ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠯᠠᠱ᠌ᠠ ᠠᠢ᠌ᠮᠠᠭ᠎ᠤᠨ ᠮᠤᠩᠭᠤᠯ ᠬᠡᠯᠡᠨ᠎ᠤ ᠠᠭ᠋ᠠᠷ᠎ᠲᠠᠬᠢ 12349 ᠵᠠᠰᠠᠭ᠎ᠤᠨ ᠶᠠᠪᠤᠳᠠᠯ᠎ᠤᠨ ᠯᠠᠪᠯᠠᠯᠭ᠎ᠠ ᠵᠢᠨ ᠨᠡᠪᠲᠡᠷᠡᠭᠦᠯᠭᠡ ᠠ᠋ᠬᠢᠯᠡᠪᠡ
ᠨᠡᠶᠢᠲᠡᠯᠡᠭᠰᠡᠨ ᠴᠠᠭ᠄ 2019-04-09

             
     4 ᠳ᠋ᠤᠭᠡᠷ ᠰᠠᠷ᠎ᠠ ᠵᠢᠨ 1᠎ᠤ ᠠ᠋ᠳᠦᠷ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠪᠴᠢᠶ᠎ᠠ ᠪᠤᠯᠤᠨ ᠠᠢ᠌ᠮᠠᠭ᠎ᠤᠨ ᠷᠠᠳᠢᠣ᠋ ᠲᠸᠯᠸᠢᠰ᠎ᠤᠨ ᠬᠤᠷᠢᠶᠠᠨ᠎ᠤ ᠬᠠᠮᠲᠤᠷᠠᠨ ᠠ᠋ᠷᠬᠢᠯᠡᠭᠰᠡᠨ ᠮᠤᠩᠭᠤᠯ ᠬᠡᠯᠡᠡ᠎ᠤ ᠨᠡᠪᠲᠡᠷᠡᠭᠦᠯᠭᠡ ᠵᠢᠨ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠠᠯᠪᠠᠨ ᠶᠤᠰᠤᠭ᠋ᠠᠷ ᠰᠦᠯᠵᠢᠶᠡᠨ ᠳᠡᠭᠡᠷ᠎ᠡ ᠶᠠᠪᠤᠭᠳᠠᠵᠦ ᠠ᠋ᠬᠢᠯᠡᠪᠡ᠃ ᠠ᠋ᠨᠡᠬᠦ ᠦᠢ᠍ᠯᠡᠴᠢᠯᠡᠭᠡ ᠪᠤᠯ ᠠᠯᠠᠱ᠌ᠠ ᠠᠢ᠌ᠮᠠᠭ᠎ᠤᠨ ᠭᠠᠵᠠᠷ ᠨᠤᠲᠤᠭ ᠠᠭᠤᠳᠠᠮ ᠬᠦᠮᠦᠨ ᠰᠡᠢ᠌ᠷᠡᠭ᠂ ᠮᠠᠯᠴᠢᠳ᠎ᠤᠨ ᠮᠡᠳᠡᠭᠡ ᠵᠠᠩᠭᠢ ᠬᠦᠯᠢᠶᠡᠨ ᠠᠪᠬᠤ ᠠᠷᠭ᠎ᠠ ᠵᠠᠮ᠎ᠨᠢ ᠬᠢᠵᠠᠭ᠋ᠠᠷ᠎ᠲᠠᠢ᠂ ᠵᠠᠰᠠᠭ᠎ᠤᠨ ᠶᠠᠪᠤᠳᠠᠯ᠎ᠤᠨ ᠤᠴᠢᠷ ᠶᠠᠪᠤᠳᠠᠯ᠎ᠢ ᠭᠦᠢ᠍ᠴᠡᠳᠭᠡᠬᠦ᠎ᠳᠤ ᠳᠦᠬᠦᠮ ᠦᠭᠡᠢ ᠵᠡᠷᠭᠡ ᠪᠠᠢ᠌ᠳᠠᠯ᠎ᠳᠤ ᠴᠢᠭᠯᠡᠭᠦᠯᠦᠭᠰᠡᠨ ᠠ᠋ᠭᠡᠯ ᠠᠷᠠᠳ᠎ᠤᠨ ᠬᠠᠮᠤᠭ᠎ᠠᠴᠠ ᠢᠯᠡᠭᠦᠦ ᠠᠩᠬᠠᠷᠤᠯ ᠲᠠᠯᠪᠢᠵᠦ ᠪᠠᠢ᠌ᠭ᠎ᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠨᠡᠪᠲᠡᠷᠡᠭᠦᠯᠭᠡ ᠪᠤᠯᠤᠨ᠎ᠠ᠃
    ᠨᠡᠪᠲᠡᠷᠡᠭᠦᠯᠵᠦ ᠠ᠋ᠬᠢᠯᠡᠭᠰᠡᠨ ᠠᠩᠬᠠᠨ᠎ᠤ ᠠ᠋ᠳᠦᠷ ᠠᠯᠠᠱ᠌ᠠ ᠠᠢ᠌ᠮᠠᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠪᠴᠢᠶ᠎ᠠ ᠵᠢᠨ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠰᠠᠯᠠᠭ᠋ᠠᠨ᠎ᠤ ᠳᠠᠷᠤᠭ᠎ᠠ ᠠᠯᠲᠠᠨᠯᠤᠤ ᠦᠢ᠍ᠯᠡᠴᠢᠯᠡᠭᠡᠨ᠎ᠤ ᠰᠢᠭᠤᠳ ᠨᠡᠪᠲᠡᠷᠡᠭᠦᠯᠭᠡ᠎ᠳᠤ ᠠᠢ᠌ᠮᠠᠭ᠎ᠤᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠪᠴᠢᠶ᠎ᠠ ᠵᠢᠨ ᠤᠢ᠌ᠷ᠎ᠠ ᠵᠢᠨ ᠬᠤᠶᠠᠷ ᠵᠢᠯ᠎ᠳᠤ ᠡᠯ᠎ᠡ ᠰᠠᠯᠠᠭ᠎ᠠ ᠮᠥᠴᠢᠷ᠎ᠤᠨ ᠭᠦᠢ᠍ᠴᠡᠳᠭᠡᠯᠭᠡᠬᠦ ᠶᠠᠪᠤᠳᠠᠯ᠎ᠢ ᠲᠦᠪᠯᠡᠷᠡᠩᠭᠦᠢ ᠬᠦᠢ᠍ᠴᠡᠳᠭᠡᠬᠦ᠎ᠳᠡᠭᠡᠨ ᠵᠤᠬᠢᠶᠠᠨ ᠪᠠᠢ᠌ᠭᠤᠯᠵᠦ ᠵᠤᠬᠢᠴᠠᠭᠤᠯᠤᠭᠰᠠᠨ᠂ ᠬᠢᠨᠠᠯᠲᠠ ᠲᠠᠯᠪᠢᠵᠦ ᠬᠠᠮᠢᠶᠠᠷᠤᠭᠰᠠᠨ ᠪᠠ ᠦᠢ᠍ᠯᠡᠴᠢᠯᠡᠭᠡᠨ᠎ᠢ ᠵᠢᠯᠤᠭᠤᠳᠤᠭᠰᠠᠨ ᠪᠠᠢ᠌ᠳᠠᠯ ᠵᠶ᠋ᠠᠨ ᠲᠠᠨᠢᠯᠴᠠᠭᠤᠯᠵᠦ᠂ 12349 ᠠᠷᠠᠳ᠎ᠤᠨ ᠠᠮᠢᠳᠤᠷᠠᠯ᠎ᠤᠨ ᠬᠠᠯᠠᠮᠰᠢᠯ ᠤᠲᠠᠰᠤᠨ᠎ᠤ ᠲᠠᠪᠴᠠᠩ᠎ᠤᠨ ᠵᠠᠰᠠᠭ᠎ᠤᠨ ᠶᠠᠪᠤᠳᠠᠯ᠎ᠤᠨ ᠯᠠᠪᠯᠠᠯᠭ᠎ᠠ ᠵᠢᠨ ᠴᠢᠳᠠᠮᠵᠢ ᠵᠢ ᠲᠠᠢ᠌ᠯᠪᠤᠷᠢᠯᠠᠵᠠᠢ᠃ ᠲᠤᠬᠠᠠᠢ᠌ᠯᠠᠪᠠᠯ ᠪᠦᠬᠦ ᠠᠢ᠌ᠮᠠᠭ᠎ᠤᠨ 45 ᠰᠠᠯᠠᠭ᠎ᠠ ᠮᠥᠴᠢᠷ᠂ 780 ᠤᠴᠢᠷ ᠶᠠᠪᠤᠳᠠᠯ᠎ᠲᠠᠢ ᠬᠤᠯᠪᠤᠭᠳᠠᠭᠰᠠᠨ ᠬᠡᠷᠡᠭ ᠶᠠᠪᠤᠳᠠᠯ᠎ᠤᠨ ᠭᠦᠢ᠍ᠴᠡᠳᠭᠡᠬᠦ ᠲᠡᠰ ᠲᠠᠷᠠᠭ᠋ᠠᠯᠠᠯ᠂ ᠬᠡᠷᠡᠭ ᠶᠠᠪᠤᠳᠠᠯ ᠭᠦᠢ᠍ᠴᠡᠳᠭᠡᠬᠦ ᠴᠤᠩᠬᠤ᠂ ᠰᠠᠯᠠᠭ᠎ᠠ ᠮᠥᠴᠢᠷ᠎ᠤᠨ ᠤᠲᠠᠰᠦ ᠵᠢᠴᠢ ᠬᠠᠩᠭ᠋ᠠᠬᠤ ᠴᠢᠬᠤᠯᠠᠲᠠᠢ ᠮᠠᠲᠸᠷᠢᠶᠠᠯ ᠵᠡᠷᠭᠡ ᠠᠭᠤᠯᠭ᠎ᠠ ᠵᠢ ᠪᠠᠰᠠ ᠲᠠᠨᠢᠯᠴᠠᠭᠤᠯᠵᠠᠢ᠃ ᠵᠠᠷᠤᠳᠠᠯ ᠰᠦᠢ᠍ᠳᠭᠡᠯ ᠠᠪᠬᠤ ᠦᠭᠡᠢ ᠨᠡᠢ᠌ᠲᠡ ᠵᠢᠨ ᠠᠰᠠᠷᠠᠮᠵᠢ ᠵᠢᠨ 12349 ᠬᠠᠯᠠᠮᠰᠢᠯ ᠤᠲᠠᠰᠦ ᠵᠢ ᠤᠲᠠᠰᠦᠳᠠᠪᠠᠯ᠂ ᠴᠠᠭ ᠲᠤᠬᠠᠢ᠎ᠳᠤᠨᠢ ᠲᠠᠢ᠌ᠯᠪᠤᠷᠢᠯᠠᠵᠦ ᠬᠠᠷᠢᠭᠤᠯᠵᠦ ᠦᠭᠭᠦᠨ᠎ᠡ᠃ ᠨᠢᠭᠡ ᠯᠡ ᠭᠠᠵᠠᠷ ᠤᠴᠢᠵᠦ᠂ ᠨᠢᠭᠡ ᠯᠡ ᠤᠳᠠᠭ᠎ᠠ ᠬᠦᠶᠦᠬᠦ ᠪᠤᠯᠤᠭᠰᠠᠨ᠎ᠠᠴᠠ ᠮᠠᠯᠴᠢᠨ ᠲᠦᠮᠡᠨ᠎ᠤ ᠤᠴᠢᠷ ᠶᠠᠪᠤᠳᠠᠯ ᠭᠦᠢ᠍ᠴᠡᠳᠭᠡᠬᠦ᠎ᠳᠤ ᠬᠦᠴᠢᠷᠲᠠᠢ᠂ ᠤᠳᠠᠭ᠋ᠠᠨ ᠪᠠᠢ᠌ᠭᠰᠠᠨ ᠠᠰᠠᠭᠤᠳᠠᠯ᠎ᠢ ᠦᠨᠡᠨᠬᠦ ᠰᠢᠢ᠍ᠳᠪᠤᠷᠢᠯᠡᠵᠦ ᠦᠭᠴᠠᠢ᠃
     12349 ᠠᠷᠠᠳ᠎ᠤᠨ ᠠᠮᠢᠳᠤᠷᠠᠯ᠎ᠤᠨ ᠦᠢ᠍ᠯᠡᠴᠢᠯᠡᠭᠡᠨ᠎ᠤ ᠬᠠᠯᠠᠮᠰᠢᠯ ᠤᠲᠠᠰᠦ ᠵᠢᠨ ᠵᠠᠰᠠᠭ᠎ᠤᠨ ᠶᠠᠪᠤᠳᠠᠯ᠎ᠤᠨ ᠯᠠᠪᠯᠠᠯᠭ᠎ᠠ ᠵᠢᠨ ᠴᠢᠳᠠᠮᠵᠢ ᠬᠡᠷᠡᠭᠯᠡᠭᠳᠡᠭᠰᠡᠨ᠎ᠠᠴᠠ ᠨᠠᠰᠢ ᠵᠠᠰᠠᠭ᠎ᠤᠨ ᠶᠠᠪᠤᠳᠠᠯ᠎ᠤᠨ ᠯᠠᠪᠯᠠᠯᠭ᠎ᠠ ᠵᠢᠨ ᠤᠲᠠᠰᠦ 162᠎ᠢ ᠪᠠᠰᠠ ᠵᠠᠯᠭ᠋ᠠᠨ ᠨᠡᠪᠲᠡᠷᠡᠬᠦᠯᠵᠠᠢ᠃
     《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠨᠡᠪᠲᠡᠷᠡᠭᠦᠯᠭᠡ ᠵᠢ 4 ᠳ᠋ᠤᠭᠡᠷ ᠰᠠᠷ᠎ᠠ ᠵᠢᠨ 1᠎ᠤ ᠠ᠋ᠳᠦᠷ᠎ᠠᠴᠠ ᠠᠯᠠᠱ᠌ᠠ ᠠᠢ᠌ᠮᠠᠭ᠎ᠤᠨ ᠷᠠᠳᠢᠣ᠋ ᠲᠸᠯᠸᠢᠰ᠎ᠤᠨ ᠬᠤᠷᠢᠶᠠᠨ᠎ᠤ ᠮᠤᠩᠭᠤᠯ ᠬᠡᠯᠡᠨ᠎ᠤ ᠨᠡᠪᠲᠡᠷᠡᠭᠦᠯᠭᠡ ᠵᠢᠨ 《ᠠᠮᠢᠳᠤᠷᠠᠯ᠎ᠤᠨ ᠬᠠᠯᠠᠮᠰᠢᠯ ᠤᠲᠠᠰᠦ》᠎ᠳᠤ ᠨᠡᠪᠲᠡᠷᠡᠭᠦᠯᠵᠦ ᠠ᠋ᠬᠢᠯᠡᠵᠠᠢ᠂ ᠨᠡᠪᠲᠡᠷᠡᠭᠦᠯᠬᠦ ᠴᠠᠭ᠎ᠨᠢ ᠠ᠋ᠳᠦᠷ ᠪᠦᠷᠢ ᠵᠢᠨ ᠦᠳᠡ ᠵᠢᠨ ᠬᠤᠢ᠌ᠨᠠᠬᠢ 17᠄ 00 ᠴᠠᠭ᠃  

ᠢᠷᠡᠯᠲᠡ᠄
          
ᠬᠠᠮᠢᠶ᠎ᠡ ᠪᠦᠬᠦᠢ ᠰᠣᠨᠢᠨ
ᠬᠦᠯᠤᠨ ᠪᠦᠢ᠍ᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠬᠢᠯᠢ ᠵᠠᠭ᠋ᠠᠭ᠎ᠤᠨ ᠬᠠᠮᠢᠶᠠᠷᠣᠯᠲᠠ ᠵᠢᠨ ᠵᠠᠷᠤᠳᠠᠯ᠎ᠢ ᠴᠠᠭ ᠳᠤᠬᠠᠢ᠎ᠳᠤᠨᠢ ᠪᠠᠭᠤᠯᠭ᠋ᠠᠵᠤ ᠪᠠᠢ᠌ᠨ᠎ᠠ
ᠬᠡᠤᠬᠡᠳ᠎ᠤᠨ ᠰᠡᠳᠬᠢᠯ ᠨᠠᠰᠤᠲᠠᠢ᠌ᠴᠤᠳ᠎ᠢ ᠳᠤᠯᠠᠭ᠋ᠠᠴᠠᠭᠤᠯᠤᠨ᠎ᠠ
ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶ᠎ᠠ 2019 ᠤᠨ᠎ᠤ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠪᠤᠯᠤᠨ ᠰᠠᠬᠢᠯᠭ᠎ᠠ ᠪᠠᠲᠦ ᠪᠠᠢ᠌ᠴᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠪᠠ
ᠠᠷᠠᠳ᠎ᠤᠨ ᠶᠠᠪᠤᠳᠠᠯ᠎ᠤᠨ ᠲᠢᠩᠬᠢᠮ 2019 ᠤᠨ᠎ᠤ ᠨᠠᠮ᠎ᠤᠨ ᠤᠳᠤᠷᠢᠳᠬᠤ ᠲᠤᠭᠤᠢ᠌ᠯᠠᠠᠩ᠎ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ᠎ᠤᠨ 11 ᠳ᠋ᠤᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠤᠶᠠᠳᠤᠭ᠋ᠠᠷ ᠤᠳᠠᠭ᠋ᠠᠠ᠎ᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢ ᠨᠡᠢ᠌ᠲᠡᠮ ᠪᠠᠢ᠌ᠴᠠᠭ᠋ᠠᠬᠤ ᠠᠵᠢᠯ᠎ᠤᠨ ᠳ᠋ᠦᠩᠨᠡᠯᠲᠡ ᠵᠢᠨ ᠲᠸᠯᠸᠢᠰ ᠤᠲᠠᠰᠤᠲᠤ ᠬᠤᠷᠠᠯ᠎ᠳᠤ ᠤᠷᠤᠯᠴᠠᠪᠠ
 
            