3 ᠳ᠋ᠤᠭ᠋ᠠᠷ ᠰᠠᠷ᠎ᠠ ᠵᠢᠨ 12᠎ᠤᠨ ᠠ᠋ᠳᠦᠷ ᠲᠦᠩᠯᠢᠶᠤᠤ ᠬᠤᠲᠠ 2019 ᠤᠨ᠎ᠤ ᠪᠦᠬᠦ ᠬᠤᠲᠠ ᠵᠢᠨ ᠠᠷᠠᠳ᠎ᠤᠨ ᠶᠠᠪᠤᠳᠠᠯ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠦ᠂ 2018 ᠤᠨ᠎ᠤ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠠᠵᠢᠯ ᠵᠢᠡᠨ ᠳ᠋ᠦᠩᠨᠡᠵᠦ᠂ 2019 ᠤᠨ᠎ᠤ ᠠᠵᠢᠯ ᠵᠢᠡᠨ ᠪᠠᠢ᠌ᠷᠢᠯᠠᠭᠤᠯᠵᠠᠢ᠃
ᠬᠤᠷᠠᠯ᠎ᠠᠴᠠ 2018 ᠤᠨ᠎ᠳᠤ᠂ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠤᠯᠤᠨ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠤᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠤᠱᠯᠠᠭᠤᠯᠵᠦ᠂ 《ᠳᠦᠷᠪᠡᠨ ᠤᠬᠠᠮᠰᠠᠷ》᠎ᠢ ᠪᠠᠲᠦ ᠪᠤᠢ ᠪᠤᠯᠭ᠋ᠠᠵᠦ᠂ 《ᠬᠤᠶᠠᠷ᠎ᠢ ᠬᠠᠮᠠᠭ᠋ᠠᠯᠠᠬᠤ》 ᠵᠢ ᠨᠠᠢ᠌ᠲᠠᠪᠤᠷᠢᠵᠠᠭᠤᠯᠤᠨ᠂ ᠠᠷᠠᠳ ᠲᠦᠮᠡᠨ ᠵᠢᠡᠷ ᠭᠤᠤᠯ ᠪᠤᠯᠭ᠋ᠠᠬᠤ ᠬᠦᠭᠵᠢᠯᠲᠡ ᠵᠢᠨ ᠦᠵᠡᠯ ᠰᠠᠨᠠᠭ᠎ᠠ ᠵᠢ ᠢᠮᠠᠬᠲᠠ ᠪᠠᠷᠢᠮᠲᠠᠯᠠᠨ᠂ ᠭᠤᠤᠯᠳᠠᠯᠭ᠎ᠠ ᠵᠢ ᠲᠤᠪᠤᠢ᠌ᠯᠭ᠋ᠠᠵᠦ᠂ ᠲᠤᠲᠠᠭᠤᠳᠠᠯ ᠵᠶ᠋ᠠᠨ ᠨᠥᠬᠦᠪᠤᠷᠢᠯᠡᠵᠦ᠂ ᠪᠠᠭᠤᠷᠠᠢ᠎ᠪᠠᠨ ᠴᠢᠩᠭ᠋ᠠᠷᠠᠭᠤᠯᠵᠦ᠂ ᠡᠯ᠎ᠡ ᠵᠦᠢ᠍ᠯ᠎ᠤᠨ ᠠᠵᠢᠯ᠎ᠳᠠᠭᠠᠨ ᠢᠯᠡᠷᠬᠡᠢ ᠠᠮᠵᠢᠯᠲᠠ ᠪᠦᠲᠦᠮᠵᠢ ᠤᠯᠪᠠ᠃ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯ᠎ᠲᠠᠢ 12853 ᠬᠦᠮᠦᠨ᠎ᠢ ᠲᠤᠰᠪᠤᠷᠢ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠂ ᠤᠨᠴᠠ ᠬᠦᠴᠢᠷᠳᠡᠯ᠎ᠲᠠᠢ ᠬᠦᠮᠦᠰ᠎ᠤᠨ ᠪᠠᠲᠤᠯᠠᠭ᠎ᠠ ᠵᠢᠨ ᠬᠡᠪᠴᠢᠶᠡᠨ᠎ᠳᠤ ᠤᠷᠤᠭᠤᠯᠪᠠ᠂ ᠠ᠋ᠨᠡ᠎ᠨᠢ ᠪᠦᠬᠦ ᠬᠤᠲᠠ ᠵᠢᠨ ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠬᠦᠮᠦᠨ ᠠᠮᠠ ᠵᠢᠨ 46.2%᠎ᠢ ᠡᠵᠡᠯᠡᠭᠰᠡᠨ ᠪᠠᠢ᠌ᠨ᠎ᠠ᠃ ᠬᠦᠴᠢᠷᠳᠡᠯ᠎ᠲᠠᠢ ᠬᠦᠮᠦᠰ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠠᠵᠦ ᠠᠬᠤᠢ ᠨᠡᠢ᠌ᠭᠡᠮ᠎ᠤᠨ ᠬᠦᠭᠵᠢᠯᠲᠡ᠎ᠲᠠᠢ ᠵᠡᠷᠭᠡ᠎ᠪᠡᠷ ᠲᠡᠭᠡᠭᠰᠢᠯᠡᠭᠦᠯᠵᠦ᠂ ᠬᠤᠲᠠ ᠬᠦᠳᠡᠭᠡ ᠵᠢᠨ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ᠎ᠲᠠᠢ 18.6 ᠲᠦᠮᠡᠨ ᠬᠦᠮᠦᠨ᠂ ᠡᠪᠡᠳᠴᠢᠨ᠎ᠳᠤ ᠨᠡᠷᠪᠡᠭᠳᠡᠭᠰᠡᠨ ᠬᠦᠴᠢᠷᠳᠡᠯ᠎ᠲᠠᠢ 21.5 ᠲᠦᠮᠡᠨ ᠬᠦᠮᠦᠨ᠂ ᠲᠦᠷ ᠴᠠᠭ᠎ᠤᠨ ᠳᠤᠰᠠᠯᠠᠮᠵᠢ ᠵᠢᠨ 1.9 ᠲᠦᠮᠡᠨ ᠭᠠᠮᠰᠢᠭᠳᠠᠭᠰᠠᠨ ᠬᠦᠮᠦᠨ ᠪᠤᠯᠤᠨ 45.5 ᠲᠦᠮᠡᠨ ᠬᠦᠮᠦᠨ᠎ᠤ ᠦᠨᠳᠦᠰᠦᠨ ᠠᠮᠢᠳᠤᠷᠠᠯ᠎ᠢ ᠪᠦᠲᠦᠮᠵᠢᠲᠠᠢ᠎ᠪᠠᠷ ᠪᠠᠲᠤᠯᠠᠭ᠎ᠠ᠎ᠲᠠᠢ ᠪᠤᠯᠭ᠋ᠠᠪᠠ᠃ ᠨᠠᠰᠤᠲᠠᠳ᠎ᠢ ᠠᠰᠠᠷᠠᠬᠤ ᠦᠢ᠍ᠯᠡᠴᠢᠯᠡᠭᠡ ᠵᠢᠨ ᠦᠢ᠍ᠯᠡᠰ᠎ᠢ ᠲᠦᠷᠭᠡᠨ ᠬᠦᠭᠵᠢᠭᠦᠯᠵᠦ᠂ 《ᠲᠠᠶᠢᠭ ᠰᠦᠯᠵᠢᠶ᠎ᠡ》 ᠵᠢᠨ ᠨᠠᠰᠤᠲᠠᠢ᠌ᠴᠤᠳ᠎ᠢ ᠭᠡᠷ᠎ᠲᠤ᠎ᠨᠢ ᠰᠠᠭᠤᠯᠭ᠋ᠠᠨ ᠠᠰᠠᠷᠠᠬᠤ ᠦᠢ᠍ᠯᠡᠴᠢᠯᠡᠭᠡ ᠵᠢᠨ ᠲᠠᠪᠴᠠᠩ᠎ᠢ ᠤᠷᠤᠭᠤᠯᠤᠨ ᠠᠪᠴᠢᠷᠠᠵᠦ᠂ ᠨᠠᠰᠤᠲᠠᠳ᠎ᠢ ᠠᠰᠠᠷᠠᠬᠤ ᠡᠯ᠎ᠡ ᠲᠦᠷᠦᠯ᠎ᠤᠨ ᠪᠠᠢ᠌ᠭᠤᠯᠤᠮᠵᠢ 59 ᠵᠢ ᠪᠠᠢ᠌ᠭᠤᠯᠵᠦ᠂ ᠮᠢᠩᠭ᠋ᠠᠨ ᠨᠠᠰᠤᠲᠠᠨ ᠨᠢᠭᠡᠪᠤᠷᠢ᠎ᠳᠤ 54 ᠤᠷᠤ᠎ᠲᠠᠢ ᠪᠤᠯᠭ᠋ᠠᠪᠠ᠃ ᠨᠠᠰᠤᠲᠠᠢ᠌ᠴᠤᠳ᠎ᠤᠨ ᠰᠠᠨᠠᠭ᠋ᠠᠨ᠎ᠠᠴᠠ ᠭᠠᠳᠠᠭᠤᠷ ᠬᠡᠮᠳᠦᠯ᠎ᠤᠨ ᠲᠠᠭ᠋ᠠᠳᠬᠠᠯ᠎ᠢ ᠠᠬᠢᠭᠤᠯᠵᠦ᠂ ᠦᠨᠳᠦᠷ ᠨᠠᠰᠤᠨ᠎ᠤ ᠨᠦᠬᠦᠪᠤᠷᠢ ᠮᠦᠩᠭᠦ 5250 ᠲᠦᠮᠡᠨ ᠲᠦᠭᠦᠷᠢᠭ ᠲᠦᠭᠡᠭᠡᠪᠡ᠃ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢ ᠠ᠋ᠮᠬᠢ ᠵᠢᠷᠤᠮ᠎ᠲᠠᠢ ᠬᠢᠵᠦ᠂ ᠠᠷᠪᠠᠳᠤᠭ᠋ᠠᠷ ᠬᠤᠭᠤᠴᠠᠭ᠋ᠠᠨ᠎ᠤ ᠭᠠᠴᠠᠭ᠎ᠠ ᠲᠤᠰᠬᠤᠨ (ᠨᠡᠢ᠌ᠭᠡᠮ ᠲᠤᠭᠤᠷᠢᠭ)᠎ᠤ (ᠰᠠᠭᠤᠭ᠋ᠠᠯᠢ) ᠠᠷᠠᠳ᠎ᠤᠨ ᠵᠦᠪᠯᠡᠯᠤ ᠬᠤᠭᠤᠴᠠᠭ᠎ᠠ ᠰᠤᠯᠢᠬᠤ ᠰᠤᠩᠭᠤᠭᠤᠯᠢ ᠵᠢ ᠪᠡᠶᠡᠯᠡᠭᠦᠯᠵᠦ᠂ ᠨᠢᠭᠡ ᠤᠳᠠᠭ᠎ᠠ ᠵᠢᠨ ᠰᠤᠩᠭᠤᠭᠤᠯᠢ ᠵᠢᠨ ᠪᠦᠲᠦᠭᠰᠡᠨ ᠨᠤᠷᠮ᠎ᠠ 100%᠎ᠳᠤ ᠬᠦᠷᠴᠤ᠂ ᠱᠦᠵᠢ᠂ ᠠ᠋ᠷᠬᠢᠯᠡᠭᠴᠢ ᠵᠢᠨ ᠲᠤᠰᠢᠶᠠᠯ᠎ᠢ ᠨᠢᠭᠡ ᠬᠦᠮᠦᠨ ᠠ᠋ᠭᠦᠷᠭᠡᠯᠡᠭᠰᠡᠨ ᠬᠠᠷᠢᠴᠠᠯ 40.23%᠎ᠳᠤ ᠬᠦᠷᠦᠭᠰᠡᠨ ᠪᠠᠢ᠌ᠨ᠎ᠠ᠃ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠢᠲᠡᠪᠬᠢᠲᠠᠢ ᠬᠦᠲᠦᠯᠦᠨ ᠵᠢᠯᠤᠭᠤᠳᠴᠤ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠪᠤᠭᠤᠮᠲᠠ ᠰᠢᠪᠲᠤᠯᠤᠯᠲᠠ᠎ᠳᠤ ᠤᠷᠤᠯᠴᠠᠭᠤᠯᠵᠦ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠤᠨᠤᠴᠢᠲᠠᠢ᠎ᠪᠠᠷ ᠶᠠᠳᠠᠭᠤ ᠵᠢ ᠲᠡᠳᠭᠦᠬᠦ ᠠᠵᠢᠯ᠎ᠤᠨ ᠦᠢ᠍ᠯᠡᠴᠢᠯᠡᠭᠡᠨ᠎ᠤ ᠥᠷᠲᠡᠭᠡ 10 ᠵᠢ ᠪᠠᠢ᠌ᠭᠤᠯᠵᠦ᠂ ᠶᠠᠳᠠᠭᠤ ᠬᠦᠴᠢᠷᠳᠡᠯ᠎ᠲᠠᠢ 100 ᠭᠠᠷᠤᠢ ᠠ᠋ᠷᠦᠬᠡ ᠵᠢ ᠲᠠᠢ᠌ᠴᠢᠯᠠᠨ ᠶᠠᠳᠠᠭᠤ᠎ᠠᠴᠠ ᠠᠩᠭᠢᠵᠢᠷᠠᠭᠤᠯᠪᠠ᠃ ᠨᠡᠢ᠌ᠭᠡᠮ᠎ᠤᠨ ᠬᠡᠷᠡᠭ ᠶᠠᠪᠤᠳᠠᠯ᠎ᠤᠨ ᠬᠠᠮᠢᠶᠠᠷᠤᠯᠲᠠ ᠪᠤᠯᠤᠨ ᠤᠯᠠᠨ ᠨᠡᠢ᠌ᠲᠡ ᠵᠢᠨ ᠦᠢ᠍ᠯᠡᠴᠢᠯᠡᠭᠡ ᠵᠢᠨ ᠲᠦᠪᠰᠢᠨ᠎ᠢ ᠯᠠᠪᠳᠠᠭᠤᠨ ᠵᠢᠡᠷ ᠲᠡᠭᠡᠭᠰᠢᠯᠡᠭᠦᠯᠵᠦ᠂ ᠪᠦᠬᠦ ᠬᠤᠲᠠ ᠵᠢᠨ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠲᠠ ᠤᠯᠤᠰ᠎ᠤᠨ ᠰᠢᠯᠭ᠋ᠠᠯᠲᠠ᠎ᠳᠤ ᠬᠢᠷᠢ᠎ᠳᠤ ᠲᠠᠩᠴᠡᠵᠦ᠂ ᠤᠷᠤᠰᠢᠭᠤᠯᠭ᠎ᠠ ᠵᠢᠨ ᠦᠭᠡᠷᠡᠴᠢᠯᠡᠯᠲᠡ ᠰᠢᠪᠲᠤᠯᠤᠯᠲᠠ᠎ᠲᠠᠢ ᠪᠤᠯᠵᠦ᠂ ᠪᠦᠬᠦ ᠬᠤᠲᠠ ᠵᠢᠨ ᠭᠠᠯ ᠵᠢᠡᠷ ᠲᠡᠭᠳᠡᠭᠡᠬᠦ ᠨᠤᠷᠮ᠎ᠠ 88.4%᠎ᠳᠤ ᠬᠦᠷᠴᠠᠢ᠃ ᠬᠤᠶᠠᠷ᠎ᠢ ᠬᠦᠷᠢᠶᠡᠯᠡᠬᠦ ᠤᠨᠴᠠ ᠬᠠᠷᠠᠭ᠋ᠠᠯᠵᠠᠯ ᠦᠵᠡᠭᠦᠯᠬᠦ ᠪᠠ ᠲᠦᠪᠬᠢᠨᠡᠭᠦᠯᠬᠦ ᠠᠵᠢᠯ ᠯᠠᠪᠳᠠᠭᠤᠨ ᠵᠢᠡᠷ ᠠᠬᠢᠵᠦ᠂ ᠤᠨᠴᠠ ᠬᠠᠷᠠᠭ᠋ᠠᠯᠵᠠᠯ ᠦᠵᠡᠭᠦᠯᠦᠭᠰᠡᠨ ᠲᠤᠭ᠎ᠠ ᠵᠢ ᠨᠠᠷᠢᠨ ᠬᠠᠮᠢᠶᠠᠷᠬᠤ ᠪᠤᠯᠵᠦ᠂ ᠴᠡᠷᠢᠭ᠎ᠠᠴᠠ ᠬᠠᠯᠠᠭᠳᠠᠭᠰᠠᠳ᠎ᠢ ᠬᠦᠯᠢᠶᠡᠨ ᠠᠪᠴᠤ ᠲᠦᠪᠬᠢᠨᠡᠭᠦᠯᠬᠦ ᠠ᠋ᠭᠦᠷᠭᠡ ᠵᠢ ᠪᠦᠬᠦ ᠲᠠᠯ᠎ᠠ᠎ᠪᠠᠷ ᠪᠡᠶᠡᠯᠡᠭᠦᠯᠪᠡ ᠭᠡᠵᠦ ᠵᠢᠭ᠋ᠠᠵᠦ ᠭᠠᠷᠭ᠋ᠠᠵᠠᠢ᠃
ᠬᠤᠷᠠᠯ᠎ᠠᠴᠠ ᠤᠯᠤᠰ ᠲᠦᠷᠦ ᠵᠢᠨ ᠵᠤᠭᠰᠤᠴᠠ᠎ᠪᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠠ᠋ᠭᠦᠷᠭᠡᠯᠡᠬᠦ ᠤᠬᠠᠮᠰᠠᠷ ᠵᠢᠡᠨ ᠴᠢᠩᠭ᠋ᠠᠷᠠᠭᠤᠯᠵᠦ᠂ ᠴᠡᠭᠴᠡᠯᠡᠨ ᠵᠠᠰᠠᠬᠤ ᠠ᠋ᠭᠦᠷᠭᠡ ᠵᠢ ᠲᠤᠲᠤᠷᠬᠠᠢ ᠲᠤᠭᠲᠠᠭ᠋ᠠᠬᠤ᠂ ᠠᠵᠢᠯ᠎ᠤᠨ ᠭᠤᠤᠯᠳᠠᠯᠭ᠎ᠠ ᠵᠢ ᠴᠢᠩᠭ᠎ᠠ ᠠᠳᠬᠤᠬᠤ᠂ ᠤᠨᠤᠴᠢᠲᠠᠢ ᠪᠠᠢ᠌ᠯᠭ᠋ᠠᠠᠬᠤ ᠤᠬᠠᠮᠰᠠᠷ᠎ᠢ ᠲᠤᠪᠤᠢ᠌ᠯᠭ᠋ᠠᠬᠤ᠂ ᠴᠡᠭᠴᠡᠯᠡᠨ ᠵᠠᠰᠠᠬᠤ ᠵᠢ ᠠ᠋ᠷᠴᠢᠮᠵᠢᠭᠦᠯᠦᠨ ᠨᠢᠭᠡᠳᠦᠯᠲᠠᠢ ᠲᠦᠯᠦᠪᠯᠡᠨ ᠠᠬᠢᠭᠤᠯᠬᠤ ᠵᠡᠷᠭᠡ ᠲᠠᠪᠤᠨ ᠲᠠᠯ᠎ᠠ᠎ᠠᠴᠠ ᠲᠦᠪ᠎ᠤᠨ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠪᠤᠭᠤᠮᠲᠠ ᠰᠢᠪᠲᠤᠯᠤᠯᠲᠠ ᠵᠢ ᠲᠤᠰᠬᠠᠢ ᠲᠤᠭᠤᠷᠢᠨ ᠪᠠᠢ᠌ᠴᠠᠭ᠋ᠠᠭ᠋ᠠᠳ ᠬᠠᠷᠢᠭᠤ ᠲᠤᠰᠬᠠᠬᠰᠠᠨ ᠰᠠᠨᠠᠯ᠎ᠢ ᠨᠠᠢ᠌ᠳᠠᠪᠤᠷᠢᠵᠢᠭᠤᠯᠤᠨ ᠴᠡᠭᠴᠡᠯᠡᠨ ᠵᠠᠰᠠᠬᠤ ᠠᠵᠢᠯ᠎ᠢ ᠰᠠᠢ᠌ᠲᠤᠷ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠪᠤᠭᠤᠮᠲᠠ ᠰᠢᠪᠲᠤᠯᠤᠯᠲᠠ ᠵᠢ ᠪᠦᠷᠢᠨ ᠪᠠᠲᠤᠯᠠᠬᠤ ᠠ᠋ᠭᠦᠷᠭᠡ ᠵᠢ ᠪᠦᠬᠦ ᠬᠦᠴᠦ᠎ᠪᠠᠷ ᠵᠢᠡᠨ ᠪᠡᠶᠡᠯᠡᠭᠦᠯᠬᠦ ᠬᠡᠷᠡᠭᠲᠠᠢ ᠭᠡᠵᠦ ᠱᠠᠭ᠋ᠠᠷᠳᠠᠵᠠᠢ᠃
ᠬᠤᠷᠠᠯ ᠳᠡᠭᠡᠷ᠎ᠡ 2018 ᠤᠨ᠎ᠤ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠰᠠᠬᠢᠯᠭ᠎ᠠ ᠪᠠᠲᠦ ᠪᠠᠢ᠌ᠴᠠᠭ᠋ᠠᠬᠤ ᠬᠢᠨᠠᠯᠲᠠ ᠲᠠᠯᠪᠢᠬᠤ ᠬᠢᠨᠠᠨ ᠪᠠᠢ᠌ᠴᠠᠭ᠋ᠠᠬᠤ ᠠᠵᠢᠯ᠎ᠢ ᠳ᠋ᠦᠩᠨᠡᠵᠦ᠂ 2019 ᠤᠨ᠎ᠤ ᠠᠷᠠᠳ᠎ᠤᠨ ᠶᠠᠪᠤᠳᠠᠯ᠎ᠤᠨ ᠰᠠᠬᠢᠯᠭ᠎ᠠ ᠪᠠᠲᠦ ᠪᠠᠢ᠌ᠴᠠᠭ᠋ᠠᠬᠤ ᠬᠢᠨᠠᠯᠲᠠ ᠲᠠᠯᠪᠢᠬᠤ ᠬᠢᠨᠠᠨ ᠪᠠᠢ᠌ᠴᠠᠭ᠋ᠠᠬᠤ ᠠᠵᠢᠯ᠎ᠤᠨ ᠠ᠋ᠭᠦᠷᠭᠡ ᠵᠢ ᠪᠠᠢ᠌ᠷᠢᠯᠠᠭᠤᠯᠪᠠ᠃
ᠬᠤᠷᠠᠯ ᠳᠡᠭᠡᠷ᠎ᠡ ᠪᠠᠰᠠ ᠡᠯ᠎ᠡ ᠬᠤᠰᠢᠭᠤ ᠰᠢᠶᠠᠨ ᠬᠤᠲᠠ ᠵᠢᠨ ᠲᠤᠭᠤᠷᠢᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ 2018 ᠤᠨ᠎ᠤ ᠬᠢᠯᠠᠰ ᠴᠡᠭ ᠪᠦᠬᠦᠢ ᠠᠵᠢᠯ ᠪᠤᠯᠤᠨ 2019 ᠤᠨ᠎ᠤ ᠠᠵᠢᠯ᠎ᠤᠨ ᠰᠡᠳᠭᠢᠴᠡ ᠵᠢᠨ ᠲᠤᠬᠠᠢ ᠶᠠᠷᠢᠯᠴᠠᠨ ᠰᠤᠯᠢᠯᠴᠠᠭ᠎ᠠ ᠬᠢᠵᠠᠢ᠃
