4 ᠳ᠋ᠤᠭᠡᠷ ᠰᠠᠷ᠎ᠠ ᠵᠢᠨ 4᠎ᠤ ᠠ᠋ᠲᠤᠷ ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ 2019 ᠤᠨ᠎ᠤ ᠨᠠᠮ᠎ᠤᠨ ᠪᠠᠢ᠌ᠭᠤᠯᠤᠯᠲᠠ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠢᠪᠡ᠃ ᠬᠤᠷᠠᠯ ᠲᠡᠭᠡᠷ᠎ᠡ 2019 ᠤᠨ᠎ᠤ ᠨᠠᠮ᠎ᠤᠨ ᠪᠠᠢ᠌ᠭᠤᠯᠤᠯᠲᠠ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ ᠵᠶ᠋ᠠᠨ ᠪᠠᠢ᠌ᠷᠢᠯᠠᠭᠤᠯᠤᠭᠰᠠᠨ ᠪᠠᠢ᠌ᠨ᠎ᠠ᠃ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠨᠠᠮ᠎ᠤᠨ ᠲᠤᠭᠤᠢ᠌ᠯᠠᠩ᠎ᠤᠨ ᠱᠦᠵᠢ᠂ ᠲᠤᠪᠴᠢᠶᠠᠨ ᠲᠠᠷᠣᠭ᠎ᠠ ᠴᠸᠩ ᠲᠢᠶᠠᠨ ᠹᠦ᠋ ᠬᠤᠷᠠᠯ᠎ᠢ ᠠ᠋ᠷᠬᠢᠯᠡᠪᠡ᠃ ᠳᠣᠪᠴᠢᠶᠠᠨ᠎ᠤ ᠨᠠᠮ᠎ᠤᠨ ᠳᠤᠭᠤᠢ᠌ᠯᠠᠩ᠎ᠤᠨ ᠪᠦᠷᠢᠯᠳᠤᠭᠦᠨ ᠪᠣᠯᠤᠨ ᠪᠠᠢ᠌ᠭᠤᠯᠭ᠎ᠠ ᠵᠢᠨ ᠡᠯ᠎ᠡ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠲᠤᠪᠴᠢᠶᠠᠨ᠎ᠤ ᠬᠠᠷᠢᠶ᠎ᠠ ᠡᠯ᠎ᠡ ᠨᠢᠭᠡᠴᠢ ᠵᠢᠨ ᠨᠠᠮ ᠵᠠᠰᠠᠭ᠎ᠤᠨ ᠬᠠᠷᠢᠭᠤᠴᠠᠯᠭ᠋ᠠᠲᠠᠨ ᠵᠢᠴᠢ ᠨᠠᠮ᠎ᠤᠨ ᠠᠵᠢᠯ᠎ᠤᠨ ᠺᠠᠳ᠋ᠷ ᠨᠠᠷ ᠬᠤᠷᠠᠯ᠎ᠳᠤ ᠤᠷᠤᠯᠴᠠᠭᠰᠠᠨ ᠪᠠᠢ᠌ᠨ᠎ᠠ᠃
ᠬᠤᠷᠠᠯ ᠲᠡᠭᠡᠷ᠎ᠡ ᠤᠯᠠᠭ᠋ᠠᠨᠴᠠᠪ ᠬᠤᠲᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ᠂ ᠬᠢᠨᠠᠨ ᠪᠠᠢ᠌ᠴᠠᠭ᠋ᠠᠬᠤ ᠵᠦᠪᠯᠡᠯ᠎ᠤᠨ᠎ᠬᠢᠨ ᠲᠦᠪ᠎ᠤᠨ ᠨᠠᠢ᠍ᠮᠠᠨ ᠵᠤᠷᠪᠤᠰ ᠲᠤᠭᠲᠠᠭ᠋ᠠᠯ᠎ᠤᠨ ᠵᠤᠷᠢᠭ ᠰᠠᠨᠠᠭ᠎ᠠ ᠪᠤᠯᠤᠨ 《ᠲᠦᠷᠪᠡᠨ ᠰᠤᠷᠲᠠᠯ》᠎ᠤᠨ ᠠᠰᠠᠭᠤᠲᠠᠯ᠎ᠢ ᠵᠠᠯᠠᠷᠠᠭᠤᠯᠬᠤ ᠪᠠ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ 《ᠬᠤᠶᠡᠷ ᠬᠠᠷᠢᠭᠤᠴᠠᠯᠭ᠎ᠠ》 ᠵᠢ ᠬᠡᠷᠡᠭᠵᠢᠬᠥᠯᠬᠥ ᠳᠤᠬᠠᠢ ᠬᠤᠶᠠᠷ ᠪᠢᠴᠢᠭ ᠮᠠᠲᠸᠷᠢᠶᠠᠯ᠎ᠤᠨ ᠵᠤᠷᠢᠭ ᠰᠠᠨᠠᠭ᠎ᠠ ᠵᠢ ᠤᠯᠠᠮᠵᠢᠯᠠᠨ᠂ 《ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ 2019 ᠤᠨ᠎ᠤ ᠨᠠᠮ᠎ᠤᠨ ᠪᠠᠢ᠌ᠭᠤᠯᠤᠯᠲᠠ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠭᠤᠤᠯᠲᠠᠯᠭ᠎ᠠ》 ᠵᠢ ᠬᠢᠨᠠᠨ ᠵᠦᠪᠯᠡᠵᠤ᠂ ᠨᠠᠮ᠎ᠤᠨ ᠲᠣᠳᠤᠭ᠋ᠠᠳᠤ ᠵᠢᠨ ᠤᠯᠤᠰ ᠲᠦᠷᠤ ᠵᠢᠨ ᠠᠮᠢᠲᠤᠷᠠᠯ᠎ᠢ ᠲᠦᠷᠢᠮᠵᠢᠬᠥᠯᠤᠨ᠂ 《ᠲᠦᠷᠪᠡᠨ ᠨᠣᠶᠠᠨᠴᠢ ᠰᠤᠷᠲᠠᠯ》᠎ᠤᠨ ᠠᠰᠠᠭᠣᠲᠠᠯ᠎ᠢ ᠵᠠᠰᠠᠨ ᠴᠡᠭᠴᠡᠯᠡᠨ᠂ ᠠᠷᠢᠭᠤᠨ ᠴᠢᠭᠡᠴᠢ᠎ᠪᠠᠷ ᠵᠠᠰᠠᠭ ᠪᠠᠷᠢᠬᠤ ᠠᠵᠢᠯ᠎ᠤᠨ ᠠᠶᠤᠯ ᠲᠦᠭᠰᠢᠬᠥᠷᠢ ᠵᠢ ᠰᠡᠷᠭᠡᠢ᠌ᠯᠠᠨ ᠬᠤᠷᠢᠭᠯᠠᠬᠤ ᠠᠵᠢᠯ᠎ᠤᠨ ᠲᠦᠷᠢᠮ ᠲᠤᠭᠲᠠᠭ᠋ᠠᠯ ᠵᠶ᠋ᠠᠨ ᠴᠢᠩᠭ᠋ᠠᠳᠬᠠᠬᠤ ᠳᠤᠬᠠᠢ ᠶᠠᠷᠢᠯᠴᠠᠭᠰᠠᠨ ᠪᠠᠢ᠌ᠨ᠎ᠠ᠃
ᠬᠤᠷᠠᠯ ᠲᠡᠭᠡᠷ᠎ᠡ ᠪᠠᠰᠠ ᠲᠤᠪᠴᠢᠶᠠᠨ᠎ᠤ ᠨᠠᠮ᠎ᠤᠨ ᠲᠤᠭᠤᠢ᠌ᠯᠠᠩ᠎ᠤᠨ ᠱᠦᠵᠢ᠂ ᠲᠤᠪᠴᠢᠶᠠᠨ᠎ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠲᠤᠭᠤᠢ᠌ᠯᠠᠩ᠎ᠤᠨ ᠲᠠᠷᠤᠭ᠎ᠠ ᠲᠤᠰ ᠲᠤᠰ ᠨᠠᠮ᠎ᠤᠨ ᠲᠤᠭᠤᠢ᠌ᠯᠠᠩ᠎ᠤᠨ ᠭᠡᠰᠢᠬᠥᠨᠲᠠᠢᠪᠠᠨ 《2019 ᠤᠨ᠎ᠤ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ》 ᠵᠢᠨ ᠭᠡᠷ᠎ᠡ ᠪᠢᠴᠢᠭ ᠲᠡᠭᠡᠷ᠎ᠡ ᠭᠠᠷᠤᠨ ᠦᠰᠤᠭ᠌ ᠵᠢᠷᠤᠵᠤ᠂ ᠨᠠᠮ᠎ᠤᠨ ᠲᠤᠭᠤᠢ᠌ᠯᠠᠩ᠎ᠤᠨ ᠡᠯ᠎ᠡ ᠭᠡᠰᠢᠬᠥᠨ᠎ᠨᠢ ᠬᠤᠪᠢᠶᠠᠷᠢᠯᠠᠨ ᠬᠠᠷᠢᠭᠤᠴᠠᠵᠤ ᠪᠠᠢ᠌ᠬᠤ ᠰᠠᠯᠠᠭ᠎ᠠ ᠲᠠᠰᠤᠭ᠂ ᠲᠤᠪᠴᠢᠶᠠᠨ᠎ᠤ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ᠎ᠲᠠᠢ᠎ᠪᠠᠨ 《2019 ᠤᠨ᠎ᠤ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠬᠠᠷᠢᠭᠤᠴᠠᠯᠭ᠎ᠠ》 ᠵᠢᠨ ᠭᠡᠷ᠎ᠡ ᠪᠢᠴᠢᠭ ᠲᠡᠭᠡᠷ᠎ᠡ ᠲᠤᠰ ᠲᠤᠰ ᠭᠠᠷᠤᠨ ᠦᠰᠤᠭ᠌ ᠵᠢᠷᠤᠭᠰᠠᠨ ᠪᠠᠢ᠌ᠨ᠎ᠠ᠃