ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠯᠤᠨ ᠪᠣᠢ᠌ᠷ ᠬᠣᠲᠠ 2019 ᠣᠨ᠎ᠤ ᠪᠦᠬᠦ ᠬᠣᠲᠠ ᠵᠢᠨ ᠠᠷᠠᠳ᠎ᠤᠨ ᠶᠠᠪᠤᠳᠠᠯ᠎ᠤᠨ ᠠᠵᠢᠯ ᠵᠢᠴᠢ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄ 2019-03-22

           

     3 ᠳ᠋ᠤᠭ᠋ᠠᠷ ᠰᠠᠷ᠎ᠠ ᠵᠢᠨ 12᠎ᠤᠨ ᠠ᠋ᠳᠤᠷ᠂ ᠬᠦᠯᠤᠨ ᠪᠣᠢ᠌ᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ 2019 ᠣᠨ᠎ᠤ ᠪᠦᠬᠦ ᠬᠣᠲᠠ ᠵᠢᠨ ᠠᠷᠠᠳ᠎ᠤᠨ ᠶᠠᠪᠤᠳᠠᠯ᠎ᠤᠨ ᠠᠵᠢᠯ ᠵᠢᠴᠢ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ᠎ᠢ ᠬᠤᠷᠠᠯᠳᠤᠵᠤ᠂ 2018 ᠣᠨ᠎ᠤ ᠪᠦᠬᠦ ᠬᠣᠲᠠ ᠵᠢᠨ ᠠᠷᠠᠳ᠎ᠤᠨ ᠶᠠᠪᠤᠳᠠᠯ᠎ᠤᠨ ᠠᠵᠢᠯ ᠵᠶ᠋ᠠᠨ ᠳ᠋ᠦᠩᠨᠡᠵᠤ᠂ 2019 ᠣᠨ᠎ᠤ ᠠᠵᠢᠯ᠎ᠤᠨ ᠠ᠋ᠭᠦᠷᠭᠡ᠎ᠪᠠᠨ ᠰᠤᠳᠤᠯᠤᠨ ᠪᠠᠢ᠌ᠷᠢᠯᠠᠭᠤᠯᠤᠭᠰᠠᠨ ᠪᠠᠢ᠌ᠨ᠎ᠠ᠃
      ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠳᠣᠪᠴᠢᠶᠠᠨ᠎ᠤ ᠳᠠᠷᠤᠭ᠎ᠠ ᠹᠠᠨ ᠶᠤᠸᠠᠢ᠎ᠠᠴᠠ 《ᠰᠢᠨ᠎ᠡ ᠠ᠋ᠬᠢᠯᠡᠯᠲᠡ ᠲᠡᠭᠡᠷ᠎ᠡ᠎ᠪᠠᠨ ᠵᠣᠭᠰᠣᠵᠤ᠂ ᠰᠢᠨ᠎ᠡ ᠱᠠᠭ᠋ᠠᠷᠳᠠᠯᠭ᠎ᠠ᠎ᠪᠠᠨ ᠡᠵᠡᠮᠳᠡᠵᠤ᠂ ᠰᠢᠨ᠎ᠡ ᠴᠠᠭ ᠦᠶ᠎ᠡ ᠵᠢᠨ ᠪᠦᠬᠦ ᠬᠣᠲᠠ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠰᠢᠨ᠎ᠡ ᠪᠠᠢ᠌ᠳᠠᠯ᠎ᠢ ᠴᠢᠷᠮᠠᠢ᠌ᠨ ᠠ᠋ᠭᠦᠳᠤᠶ᠎ᠠ》 ᠬᠡᠬᠦ ᠰᠡᠳᠤᠪ ᠵᠶ᠋ᠠᠷ ᠠᠵᠢᠯ᠎ᠤᠨ ᠮᠡᠳᠡᠭᠦᠯᠤᠯᠲᠡ ᠬᠢᠪᠠ᠃ ᠬᠣᠲᠠ᠎ᠳᠤ ᠰᠠᠭᠤᠭ᠎ᠠ ᠶᠠᠳᠠᠭᠤ ᠵᠢ ᠳᠡᠳᠬᠦᠬᠦ ᠠᠯᠪᠠᠨ ᠭᠡᠷ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ (ᠠᠷᠠᠳ᠎ᠤᠨ ᠶᠠᠪᠤᠳᠠᠯ᠂ ᠵᠡᠮᠲᠡᠭᠴᠤᠳ᠎ᠤᠨ ᠬᠣᠯᠪᠣᠭ᠋ᠠᠨ᠎ᠤ ᠠᠵᠢᠯ᠎ᠢ ᠶᠡᠷᠤᠩᠬᠡᠢ᠌ᠯᠡᠨ ᠬᠢᠨᠠᠬᠤ) ᠸᠠᠩ ᠴᠦᠩ ᠸᠧᠢ᠎ᠠᠴᠠ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠳᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠴᠠᠢ᠃ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠡᠢ᠌ᠬᠡᠮ᠎ᠤᠨ ᠳᠤᠰᠠᠯᠠᠮᠵᠢ ᠵᠢᠨ ᠲᠦᠪ᠎ᠤᠨ ᠸᠠᠩ ᠶᠢᠩ᠎ᠠᠴᠠ ᠲᠦᠪ᠎ᠤᠨ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠢ ᠳᠤᠰᠬᠠᠢ ᠲᠣᠭᠣᠷᠢᠨ ᠪᠠᠢ᠌ᠴᠠᠭ᠋ᠠᠭ᠋ᠠᠳ ᠬᠠᠷᠢᠭᠤ ᠳᠤᠰᠬᠠᠭᠰᠠᠨ ᠰᠠᠨᠠᠯ᠎ᠤᠨ ᠴᠡᠭᠴᠡᠯᠡᠨ ᠵᠠᠰᠠᠬᠤ ᠠᠵᠢᠯ ᠵᠶ᠋ᠠᠨ ᠵᠣᠬᠢᠰᠲᠠᠢ ᠪᠠᠢ᠌ᠷᠢᠯᠠᠭᠤᠯᠪᠠ᠃
      ᠬᠤᠷᠠᠯ ᠳᠡᠭᠡᠷ᠎ᠡ᠂ ᠨᠢᠭᠡ ᠪᠦᠯᠣᠭ᠌ ᠬᠤᠰᠢᠭᠤ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠳᠣᠪᠴᠢᠶ᠎ᠠ᠎ᠠᠴᠠ ᠳᠤᠷᠰᠢᠯᠭ᠎ᠠ ᠰᠣᠯᠢᠯᠴᠠᠬᠤ ᠶᠠᠷᠢᠶ᠎ᠠ ᠲᠠᠯᠪᠢᠵᠤ᠂ ᠡᠯ᠎ᠡ ᠰᠠᠯᠠᠭ᠎ᠠ ᠠᠯᠪᠠᠨ ᠭᠡᠷ᠎ᠤᠨ ᠬᠠᠷᠢᠭᠤᠴᠠᠯᠭ᠋ᠠᠲᠠᠨ 2019 ᠣᠨ᠎ᠤ ᠠᠷᠠᠳ᠎ᠤᠨ ᠶᠠᠪᠤᠳᠠᠯ᠎ᠤᠨ ᠭᠣᠣᠯ ᠠᠵᠢᠯ ᠵᠶ᠋ᠠᠨ ᠳᠣᠬᠢᠷᠠᠭᠤᠯᠤᠨ ᠪᠠᠢ᠌ᠷᠢᠯᠠᠭᠤᠯᠵᠠᠢ᠃
      ᠡᠯ᠎ᠡ ᠬᠤᠰᠢᠭᠤ ᠬᠣᠲᠠ ᠲᠣᠭᠣᠷᠢᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠳᠠᠷᠣᠭ᠎ᠠ᠂ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠢ ᠬᠤᠪᠢᠶᠠᠷᠢᠯᠠᠨ ᠬᠠᠷᠢᠭᠤᠴᠠᠵᠤ ᠪᠠᠢ᠌ᠭ᠎ᠠ ᠳᠡᠳ᠋ ᠳᠣᠪᠴᠢᠶᠠᠨ᠎ᠤ ᠳᠠᠷᠤᠭ᠎ᠠ᠂ ᠠᠯᠪᠠᠨ ᠭᠡᠷ᠎ᠤᠨ ᠠ᠋ᠷᠬᠢᠯᠡᠭᠴᠢ᠂ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠤᠭᠦᠨ᠂ ᠳᠣᠪᠴᠢᠶᠠᠨ᠎ᠤ ᠬᠠᠷᠢᠶᠠᠲᠤ ᠡᠯ᠎ᠡ ᠨᠢᠭᠡᠴᠢ ᠵᠢᠨ ᠬᠠᠷᠢᠭᠤᠴᠠᠯᠭ᠋ᠠᠲᠠᠨ ᠪᠣᠯᠣᠨ ᠪᠦᠬᠦ ᠪᠠᠢ᠌ᠭᠤᠯᠭ᠎ᠠ ᠵᠢᠨ ᠺᠠᠳ᠋ᠷ ᠠᠵᠢᠯᠳᠠᠨ ᠬᠤᠷᠠᠯ᠎ᠳᠤ ᠣᠷᠣᠯᠴᠠᠪᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ 2019 ᠣᠨ᠎ᠤ ᠬᠠᠪᠤᠷ᠎ᠤᠨ ᠤᠯᠠᠷᠢᠯ᠎ᠤᠨ ᠭᠠᠯ᠎ᠢ ᠤᠨᠲᠠᠷᠠᠭ᠋ᠠᠵᠤ ᠠᠶᠤᠯ᠎ᠢ ᠰᠡᠷᠭᠡᠢ᠌ᠯᠡᠬᠦ ᠠᠵᠢᠯ᠎ᠤᠨ ᠬᠤᠷᠠᠯ ᠬᠤᠷᠠᠯᠳᠤᠪᠠ
ᠦᠪᠡᠷᠲᠡᠭᠡᠨ ᠵᠠᠰᠠᠬᠤ ᠣᠷᠣᠨ᠎ᠤ ᠳᠦᠷᠢᠮᠵᠢᠵᠤ ᠵᠢᠷᠤᠮᠵᠢᠭ᠋ᠠᠳᠤᠢ ᠭᠠᠵᠠᠷ᠎ᠤᠨ ᠨᠡᠷ᠎ᠡ ᠵᠢ ᠴᠡᠪᠡᠷᠯᠡᠨ ᠴᠡᠭᠴᠡᠯᠡᠬᠦ ᠠᠵᠢᠯ᠎ᠢ ᠪᠠᠢ᠌ᠷᠢᠯᠠᠭᠤᠯᠬᠤ ᠸᠢᠳᠢᠤ᠋ ᠬᠤᠷᠠᠯ ᠬᠦᠬᠡᠬᠣᠲᠠ᠎ᠳᠤ ᠬᠤᠷᠠᠯᠳᠤᠪᠠ
ᠪᠤᠭᠤᠲᠤ ᠬᠣᠲᠠ ᠵᠢᠨ ᠠᠷᠠᠳ ᠎ᠤᠨ ᠶᠠᠪᠤᠳᠠᠯ ᠎ᠤᠨ ᠳᠣᠪᠴᠢᠶ᠎ᠠ 2019 ᠣᠨ ᠎ᠤ ᠠᠷᠠᠳ ᠎ᠤᠨ ᠶᠠᠪᠤᠳᠠᠯ ᠎ᠤᠨ ᠠᠵᠢᠯ ᠵᠢᠴᠢ ᠨᠠᠮ ᠎ᠤᠨ ᠰᠤᠷᠲᠠᠯ ᠴᠢᠭᠡᠴᠢ ᠵᠠᠰᠠᠭ ᠎ᠤᠨ ᠪᠠᠢ᠌ᠭᠤᠯᠤᠯᠲᠠ ᠵᠢᠨ ᠠᠵᠢᠯ ᠎ᠤᠨ ᠬᠤᠷᠠᠯ ᠬᠤᠷᠠᠯᠳᠤᠪᠠ
ᠠ᠋ᠷᠢᠶᠡᠨ ᠬᠣᠲᠠ ᠵᠢᠨ ᠠᠷᠠᠳ᠎ᠤᠨ ᠶᠠᠪᠤᠳᠠᠯ ᠨᠡᠢ᠌ᠬᠡᠮ᠎ᠤᠨ ᠪᠠᠲᠤᠯᠠᠭ᠎ᠠ ᠵᠢᠨ ᠳᠣᠪᠴᠢᠶ᠎ᠠ ᠬᠣᠯᠪᠤᠭᠳᠠᠯ ᠪᠦᠬᠦᠢ ᠨᠢᠭᠡᠴᠢ᠎ᠲᠠᠢ ᠬᠠᠮᠲᠤ᠎ᠪᠠᠷ ᠭᠣᠣᠯ ᠰᠡᠳᠣᠪᠲᠤ ᠨᠠᠮ᠎ᠤᠨ ᠠ᠋ᠳᠤᠷ᠎ᠤᠨ ᠠᠵᠢᠯᠯᠠᠭ᠋ᠠᠨ᠎ᠢ ᠦᠷᠨᠢᠭᠦᠯᠵᠠᠢ
ᠠᠯᠠᠱ᠌ᠠ ᠠᠢ᠌ᠮᠠᠭ 2019 ᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
 
            