ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠠᠭ᠋ᠠᠨᠬᠠᠲᠠ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ 《ᠲᠦᠷᠪᠡᠨ ᠨᠣᠶᠠᠨᠴᠢ ᠰᠤᠷᠲᠠᠯ》᠎ᠤᠨ ᠠᠰᠠᠭᠤᠳᠠᠯ᠎ᠢ ᠵᠠᠰᠠᠨ ᠴᠡᠭᠴᠡᠯᠡᠵᠤ ᠪᠠᠢ᠌ᠭᠤᠯᠭ᠎ᠠ ᠵᠢᠨ ᠤᠯᠤᠰ ᠲᠦᠷᠤ ᠵᠢᠨ ᠠᠮᠢ ᠠᠬᠤᠢ ᠵᠢ ᠴᠡᠪᠡᠷᠰᠢᠭᠦᠯᠬᠦ ᠠᠵᠢᠯ᠎ᠤᠨ ᠲᠠᠢ᠌ᠴᠢᠯᠠᠯᠲᠠ ᠵᠢᠨ ᠬᠤᠷᠠᠯ ᠬᠢᠪᠡ
ᠨᠡᠶᠢᠲᠡᠯᠡᠭᠰᠡᠨ ᠴᠠᠭ᠄ 2019-04-10

               

      ᠤᠢ᠌ᠷ᠎ᠠ ᠵᠢᠨ ᠠ᠋ᠲᠤᠷ ᠤᠯᠠᠭ᠋ᠠᠨᠬᠠᠲᠠ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠪᠠᠢ᠌ᠭᠤᠯᠭ᠎ᠠ ᠵᠢᠨ ᠠᠵᠢᠯ᠎ᠤᠨ ᠬᠡᠪ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ 《ᠲᠦᠷᠪᠡᠨ ᠨᠣᠶᠠᠨᠴᠢ ᠰᠤᠷᠲᠠᠯ》᠎ᠤᠨ ᠠᠰᠠᠭᠤᠲᠠᠯ᠎ᠢ ᠬᠦᠨᠵᠡᠭᠡᠢ ᠴᠡᠭᠴᠡᠯᠡᠨ ᠵᠠᠰᠠᠵᠤ ᠪᠠᠢ᠌ᠭᠤᠯᠭ᠎ᠠ ᠵᠢᠨ ᠤᠯᠤᠰ ᠲᠦᠷᠤ ᠵᠢᠨ ᠠᠮᠢ ᠠᠬᠤᠢ ᠵᠢ ᠴᠡᠪᠡᠷᠰᠢᠭᠦᠯᠬᠦ ᠲᠠᠢ᠌ᠴᠢᠯᠠᠯᠲᠠ ᠵᠢᠨ ᠬᠤᠷᠠᠯ ᠬᠢᠪᠡ᠃ ᠬᠤᠷᠠᠯ ᠲᠡᠭᠡᠷ᠎ᠡ ᠬᠤᠲᠠ ᠵᠢᠨ ᠰᠠᠬᠢᠯᠭ᠎ᠠ ᠪᠠᠲᠤ ᠪᠠᠢ᠌ᠴᠠᠭ᠋ᠠᠬᠤ ᠬᠤᠷᠢᠶᠠᠨ᠎ᠤ 《ᠪᠠᠢ᠌ᠭᠤᠯᠭ᠎ᠠ ᠵᠢᠨ ᠠᠵᠢᠯ᠎ᠤᠨ ᠬᠡᠪ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ 〈ᠲᠦᠷᠪᠡᠨ ᠨᠣᠶᠠᠨᠴᠢ ᠰᠤᠷᠲᠠᠯ〉᠎ᠤᠨ ᠠᠰᠠᠭᠤᠲᠠᠯ᠎ᠢ ᠭᠦᠨᠵᠡᠭᠡᠢ ᠴᠡᠭᠴᠡᠯᠡᠨ ᠵᠠᠰᠠᠵᠤ ᠪᠠᠢ᠌ᠭᠤᠯᠭ᠎ᠠ ᠵᠢᠨ ᠤᠯᠤᠰ ᠲᠦᠷᠤ ᠵᠢᠨ ᠠᠮᠢ ᠠᠬᠤᠢ ᠵᠢ ᠴᠡᠪᠡᠷᠰᠢᠭᠦᠯᠬᠦ ᠠᠵᠢᠯ᠎ᠤᠨ ᠳᠦᠰᠤᠯ》᠎ᠢ ᠤᠯᠠᠮᠵᠢᠯᠠᠨ ᠰᠤᠷᠤᠯᠴᠠᠵᠤ᠂ 《ᠲᠦᠷᠪᠡᠨ ᠨᠣᠶᠠᠨᠴᠢ ᠰᠤᠷᠲᠠᠯ》᠎ᠤᠨ ᠠᠰᠠᠭᠤᠲᠠᠯ᠎ᠢ ᠦᠷᠬᠥᠯᠵᠢᠯᠡᠨ ᠴᠡᠭᠴᠡᠯᠡᠨ ᠵᠠᠰᠠᠬᠤ ᠪᠠᠢ᠌ᠷᠢᠯᠠᠭᠤᠯᠤᠯᠲᠠ ᠬᠢᠪᠡ᠃ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠨᠠᠮ᠎ᠤᠨ ᠲᠤᠭᠤᠢ᠌ᠯᠠᠩ᠎ᠤᠨ ᠭᠡᠰᠢᠬᠥᠨ᠂ ᠲᠤᠪᠴᠢᠶᠠᠨ ᠲᠠᠷᠤᠭ᠎ᠠ ᠶᠡᠨ ᠴᠢᠩ ᠴᠢᠩ ᠬᠤᠷᠠᠯ᠎ᠳᠤ ᠤᠷᠤᠯᠴᠠᠨ ᠶᠠᠷᠢᠶ᠎ᠡ ᠲᠠᠯᠪᠢᠵᠤ᠂ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠨᠠᠮ᠎ᠤᠨ ᠲᠤᠭᠤᠢ᠌ᠯᠠᠩ᠎ᠤᠨ ᠭᠡᠰᠢᠬᠥᠨ᠂ ᠲᠡᠳ᠋ ᠲᠤᠪᠴᠢᠶᠠᠨ ᠲᠠᠷᠤᠭ᠎ᠠ ᠹᠠᠩ ᠵᠸᠨ ᠶᠠᠩ ᠬᠤᠷᠠᠯ ᠠ᠋ᠷᠬᠢᠯᠡᠵᠤ᠂ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤᠨ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ᠂ ᠲᠤᠪᠴᠢᠶᠠᠨ᠎ᠤ ᠬᠠᠷᠢᠶ᠎ᠠ ᠠᠵᠢᠯ ᠤᠢ᠌ᠯᠡᠰ᠎ᠤᠨ ᠨᠢᠭᠡᠴᠢ ᠵᠢᠨ ᠪᠠᠭ᠎ᠤᠨ ᠪᠦᠷᠢᠯᠲᠤᠬᠥᠨ ᠨᠠᠷ ᠬᠤᠷᠠᠯ᠎ᠳᠤ ᠤᠷᠤᠯᠴᠠᠭᠰᠠᠨ ᠪᠠᠢ᠌ᠨ᠎ᠠ᠃
      ᠬᠤᠷᠠᠯ᠎ᠠᠴᠠ ᠪᠦᠬᠥ ᠬᠤᠲᠠ ᠵᠢᠨ ᠠᠷᠠᠳ᠎ᠤᠨ ᠶᠠᠪᠤᠲᠠᠯ᠎ᠤᠨ ᠰᠢᠰᠲᠸᠮ᠎ᠤᠨ᠎ᠬᠢᠨ ᠤᠯᠤᠰ ᠲᠦᠷᠤ ᠵᠢᠨ ᠵᠤᠭᠰᠤᠴᠠ᠎ᠪᠠᠨ ᠲᠡᠭᠡᠭᠰᠢᠯᠡᠬᠥᠯᠵᠤ᠂ ᠦᠪᠡᠷ᠎ᠤᠨ ᠪᠤᠲᠠᠲᠠᠢ᠎ᠲᠠᠢ᠎ᠪᠠᠨ ᠤᠶᠠᠯᠲᠤᠭᠤᠯᠤᠨ᠂ ᠦᠵᠡᠯ ᠰᠠᠨᠠᠭ᠋ᠠᠨ᠎ᠤ ᠬᠦᠮᠤᠵᠢᠯ ᠵᠶ᠋ᠠᠨ ᠴᠢᠩᠭ᠋ᠠᠳᠬᠠᠵᠤ᠂ ᠵᠠᠩᠬᠢᠯᠠᠭ᠎ᠠ ᠵᠢᠨ ᠭᠤᠭᠴᠤᠭ᠎ᠠ ᠵᠢ ᠡᠵᠡᠮᠲᠡᠨ᠂ ᠠᠵᠢᠯ᠎ᠤᠨ ᠭᠤᠤᠯᠲᠠᠯᠭ᠎ᠠ᠎ᠪᠠᠨ ᠲᠤᠪᠤᠢ᠌ᠯᠭ᠋ᠠᠵᠤ᠂ ᠲᠦᠷᠢᠮ ᠲᠤᠭᠲᠠᠭ᠋ᠠᠯ ᠵᠶ᠋ᠠᠨ ᠪᠦᠷᠢᠨᠰᠢᠬᠥᠯᠤᠨ᠂ ᠤᠯᠠᠨ ᠵᠤᠢ᠌ᠯ᠎ᠤᠨ ᠠᠷᠭ᠎ᠠ ᠠᠪᠴᠠᠯ ᠵᠶ᠋ᠠᠷ ᠰᠤᠷᠲᠠᠯ᠎ᠤᠨ ᠪᠠᠢ᠌ᠭᠤᠯᠤᠯᠲᠠ ᠵᠢ ᠠᠬᠢᠭᠤᠯᠬᠤ ᠬᠡᠷᠡᠭᠲᠠᠢ᠃ ᠠᠵᠢᠯ ᠠ᠋ᠬᠥᠷᠭᠡ ᠵᠢᠨ ᠱᠠᠭ᠋ᠠᠷᠲᠠᠯᠭ᠎ᠠ᠎ᠲᠠᠢ᠎ᠪᠠᠨ ᠨᠢᠭᠲᠠ ᠤᠶᠠᠯᠲᠤᠭᠤᠯᠵᠤ᠂ ᠲᠤᠬᠠᠢ᠌ᠯᠠᠭᠰᠠᠨ ᠠᠵᠢᠯ᠎ᠤᠨ ᠭᠤᠤᠯᠲᠠᠯᠭ᠎ᠠ ᠵᠢ ᠲᠤᠪᠤᠢ᠌ᠯᠭ᠋ᠠᠵᠤ᠂ ᠰᠠᠨᠠᠭ᠋ᠠᠴᠢᠯᠠᠭ᠎ᠠ᠎ᠠᠴᠠ᠎ᠪᠠᠨ ᠠ᠋ᠬᠥᠷᠭᠡ ᠬᠦᠯᠢᠶᠡᠨ ᠠᠪᠴᠤ᠂ 《ᠲᠦᠰᠤᠯ》᠎ᠤᠨ ᠲᠤᠭᠤᠷᠢᠨ᠎ᠳᠤ ᠠᠵᠢᠯ᠎ᠤᠨ ᠭᠤᠤᠯᠲᠠᠯᠭ᠎ᠠ᠎ᠪᠠᠨ ᠤᠨᠤᠪᠴᠢᠲᠠᠢ ᠪᠤᠯᠭ᠋ᠠᠬᠤ ᠵᠢᠨ ᠲᠠᠭ᠋ᠠᠤ 《ᠲᠦᠷᠪᠡᠨ ᠨᠣᠶᠠᠨᠴᠢ ᠰᠤᠷᠲᠠᠯ》᠎ᠤᠨ ᠠᠰᠠᠭᠤᠲᠠᠯ᠎ᠤᠨ ᠪᠤᠲᠠᠲᠠᠢ ᠢᠯᠡᠷᠡᠯ ᠵᠶ᠋ᠠᠷ ᠺᠠᠳ᠋ᠷ ᠠᠵᠢᠯᠲᠠᠨ ᠵᠶ᠋ᠠᠨ ᠰᠠᠢ᠌ᠲᠤᠷ ᠵᠤᠬᠢᠶᠠᠨ ᠪᠠᠢ᠌ᠭᠤᠯᠵᠤ ᠬᠦᠨᠵᠡᠭᠡᠢ ᠪᠠᠢ᠌ᠴᠠᠭ᠋ᠠᠯᠲᠠ ᠬᠢᠯᠭᠡᠵᠤ᠂ 《ᠡᠪᠡᠳᠴᠢᠨ᠎ᠢ᠎ᠨᠢ ᠠ᠋ᠷᠢᠵᠤ ᠭᠠᠷᠭ᠋ᠠᠬᠤ》 ᠪᠠ 《ᠡᠪᠡᠳᠴᠢᠨ᠎ᠢ᠎ᠨᠢ ᠵᠠᠰᠠᠬᠤ》 ᠵᠢ ᠬᠠᠷᠢᠯᠴᠠᠨ ᠤᠶᠠᠯᠲᠤᠭᠤᠯᠵᠤ᠂ ᠮᠡᠲᠡᠮᠡᠭᠴᠠ ᠵᠠᠰᠠᠵᠤ᠂ ᠠᠰᠠᠭᠤᠲᠠᠯ᠎ᠢ ᠲᠦᠢ᠍ᠯᠪᠤᠷᠢᠲᠠᠢ ᠰᠢᠢ᠍ᠳᠪᠤᠷᠢᠯᠡᠬᠥ ᠦᠭᠡᠢ ᠪᠤᠯ ᠪᠤᠭᠤᠮᠲᠠ ᠵᠢ ᠦᠩᠭᠡᠷᠡᠬᠥᠯᠬᠥ ᠦᠭᠡᠢ᠎ᠪᠠᠷ ᠵᠠᠰᠠᠨ ᠴᠡᠭᠴᠡᠯᠡᠬᠥ ᠠᠵᠢᠯ᠎ᠤᠨ ᠤᠷᠢᠳᠴᠢᠯᠠᠨ ᠲᠦᠰᠤᠪᠯᠡᠭᠰᠠᠨ ᠦᠷ᠎ᠡ ᠪᠦᠲᠤᠮᠵᠢ ᠵᠢ ᠪᠠᠲᠤᠯᠠᠬᠤ ᠬᠡᠷᠡᠭᠲᠠᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠰᠢᠯᠢ ᠵᠢᠨ ᠭᠤᠤᠯ ᠠᠢ᠌ᠮᠠᠭ ᠭᠠᠵᠠᠷ᠎ᠤᠨ ᠨᠡᠷ᠎ᠡ ᠵᠢᠨ ᠲᠦᠷᠢᠮᠵᠢᠯ ᠦᠭᠡᠢ ᠠᠰᠠᠭᠤᠲᠠᠯ᠎ᠢ ᠬᠠᠯᠠᠨ ᠦᠭᠡᠷᠡᠴᠢᠯᠡᠬᠥ ᠠᠵᠢᠯ᠎ᠤᠨ ᠬᠤᠷᠠᠯ ᠬᠢᠪᠡ
ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ 2019 ᠤᠨ᠎ᠤ ᠨᠠᠮ᠎ᠤᠨ ᠪᠠᠢ᠌ᠭᠤᠯᠤᠯᠲᠠ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠢᠪᠡ
ᠲᠦᠩᠯᠢᠶᠤᠤ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠳᠤᠬᠠᠢ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠰᠤᠷᠤᠯᠴᠠᠨ ᠤᠯᠠᠮᠵᠢᠯᠠᠪᠠ
ᠪᠦᠬᠦ ᠣᠷᠣᠨ᠎ᠤ ᠵᠡᠭᠡᠯᠢ ᠭᠤᠲᠤᠮᠵᠢ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠰᠢᠨᠡᠴᠢᠯᠡᠯᠲᠡ ᠵᠢᠨ ᠵᠢᠱ᠌ᠢᠶ᠎ᠠ ᠦᠵᠡᠭᠦᠯᠬᠦ ᠪᠣᠯᠪᠠᠰᠦᠷᠠᠯ᠎ᠤᠨ ᠠᠩᠬᠢ ᠪᠤᠭᠤᠲᠤ᠎ᠳᠤ ᠠ᠋ᠬᠢᠯᠡᠪᠡ
ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠶᠡᠷᠣᠩᠬᠡᠢ ᠠ᠋ᠭᠦᠷ ᠠᠯᠠᠱ᠌ᠠ ᠵᠡᠭᠦᠨ ᠬᠤᠰᠢᠭᠤᠨ᠎ᠤ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠠ᠋ᠭᠦᠷ᠎ᠲᠠᠢ ᠬᠣᠯᠪᠣᠭ᠋ᠠᠯᠠᠨ ᠬᠠᠩᠰᠢᠨ᠎ᠤ ᠠ᠋ᠳᠤᠷ᠎ᠤᠨ ᠭᠣᠣᠯ ᠰᠡᠳᠤᠪᠲᠤ ᠨᠠᠮ᠎ᠤᠨ ᠠ᠋ᠳᠤᠷ᠎ᠤᠨ ᠠᠵᠢᠯᠯᠠᠭ᠎ᠠ ᠦᠷᠨᠢᠭᠦᠯᠪᠡ
 
            