ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠰᠢᠯᠢ ᠵᠢᠨ ᠭᠤᠤᠯ ᠠᠢ᠌ᠮᠠᠭ ᠭᠠᠵᠠᠷ᠎ᠤᠨ ᠨᠡᠷ᠎ᠡ ᠵᠢᠨ ᠲᠦᠷᠢᠮᠵᠢᠯ ᠦᠭᠡᠢ ᠠᠰᠠᠭᠤᠲᠠᠯ᠎ᠢ ᠬᠠᠯᠠᠨ ᠦᠭᠡᠷᠡᠴᠢᠯᠡᠬᠥ ᠠᠵᠢᠯ᠎ᠤᠨ ᠬᠤᠷᠠᠯ ᠬᠢᠪᠡ
ᠨᠡᠶᠢᠲᠡᠯᠡᠭᠰᠡᠨ ᠴᠠᠭ᠄ 2019-04-10

             

     3 ᠳ᠋ᠤᠭ᠋ᠠᠷ ᠰᠠᠷ᠎ᠠ ᠵᠢᠨ 29᠎ᠤ ᠠ᠋ᠲᠤᠷ ᠰᠢᠯᠢ ᠵᠢᠨ ᠭᠤᠤᠯ ᠠᠢ᠌ᠮᠠᠭ ᠭᠠᠵᠠᠷ᠎ᠤᠨ ᠨᠡᠷ᠎ᠡ ᠵᠢᠨ ᠲᠦᠷᠢᠮᠵᠢᠯ ᠦᠭᠡᠢ ᠠᠰᠠᠭᠤᠲᠠᠯ᠎ᠢ ᠬᠠᠯᠠᠨ ᠦᠭᠡᠷᠡᠴᠢᠯᠡᠬᠥ ᠲᠸᠯᠸᠢᠰ ᠬᠤᠷᠠᠯ ᠬᠢᠵᠤ ᠠᠵᠢᠯ ᠵᠶ᠋ᠠᠨ ᠪᠠᠢ᠌ᠷᠢᠯᠠᠭᠤᠯᠪᠠ᠃ ᠠᠢ᠌ᠮᠠᠭ᠎ᠤᠨ ᠭᠠᠵᠠᠷ᠎ᠤᠨ ᠨᠡᠷ᠎ᠡ ᠵᠢᠨ ᠲᠦᠷᠢᠮᠵᠢᠯ ᠦᠭᠡᠢ ᠠᠰᠠᠭᠤᠲᠠᠯ᠎ᠢ ᠬᠠᠯᠠᠨ ᠦᠭᠡᠷᠡᠴᠢᠯᠡᠬᠥ ᠠᠵᠢᠯ᠎ᠤᠨ ᠠᠯᠪᠠᠨ ᠭᠡᠷ᠂ ᠡᠯ᠎ᠡ ᠬᠤᠰᠢᠭᠤ ᠰᠢᠶᠠᠨ ᠬᠤᠲᠠ (ᠲᠤᠭᠤᠷᠢᠭ) ᠵᠢᠨ ᠵᠠᠰᠠᠭ᠎ᠤᠨ ᠤᠷᠲᠤᠨ᠎ᠤ ᠬᠤᠪᠢᠶᠠᠷᠢᠯᠠᠨ ᠬᠠᠷᠢᠭᠤᠴᠠᠵᠤ ᠪᠠᠢ᠌ᠭ᠎ᠠ ᠤᠲᠤᠷᠢᠲᠤᠯᠭ᠎ᠠ᠂ ᠭᠠᠵᠠᠷ᠎ᠤᠨ ᠨᠡᠷ᠎ᠡ ᠵᠢᠨ ᠲᠦᠷᠢᠮᠵᠢᠯ ᠦᠭᠡᠢ ᠠᠰᠠᠭᠤᠲᠠᠯ᠎ᠢ ᠬᠠᠯᠠᠨ ᠦᠭᠡᠷᠡᠴᠢᠯᠡᠬᠥ ᠠᠵᠢᠯ᠎ᠤᠨ ᠠᠯᠪᠠᠨ ᠭᠡᠷ ᠵᠢᠴᠢ ᠪᠦᠷᠢᠯᠲᠤᠬᠥᠨ ᠨᠢᠭᠡᠴᠢ ᠵᠢᠨ 81 ᠬᠦᠮᠤᠨ ᠬᠤᠷᠠᠯ᠎ᠳᠤ ᠤᠷᠤᠯᠴᠠᠭᠰᠠᠨ ᠪᠠᠢ᠌ᠨ᠎ᠠ᠃ ᠬᠤᠷᠠᠯ ᠲᠡᠭᠡᠷ᠎ᠡ ᠦᠪᠡᠷᠲᠡᠭᠡᠨ ᠵᠠᠰᠠᠬᠤ ᠤᠷᠤᠨ᠎ᠤ ᠭᠠᠵᠠᠷ᠎ᠤᠨ ᠨᠡᠷ᠎ᠡ ᠵᠢᠨ ᠲᠦᠷᠢᠮᠵᠢᠯ ᠦᠭᠡᠢ ᠠᠰᠠᠭᠤᠲᠠᠯ᠎ᠢ ᠬᠠᠯᠠᠨ ᠦᠭᠡᠷᠡᠴᠢᠯᠡᠬᠥ ᠠᠵᠢᠯ᠎ᠢ ᠤᠯᠠᠮ ᠨᠢᠭᠡ ᠠᠯᠬᠤᠮ ᠰᠠᠢ᠌ᠨ ᠬᠢᠬᠥ ᠲᠠᠢ᠌ᠴᠢᠯᠠᠯᠲᠠ ᠵᠢᠨ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ᠂ 《ᠰᠢᠯᠢ ᠵᠢᠨ ᠭᠤᠤᠯ ᠠᠢ᠌ᠮᠠᠭ᠎ᠤᠨ ᠭᠠᠵᠠᠷ᠎ᠤᠨ ᠨᠡᠷ᠎ᠡ ᠵᠢᠨ ᠲᠦᠷᠢᠮᠵᠢᠯ ᠦᠭᠡᠢ ᠠᠰᠠᠭᠤᠲᠠᠯ᠎ᠢ ᠤᠯᠠᠮ ᠰᠠᠢ᠌ᠨ ᠬᠠᠯᠠᠨ ᠦᠭᠡᠷᠡᠴᠢᠯᠡᠬᠥ ᠠᠵᠢᠯ᠎ᠤᠨ ᠬᠡᠷᠡᠭᠵᠢᠬᠥᠯᠬᠥ ᠲᠦᠰᠤᠯ》᠎ᠢ ᠤᠩᠰᠢᠨ ᠨᠡᠢ᠌ᠲᠡᠯᠡᠵᠣ᠂ ᠪᠦᠬᠥ ᠠᠢ᠌ᠮᠠᠭ᠎ᠤᠨ ᠭᠠᠵᠠᠷ᠎ᠤᠨ ᠨᠡᠷ᠎ᠡ ᠵᠢᠨ ᠲᠦᠷᠢᠮᠵᠢᠯ ᠦᠭᠡᠢ ᠠᠰᠠᠭᠤᠲᠠᠯ᠎ᠢ ᠬᠠᠯᠠᠨ ᠦᠭᠡᠷᠡᠴᠢᠯᠡᠬᠥ ᠠᠵᠢᠯ᠎ᠤᠨ ᠬᠠᠷᠠᠯᠲᠠ ᠠ᠋ᠬᠥᠷᠭᠡ᠂ ᠵᠠᠷᠴᠢᠮ᠂ ᠠᠷᠭ᠎ᠠ ᠬᠡᠯᠪᠡᠷᠢ᠂ ᠠᠯᠬᠤᠮ ᠲᠠᠷᠠᠭ᠎ᠠ ᠪᠤᠯᠤᠨ ᠪᠤᠲᠠᠲᠠᠢ ᠱᠠᠭ᠋ᠠᠷᠲᠠᠯᠭ᠎ᠠ᠎ᠪᠠᠨ ᠲᠤᠲᠤᠷᠬᠠᠢ᠌ᠯᠠᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ 2019 ᠤᠨ᠎ᠤ ᠨᠠᠮ᠎ᠤᠨ ᠪᠠᠢ᠌ᠭᠤᠯᠤᠯᠲᠠ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠢᠪᠡ
ᠲᠦᠩᠯᠢᠶᠤᠤ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠳᠤᠬᠠᠢ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠰᠤᠷᠤᠯᠴᠠᠨ ᠤᠯᠠᠮᠵᠢᠯᠠᠪᠠ
ᠪᠦᠬᠦ ᠣᠷᠣᠨ᠎ᠤ ᠵᠡᠭᠡᠯᠢ ᠭᠤᠲᠤᠮᠵᠢ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠨᠡᠴᠢᠯᠡᠯᠲᠡ ᠵᠢᠨ ᠵᠢᠱ᠌ᠢᠶ᠎ᠠ ᠦᠵᠡᠭᠦᠯᠬᠦ ᠪᠣᠯᠪᠠᠰᠦᠷᠠᠯ᠎ᠤᠨ ᠠᠩᠬᠢ ᠪᠤᠭᠤᠲᠤ᠎ᠳᠤ ᠠ᠋ᠬᠢᠯᠡᠪᠡ
ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠶᠡᠷᠣᠩᠬᠡᠢ ᠠ᠋ᠭᠦᠷ ᠠᠯᠠᠱ᠌ᠠ ᠵᠡᠭᠦᠨ ᠬᠤᠰᠢᠭᠤᠨ᠎ᠤ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠠ᠋ᠭᠦᠷ᠎ᠲᠠᠢ ᠬᠣᠯᠪᠣᠭ᠋ᠠᠯᠠᠨ ᠬᠠᠩᠰᠢᠨ᠎ᠤ ᠠ᠋ᠳᠤᠷ᠎ᠤᠨ ᠭᠣᠣᠯ ᠰᠡᠳᠤᠪᠲᠤ ᠨᠠᠮ᠎ᠤᠨ ᠠ᠋ᠳᠤᠷ᠎ᠤᠨ ᠠᠵᠢᠯᠯᠠᠭ᠎ᠠ ᠦᠷᠨᠢᠭᠦᠯᠪᠡ
ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠵᠢᠨ᠎ᠬᠢᠨ ᠡᠯ᠎ᠡ ᠤᠷᠤᠰᠢᠭᠤᠯᠭ᠎ᠠ ᠵᠢᠨ ᠤᠢ᠌ᠯᠡᠴᠢᠯᠡᠭᠡᠨ᠎ᠤ ᠨᠢᠭᠡᠴᠢ᠎ᠳᠤ ᠬᠠᠩᠰᠢ ᠵᠢᠨ ᠠ᠋ᠲᠤᠷ᠎ᠤᠨ ᠠᠶᠤᠯ ᠦᠭᠡᠢ ᠵᠢᠨ ᠪᠠᠢ᠌ᠴᠠᠭ᠋ᠠᠯᠲᠠ ᠬᠢᠪᠡ
 
            