᠢ ᠠᠮᠵᠢᠯᠲᠠ᠎ᠲᠠᠢ ᠠ᠋ᠷᠬᠢᠯᠡᠪᠡ᠃ ᠠᠷᠪᠠᠳᠤᠭ᠋ᠠᠷ ᠬᠤᠭᠤᠴᠠᠭ᠋ᠠᠨ᠎ᠤ ᠭᠠᠴᠠᠭ᠎ᠠ ᠲᠤᠰᠬᠤᠨ᠎ᠤ (ᠰᠠᠭᠤᠭ᠋ᠠᠯᠢ) ᠠᠷᠠᠳ᠎ᠤᠨ ᠬᠤᠶᠠᠷ ᠵᠦᠪᠯᠡᠯ᠎ᠤᠨ ᠬᠤᠭᠤᠴᠠᠭ᠎ᠠ ᠰᠤᠯᠢᠬᠤ ᠰᠤᠩᠭᠤᠭᠤᠯᠢ ᠵᠢᠨ ᠠᠵᠢᠯ᠎ᠢ ᠪᠡᠶᠡᠯᠡᠭᠦᠯᠪᠡ᠃ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠢᠲᠡᠪᠬᠢᠲᠠᠢ ᠵᠤᠷᠢᠬ᠍ᠵᠢᠭᠤᠯᠤᠨ ᠬᠦᠭᠵᠢᠭᠦᠯᠵᠦ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠦᠷᠭᠦᠯᠵᠢᠯᠡᠨ ᠠᠬᠢᠭᠤᠯᠵᠦ᠂ 530 ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠨᠠᠮ᠎ᠤᠨ ᠪᠠᠢ᠌ᠭᠤᠯᠤᠯᠲᠠ ᠪᠠᠢ᠌ᠭᠤᠯᠵᠦ᠂ 850 ᠲᠡᠭᠰᠢ ᠳᠦᠷᠪᠡᠯᠵᠢᠨ ᠮᠸᠲᠷ ᠲᠠᠯᠠᠪᠠᠢ ᠪᠦᠬᠦᠢ ᠠᠢ᠌ᠮᠠᠭ᠎ᠤᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ ᠤᠯᠠᠨ ᠲᠦᠮᠡᠨ᠎ᠤ ᠠᠵᠢᠯᠯᠠᠭ᠎ᠠ ᠵᠢᠨ ᠲᠦᠪ ᠪᠠᠢ᠌ᠭᠤᠯᠵᠠᠢ᠃ ᠬᠤᠶᠠᠳᠤᠭ᠋ᠠᠷ ᠤᠳᠠᠭ᠎ᠠ ᠵᠢᠨ ᠭᠠᠵᠠᠷ᠎ᠤᠨ ᠨᠡᠷ᠎ᠡ ᠵᠢ ᠨᠡᠢ᠌ᠳᠡᠮ ᠪᠠᠢ᠌ᠴᠠᠭ᠋ᠠᠬᠤ ᠠᠵᠢᠯ᠎ᠢ ᠲᠦᠭᠦᠷᠡᠩ ᠠᠮᠵᠢᠯᠲᠠ᠎ᠲᠠᠢ ᠪᠡᠶᠡᠯᠡᠭᠦᠯᠪᠡ᠃ ᠨᠡᠢ᠌ᠭᠡᠮ᠎ᠤᠨ ᠬᠡᠷᠡᠭ ᠶᠠᠪᠤᠳᠠᠯ᠎ᠤᠨ ᠬᠠᠮᠢᠶᠠᠷᠤᠯᠲᠠ ᠦᠢ᠍ᠯᠡᠴᠢᠯᠡᠭᠡ ᠵᠢ ᠲᠠᠰᠤᠷᠠᠯᠲᠠ ᠦᠭᠡᠢ ᠲᠡᠭᠡᠭᠰᠢᠯᠡᠭᠦᠯᠵᠦ᠂ ᠠᠷᠠᠳ᠎ᠲᠤ ᠠᠰᠢᠭ ᠬᠦᠷᠲᠡᠭᠡᠬᠦ ᠤᠷᠤᠰᠢᠭᠤᠯᠭ᠎ᠠ ᠵᠢᠨ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠪᠠ᠃ ᠲᠡᠨᠦᠵᠦ ᠭᠤᠢ᠌ᠷᠠᠨᠴᠢᠯᠠᠬᠤ ᠬᠦᠮᠦᠰ᠎ᠢ ᠲᠤᠰᠠᠯᠠᠬᠤ ᠠᠵᠢᠯ ᠵᠶ᠋ᠠᠨ ᠴᠢᠩᠭ᠋ᠠᠳᠬᠠᠵᠦ᠂ 《ᠬᠠᠬᠢᠷ ᠬᠦᠢ᠍ᠲᠡᠨ᠎ᠳᠤ ᠬᠠᠢ᠌ᠷ᠎ᠠ ᠬᠠᠯᠠᠮᠵᠢ ᠬᠦᠷᠲᠡᠭᠡᠬᠦ》 ᠳᠤᠰᠠᠯᠠᠮᠵᠢ ᠵᠢᠨ ᠲᠤᠰᠬᠠᠢ ᠠᠵᠢᠯᠯᠠᠭ᠎ᠠ ᠦᠷᠨᠢᠭᠦᠯᠵᠦ᠂ ᠪᠦᠬᠦ ᠵᠢᠯ᠎ᠳᠤ ᠲᠡᠨᠦᠵᠦ ᠭᠤᠢ᠌ᠷᠠᠨᠴᠢᠯᠠᠬᠤ ᠬᠦᠮᠦᠰ᠎ᠢ ᠨᠡᠢ᠌ᠲᠡ 1034 ᠬᠦᠮᠦᠨ ᠤᠳᠠᠭ᠎ᠠ ᠲᠤᠰᠠᠯᠠᠬᠰᠠᠨ ᠪᠠᠢ᠌ᠨ᠎ᠠ᠃