ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠠᠭ᠋ᠠᠭᠬᠠᠳᠠ ᠬᠤᠳᠠ ᠵᠢᠨ ᠯᠢᠨ ᠰᠢ ᠰᠢᠶᠠᠨ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠳᠠ ᠵᠢᠨ ᠦᠷ᠎ᠡ ᠳ᠋ᠦᠩ᠎ᠳᠤ ᠳᠦᠰᠢᠭᠯᠡᠨ 《ᠳᠠᠪᠤᠨ ᠨᠢᠬᠡ》 ᠵᠢᠨ ᠢᠨᠵᠸᠨ᠋ᠸᠷᠢᠩ᠎ᠤᠨ ᠰᠢᠨ᠎ᠡ ᠠᠷᠭ᠎ᠠ ᠬᠡᠯᠪᠡᠷᠢ ᠵᠢ ᠠᠰᠢᠭᠯᠠᠨ ᠭᠡᠷᠡᠭᠵᠢᠬᠦᠯᠵᠦ ᠪᠤᠢ
ᠨᠡᠶᠢᠲᠡᠯᠡᠭᠰᠡᠨ ᠴᠠᠭ᠄ 2019-04-16

                         

      ᠬᠤᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠳᠠ ᠵᠢᠨ ᠠᠵᠢᠯ ᠠ᠋ᠬᠢᠯᠡᠭᠰᠡᠨ᠎ᠠᠴᠠ ᠬᠤᠢ᠌ᠰᠢ ᠤᠯᠠᠭ᠋ᠠᠭᠬᠠᠳᠠ ᠬᠤᠳᠠ ᠵᠢᠨ ᠯᠢᠨ ᠰᠢ ᠰᠢᠶᠠᠨ᠎ᠤ᠎ᠬᠢᠨ ᠦᠪᠡᠷᠳᠡᠬᠡᠨ ᠵᠠᠰᠠᠬᠤ ᠤᠷᠤᠨ ᠪᠠ ᠤᠯᠠᠭ᠋ᠠᠭᠬᠠᠳᠠ ᠬᠤᠳᠠ ᠵᠢᠨ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠳᠠ ᠵᠢᠨ ᠠᠵᠢᠯ᠎ᠤᠨ ᠪᠠᠢ᠌ᠷᠢᠯᠠᠭᠤᠯᠤᠯᠳᠠ ᠪᠠ ᠱᠠᠭ᠋ᠠᠷᠳᠠᠯᠭ᠎ᠠ ᠶᠤᠰᠤᠭ᠋ᠠᠷ 《ᠯᠢᠨ ᠰᠢ ᠰᠢᠶᠠᠨ᠎ᠤ ᠬᠤᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠳᠠ ᠵᠢᠨ ᠦᠷ᠎ᠡ ᠳ᠋ᠦᠩ᠎ᠢ ᠬᠠᠷᠭᠤᠭᠤᠯᠬᠤ ᠳᠦᠯᠦᠪᠵᠢᠬᠦᠯᠬᠡ》 ᠳᠤᠭᠳᠠᠭ᠋ᠠᠨ᠂ ᠵᠤᠬᠢᠶᠠᠨ ᠪᠠᠢ᠌ᠭᠤᠯᠤᠯᠳᠠ ᠵᠢᠨ ᠬᠠᠮᠢᠶᠠᠷᠤᠯᠳᠠ᠎ᠪᠠᠨ ᠴᠢᠩᠭ᠋ᠠᠳᠬᠠᠨ᠂ ᠠᠵᠢᠯ᠎ᠤᠨ ᠴᠢᠨᠠᠷ ᠴᠢᠨᠰᠠᠭ᠎ᠠ ᠵᠢ ᠬᠦᠴᠦᠳᠠᠢ ᠠᠳᠬᠤᠵᠦ᠂ ᠠᠷᠭ᠎ᠠ ᠠᠪᠴᠠᠯ ᠵᠶ᠋ᠠᠨ ᠰᠢᠨᠡᠴᠢᠯᠡᠨ᠂ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠳᠠ ᠵᠢᠨ ᠦᠷ᠎ᠡ ᠳ᠋ᠦᠩ ᠵᠶ᠋ᠠᠷ ᠠᠴᠢᠶᠠᠯᠠᠪᠦᠷᠢ ᠪᠤᠯᠭ᠋ᠠᠵᠦ᠂ 《ᠳᠠᠪᠤᠨ ᠨᠢᠬᠡ ᠵᠢᠨ ᠢᠨᠵᠸᠨ᠋ᠸᠷᠢᠩ》᠎ᠤᠨ ᠠᠷᠭ᠎ᠠ ᠬᠡᠯᠪᠡᠷᠢ᠎ᠪᠠᠷ ᠨᠡᠢ᠌ᠳᠡᠮ ᠪᠠᠢ᠌ᠴᠠᠭ᠋ᠠᠯᠳᠠ ᠵᠢᠨ ᠦᠷ᠎ᠡ ᠳ᠋ᠦᠩ᠎ᠢ ᠰᠠᠢ᠌ᠵᠢᠷᠠᠭᠤᠯᠤᠭᠰᠠᠨ ᠪᠠᠢ᠌ᠨ᠎ᠠ᠃
      ᠨᠢᠭᠡ᠎ᠳᠤ᠂ ᠯᠢᠨ ᠰᠢ ᠰᠢᠶᠠᠨ᠎ᠤ᠎ᠬᠢᠨ ᠭᠠᠵᠠᠷ᠎ᠤᠨ ᠨᠡᠷ᠎ᠡ ᠵᠢᠨ ᠰᠤᠷᠠᠭ ᠵᠠᠩᠭᠢ ᠵᠢᠨ ᠪᠠᠢ᠌ᠭᠤᠯᠤᠯᠳᠠ ᠵᠢ 《ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠳᠠ ᠵᠢᠨ ᠦᠷ᠎ᠡ ᠳ᠋ᠦᠩ᠎ᠢ ᠠᠰᠢᠭᠯᠠᠬᠤ ᠳᠦᠯᠦᠪᠵᠢᠬᠦᠯᠬᠡ (2015 ᠤᠨ — 2020 ᠤᠨ)》 ᠵᠢᠨ ᠴᠢᠬᠤᠯᠠ ᠠᠭᠤᠯᠭ᠎ᠠ ᠪᠤᠯᠭ᠋ᠠᠨ᠂ ᠭᠠᠵᠠᠷ᠎ᠤᠨ ᠨᠡᠷ᠎ᠡ ᠵᠢ ᠳᠦᠷᠢᠮᠵᠢᠭᠦᠯᠤᠨ ᠮᠡᠳᠡᠬᠦᠯᠬᠦ ᠶᠠᠪᠤᠴᠠ ᠵᠢᠨ ᠰᠢᠨ᠎ᠡ ᠰᠢᠪᠳᠤᠯᠤᠯᠳᠠ ᠵᠢ ᠪᠡᠶᠡᠯᠡᠬᠦᠯᠦᠭᠰᠡᠨ ᠪᠠᠢ᠌ᠨ᠎ᠠ᠃ ᠨᠡᠢ᠌ᠳᠡᠮ ᠪᠠᠢ᠌ᠴᠠᠭ᠋ᠠᠯᠳᠠ ᠵᠢᠨ ᠠ᠋ᠬᠢᠨ᠎ᠳᠤ 《ᠯᠢᠨ ᠰᠢ ᠰᠢᠶᠠᠨ᠎ᠤ ᠭᠠᠵᠠᠷ᠎ᠤᠨ ᠨᠡᠷ᠎ᠡ ᠵᠢ ᠰᠦᠯᠵᠢᠶᠡᠨ ᠳᠡᠭᠡᠷ᠎ᠡ ᠮᠡᠳᠡᠬᠦᠯᠬᠦ ᠰᠢᠰᠲᠸᠮ》 ᠪᠠᠢ᠌ᠭᠤᠯᠵᠦ᠂ ᠨᠢᠬᠡ ᠳᠠᠯ᠎ᠠ᠎ᠪᠠᠷ ᠪᠠᠢ᠌ᠴᠠᠭ᠋ᠠᠨ᠂ ᠨᠢᠬᠡ ᠳᠠᠯ᠎ᠠ᠎ᠪᠠᠷ ᠪᠦᠷᠢᠳᠬᠡᠨ ᠲᠡᠮᠲᠡᠭᠯᠡᠬᠦ᠂ ᠳᠤᠳᠤᠭ᠋ᠠᠳᠤ ᠵᠢ ᠬᠠᠮᠠᠭ᠋ᠠᠯᠠᠬᠤ ᠳᠤᠪᠴᠢᠶ᠎ᠠ᠂ ᠤᠯᠤᠰ᠎ᠤᠨ ᠭᠠᠵᠡᠷ ᠰᠢᠷᠣᠢ ᠠ᠋ᠬᠢ ᠪᠠᠶᠠᠯᠢᠭ᠎ᠤᠨ ᠳᠤᠪᠴᠢᠶ᠎ᠠ᠂ ᠣᠷᠣᠨ ᠰᠠᠭᠤᠴᠠ ᠵᠢᠨ ᠪᠦᠳᠦᠬᠡᠨ ᠪᠠᠢ᠌ᠭᠤᠯᠤᠯᠳᠠ ᠵᠢᠨ ᠳᠤᠪᠴᠢᠶ᠎ᠠ ᠵᠡᠷᠭᠡ ᠰᠠᠯᠠᠭ᠎ᠠ ᠮᠦᠴᠢᠷ᠎ᠲᠠᠢ ᠬᠠᠮᠵᠢᠯᠴᠠᠨ᠂ ᠪᠦᠬᠦ ᠰᠢᠶᠠᠨ᠎ᠤ ᠭᠠᠵᠠᠷ᠎ᠤᠨ ᠨᠡᠷ᠎ᠡ ᠵᠢ ᠪᠠᠢ᠌ᠴᠠᠭ᠋ᠠᠬᠤ ᠠᠵᠢᠯ᠎ᠢ ᠰᠠᠢ᠌ᠳᠤᠷ ᠬᠢᠵᠦ᠂ ᠪᠦᠬᠦ ᠰᠢᠶᠠᠨ᠎ᠤ ᠭᠠᠵᠠᠷ᠎ᠤᠨ ᠨᠡᠷ᠎ᠡ ᠵᠢᠨ ᠳᠤᠭ᠎ᠠ ᠪᠠᠷᠢᠮᠳᠠ ᠵᠢᠨ ᠳᠡᠤᠬᠡᠨ ᠠᠰᠠᠭᠤᠳᠠᠯ᠎ᠢ ᠴᠡᠪᠡᠷᠯᠡᠨ ᠰᠢᠢ᠍ᠳᠪᠦᠷᠢᠯᠡᠭᠰᠡᠨ ᠪᠠᠢ᠌ᠨ᠎ᠠ᠃ ᠶᠡᠬᠡ ᠳ᠋ᠠᠢ᠌ᠲ᠋ᠠ ᠪᠠ ᠢᠨᠲᠸᠷ ᠰᠦᠯᠵᠢᠶ᠎ᠡ ᠵᠢᠨ ᠮᠡᠷᠭᠡᠵᠢᠯ᠎ᠲᠠᠢ ᠤᠶᠠᠯᠳᠤᠭᠤᠯᠵᠦ᠂ ᠭᠠᠵᠠᠷ᠎ᠤᠨ ᠨᠡᠷ᠎ᠡ ᠵᠢᠨ ᠳᠡᠭᠡᠭᠰᠢ ᠮᠡᠳᠡᠬᠦᠯᠬᠦ᠂ ᠬᠢᠨᠠᠨ ᠬᠠᠷᠭᠤᠭᠤᠯᠬᠤ᠂ ᠰᠢᠯᠭ᠋ᠠᠨ ᠪᠠᠢ᠌ᠴᠠᠭ᠋ᠠᠬᠤ ᠵᠡᠷᠭᠡ ᠳᠤᠬᠠᠢ᠌ᠯᠠᠭᠰᠠᠨ ᠠᠵᠢᠯ᠎ᠤᠨ ᠳᠦᠪᠯᠡᠷᠡᠭᠰᠡᠨ᠂ ᠳᠤᠤᠷ ᠰᠦᠯᠵᠢᠶᠡᠵᠢᠭᠰᠡᠨ᠂ ᠤᠶᠤᠨᠴᠢᠯᠠᠭᠰᠠᠨ ᠬᠠᠮᠢᠶᠠᠷᠤᠯᠳᠠ ᠵᠢ ᠪᠡᠶᠡᠯᠡᠬᠦᠯᠵᠦ᠂ ᠤᠯᠠᠮᠵᠢᠯᠠᠯᠳᠤ ᠬᠠᠮᠢᠶᠠᠷᠤᠯᠳᠠ ᠵᠢᠨ ᠳᠤᠮᠳᠠ ᠤᠷᠤᠰᠢᠵᠦ ᠪᠠᠢ᠌ᠭᠰᠠᠨ ᠳᠤᠭ᠎ᠠ ᠪᠠᠷᠢᠮᠳᠠ ᠬᠡᠭᠡᠭᠳᠡᠬᠦ ᠠᠰᠠᠭᠤᠳᠠᠯ᠎ᠢ ᠰᠢᠢ᠍ᠳᠪᠦᠷᠢᠯᠡᠵᠦ᠂ ᠪᠦᠬᠦ ᠰᠢᠶᠠᠨ᠎ᠤ ᠵᠠᠰᠠᠭ᠎ᠤᠨ ᠶᠠᠪᠤᠳᠠᠯ᠎ᠤᠨ ᠰᠤᠷᠠᠭ ᠵᠠᠩᠭᠢ ᠵᠢᠨ ᠠ᠋ᠬᠢ ᠪᠠᠶᠠᠯᠢᠭ᠎ᠢ ᠬᠤᠪᠢᠶᠠᠯᠴᠠᠬᠤ᠎ᠳᠤ ᠨᠠᠷᠢᠨ ᠣᠨᠣᠴᠠᠲᠠᠢ ᠳᠤᠭ᠎ᠠ ᠪᠠᠷᠢᠮᠳᠠ ᠬᠠᠩᠭ᠋ᠠᠵᠦ ᠴᠢᠳᠠᠭᠰᠠᠨ ᠪᠠᠢ᠌ᠨ᠎ᠠ᠃ ᠭᠠᠵᠠᠷ᠎ᠤᠨ ᠨᠡᠷ᠎ᠡ ᠵᠢᠨ ᠰᠦᠯᠵᠢᠶᠡᠨ ᠳᠡᠭᠡᠷ᠎ᠡ ᠮᠡᠳᠡᠬᠦᠯᠬᠦ ᠰᠢᠰᠲᠸᠮ᠎ᠤᠨ ᠪᠠᠢ᠌ᠭᠤᠯᠤᠯᠳᠠ᠎ᠨᠢ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠳᠠ᠎ᠤᠨ ᠰᠤᠷᠠᠭ ᠵᠠᠩᠭᠢᠵᠢᠯᠳᠠ ᠵᠢᠨ ᠴᠢᠬᠤᠯᠠ ᠦᠷ᠎ᠡ ᠪᠦᠲᠤᠭᠡᠯ ᠮᠦᠷᠳᠡᠬᠡᠨ ᠭᠠᠵᠠᠷ᠎ᠤᠨ ᠨᠡᠷ᠎ᠡ ᠵᠢᠨ ᠬᠠᠮᠢᠶᠠᠷᠤᠯᠳᠠ ᠪᠠ ᠦᠢ᠍ᠯᠡᠴᠢᠯᠡᠬᠡᠨ᠎ᠤ ᠳᠠᠯ᠎ᠠ ᠵᠢᠨ ᠰᠢᠨ᠎ᠡ ᠵᠢ ᠠ᠋ᠬᠦᠳᠦᠯᠳᠡ ᠮᠦᠨ᠃
      ᠬᠣᠶᠠᠷ᠎ᠲᠤ᠂ ᠬᠤᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠳᠠ ᠵᠢᠴᠢ ᠦᠷ᠎ᠡ ᠳ᠋ᠦᠩ᠎ᠢ ᠬᠠᠷᠭᠤᠭᠤᠯᠬᠤ ᠠᠵᠢᠯ᠎ᠲᠠᠢ᠎ᠪᠠᠨ ᠤᠶᠠᠯᠳᠤᠭᠤᠯᠵᠦ᠂ ᠯᠢᠨ ᠰᠢ ᠰᠢᠶᠠᠨ 《ᠳᠤᠤᠷ ᠰᠦᠯᠵᠢᠶ᠎ᠡ + ᠭᠠᠵᠠᠷ᠎ᠤᠨ ᠨᠡᠷ᠎ᠡ ᠵᠢ ᠤᠷᠤᠨ ᠪᠦᠰᠡ᠎ᠪᠠᠷ᠎ᠨᠢ ᠢᠯᠭ᠋ᠠᠬᠤ》 ᠵᠢ ᠠᠷᠠᠳ᠎ᠤᠨ ᠶᠠᠪᠤᠳᠠᠯ᠎ᠤᠨ ᠠᠵᠢᠯ᠎ᠤᠨ ᠴᠢᠬᠤᠯᠠ ᠠ᠋ᠬᠦᠷᠭᠡ ᠪᠤᠯᠭ᠋ᠠᠨ᠂ ᠪᠠᠷᠢᠮᠵᠢᠶᠠᠵᠢᠭᠰᠠᠨ᠂ ᠢᠳᠡᠬᠡᠬᠦᠯᠬᠦ ᠬᠦᠴᠦᠨ᠎ᠲᠠᠢ ᠳᠤᠰᠬᠠᠢ ᠮᠡᠷᠭᠡᠵᠢᠯ᠎ᠤᠨ ᠳᠤᠤᠷ ᠰᠦᠯᠵᠢᠶᠡᠨ᠎ᠤ ᠭᠠᠵᠠᠷ᠎ᠤᠨ ᠨᠡᠷ᠎ᠡ ᠵᠢᠨ ᠵᠢᠷᠤᠭ᠎ᠤᠨ ᠳᠡᠬᠦᠪᠦᠷᠢ ᠵᠢ ᠪᠦᠳᠦᠬᠡᠭᠰᠡᠨ ᠪᠠᠢ᠌ᠨ᠎ᠠ᠃ ᠤᠳᠤᠬᠠᠨ᠎ᠳᠤ ᠪᠦᠬᠦ ᠰᠢᠶᠠᠨ᠎ᠤ 9 ᠰᠢᠶᠠᠩ ᠪᠠᠯᠭ᠋ᠠᠰᠤ᠂ 1 ᠮᠠᠯᠵᠢᠯ᠎ᠤᠨ ᠳᠠᠯᠠᠪᠠᠢ᠎ᠢ ᠪᠠᠭᠳᠠᠭ᠋ᠠᠭᠰᠠᠨ ᠳᠤᠤᠷ ᠰᠦᠯᠵᠢᠶᠠᠨ᠎ᠤ ᠭᠠᠵᠠᠷ᠎ᠤᠨ ᠨᠡᠷ᠎ᠡ ᠵᠢᠨ ᠵᠢᠷᠤᠭ᠎ᠢ ᠨᠢᠬᠡᠨᠳᠡ ᠯᠢᠨ ᠰᠢ ᠰᠢᠶᠠᠨ᠎ᠤ ᠭᠠᠵᠠᠷ᠎ᠤᠨ ᠨᠡᠷ᠎ᠡ ᠵᠢ ᠤᠷᠤᠨ ᠪᠦᠰᠡ᠎ᠪᠠᠷ᠎ᠨᠢ ᠢᠯᠭ᠋ᠠᠬᠤ ᠳᠤᠤᠷ ᠰᠦᠯᠵᠢᠶᠡᠨ᠎ᠳᠤ ᠨᠡᠢ᠌ᠳᠡᠯᠡᠭᠰᠡᠨ ᠪᠠᠢ᠌ᠨ᠎ᠠ᠃
      ᠭᠤᠷᠪᠠ᠎ᠳᠤ᠂ ᠯᠢᠨ ᠰᠢ ᠵᠢᠨ ᠳᠡᠤᠬᠡ ᠤᠷᠳᠤ ᠤᠳᠠᠭ᠋ᠠᠨ᠂ ᠰᠤᠶᠤᠯ᠎ᠤᠨ ᠠᠭᠤᠯᠤᠭᠳᠠᠴᠠ ᠬᠦᠨ᠂ ᠭᠠᠵᠠᠷ᠎ᠤᠨ ᠨᠡᠷ᠎ᠡ ᠵᠢᠨ ᠠ᠋ᠬᠢ ᠪᠠᠶᠠᠯᠢᠭ ᠠ᠋ᠯᠪᠡᠭ᠂ ᠳᠤᠯᠭ᠎ᠠ ᠠᠭᠤᠯᠠᠨ᠎ᠤ ᠰᠢᠨ᠎ᠡ ᠴᠢᠯᠠᠭᠤᠨ ᠵᠡᠪᠰᠡᠭ᠎ᠤᠨ ᠰᠤᠶᠤᠯ᠎ᠤᠨ ᠦᠯᠡᠳᠡᠭᠳᠡᠯ᠎ᠨᠢ 5000 ᠭᠠᠷᠤᠢ ᠵᠢᠯ᠎ᠤᠨ ᠳᠡᠤᠬᠡ᠎ᠲᠠᠢ ᠪᠦᠭᠡᠳ ᠳ᠋ᠠ ᠵᠢᠩ ᠳᠤᠰᠬᠤᠨ᠎ᠤ ᠠ᠋ᠷᠳᠡᠨ᠎ᠤ ᠵᠡᠰ᠎ᠤᠨ ᠠᠭᠤᠷᠬᠠᠢ ᠵᠢᠨ ᠦᠯᠡᠳᠡᠭᠳᠡᠯ᠎ᠨᠢ ᠬᠤᠪᠸᠢ ᠵᠢᠨ ᠲᠦᠩ ᠯᠢᠤᠢ ᠱᠠᠨ ᠠᠭᠤᠯᠠᠨ᠎ᠤ ᠠ᠋ᠷᠳᠡᠨ᠎ᠤ ᠵᠡᠰ᠎ᠤᠨ ᠠᠭᠤᠷᠬᠠᠢ ᠵᠢᠨ ᠦᠯᠡᠳᠡᠭᠳᠡᠯ᠎ᠲᠠᠢ ᠠᠳᠠᠯᠢᠬᠠᠨ ᠳᠡᠰ᠎ᠲᠠᠢ ᠠᠭᠤᠷᠬᠠᠢ ᠪᠠᠢ᠌ᠵᠦ᠂ 《ᠳᠤᠮᠳᠠᠳᠤ ᠤᠯᠤᠰ᠎ᠤᠨ ᠤᠮᠠᠷᠠᠳᠤ ᠵᠢᠨ ᠵᠡᠰ᠎ᠤᠨ ᠨᠤᠳᠤᠭ》 ᠬᠡᠬᠦ ᠰᠠᠢ᠌ᠬᠠᠨ ᠠᠯᠳᠠᠷ᠎ᠲᠠᠢ ᠪᠢᠯᠡ᠃ ᠯᠢᠨ ᠰᠢ ᠰᠢᠶᠠᠨ ᠨᠡᠢ᠌ᠳᠡᠮ ᠪᠠᠢ᠌ᠴᠠᠭ᠋ᠠᠯᠳᠠ ᠵᠢᠨ ᠦᠷ᠎ᠡ ᠪᠦᠲᠤᠭᠡᠯ᠎ᠢ ᠰᠠᠢ᠌ᠳᠤᠷ ᠠᠰᠢᠭᠯᠠᠨ᠂ ᠤᠳᠤᠬᠢᠴᠢᠯᠠᠭᠰᠠᠨ ᠰᠤᠷᠠᠭ ᠵᠠᠩᠭᠢ ᠵᠢᠨ ᠮᠡᠷᠭᠡᠵᠢᠯ᠎ᠳᠤ ᠳᠦᠰᠢᠭᠯᠡᠨ᠂ ᠭᠠᠵᠠᠷ᠎ᠤᠨ ᠨᠡᠷ᠎ᠡ ᠵᠢᠨ ᠬᠠᠮᠢᠶᠠᠷᠤᠯᠳᠠ ᠪᠠ ᠦᠢ᠍ᠯᠡᠴᠢᠯᠡᠬᠡᠨ᠎ᠤ ᠬᠦᠷᠢᠶ᠎ᠡ ᠴᠠᠷ᠎ᠠ᠎ᠪᠠᠨ ᠦᠷᠭᠡᠳᠬᠡᠨ᠂ ᠭᠠᠵᠠᠷ᠎ᠤᠨ ᠨᠡᠷ᠎ᠡ ᠵᠢᠨ ᠳᠡᠮᠳᠡᠭ᠎ᠢ 《ᠢᠨᠲᠸᠷ ᠰᠦᠯᠵᠢᠶ᠎ᠡ + ᠭᠠᠵᠠᠷ᠎ᠤᠨ ᠨᠡᠷ᠎ᠡ ᠵᠢ ᠤᠷᠤᠨ ᠪᠦᠰᠡ᠎ᠪᠠᠷ᠎ᠨᠢ ᠢᠯᠭ᠋ᠠᠬᠤ》 ᠰᠤᠷᠠᠭ ᠵᠠᠩᠭᠢ ᠵᠢᠨ ᠰᠢᠰᠲᠸᠮ᠎ᠤᠨ ᠳᠠᠪᠴᠠᠩ᠎ᠳᠤ ᠨᠡᠢ᠌ᠳᠡᠯᠡᠭᠰᠡᠨ ᠪᠠᠢ᠌ᠨ᠎ᠠ᠃ 2016 ᠤᠨ᠎ᠳᠤ 《ᠭᠠᠵᠠᠷ᠎ᠤᠨ ᠨᠡᠷ᠎ᠡ ᠵᠢᠨ ᠳᠡᠮᠳᠡᠭ᠎ᠤᠨ ᠬᠤᠶᠠᠷ ᠬᠡᠮᠵᠢᠯᠳᠦ ᠺᠣᠳ᠋᠎ᠤᠨ ᠬᠠᠮᠢᠶᠠᠷᠤᠯᠳᠠ ᠵᠢᠨ ᠰᠢᠰᠲᠸᠮ》᠎ᠢ ᠪᠠᠢ᠌ᠭᠤᠯᠵᠦ᠂ ᠪᠦᠬᠦ ᠰᠢᠶᠠᠨ᠎ᠤ 963 ᠰᠠᠭᠤᠷᠢ ᠬᠦᠮᠦᠷᠭᠡ᠎ᠳᠤ ᠤᠷᠤᠭᠤᠯᠤᠭᠰᠠᠨ ᠵᠡᠬᠡᠯᠢ ᠵᠢᠨ ᠫᠠᠢ᠌ᠰᠠ ᠢᠯᠡᠷᠬᠡᠢ᠌ᠯᠡᠯ᠂ ᠰᠢᠶᠠᠩ ᠪᠠᠯᠭ᠋ᠠᠰᠤ᠂ ᠳᠤᠰᠬᠤᠨ᠂ ᠭᠠᠴᠠᠭ᠋ᠠᠨ᠎ᠤ ᠫᠠᠢ᠌ᠰᠠ ᠢᠯᠡᠷᠬᠡᠢ᠌ᠯᠡᠯ ᠵᠡᠷᠭᠡ ᠡᠯ᠎ᠡ ᠳᠦᠷᠦᠯ᠎ᠤᠨ ᠭᠠᠵᠠᠷ᠎ᠤᠨ ᠨᠡᠷ᠎ᠡ ᠵᠢᠨ ᠳᠡᠮᠳᠡᠭ᠎ᠲᠤ ᠳᠤᠰ ᠳᠤᠰ ᠬᠤᠶᠠᠷ ᠬᠡᠮᠵᠢᠯᠳᠦ ᠺᠣᠳ᠋ ᠳᠤᠬᠢᠷᠠᠭᠤᠯᠤᠭᠰᠠᠨ ᠪᠠᠢ᠌ᠨ᠎ᠠ᠃ ᠭᠠᠷ ᠤᠳᠠᠰᠤ᠎ᠪᠠᠷ ᠡᠯ᠎ᠡ ᠭᠠᠵᠠᠷ᠎ᠤᠨ ᠨᠡᠷ᠎ᠡ ᠵᠢᠨ ᠳᠡᠮᠳᠡᠭ ᠳᠡᠭᠡᠷᠡᠬᠢ ᠬᠤᠶᠠᠷ ᠬᠡᠮᠵᠢᠯᠳᠦ ᠺᠣᠳ᠋᠎ᠢ ᠰᠢᠷᠪᠢᠬᠦ᠎ᠪᠠᠷ ᠳᠠᠮᠵᠢᠨ ᠭᠠᠵᠠᠷ᠎ᠤᠨ ᠨᠡᠷ᠎ᠡ ᠵᠢᠨ ᠢᠷᠡᠯᠳᠡ᠂ ᠠᠭᠤᠯᠤᠭᠳᠠᠬᠤᠨ ᠵᠢᠴᠢ ᠭᠠᠵᠠᠷ᠎ᠤᠨ ᠨᠡᠷ᠎ᠡ ᠵᠢᠨ ᠳᠡᠮᠳᠡᠭ᠎ᠤᠨ ᠰᠤᠷᠠᠭ ᠵᠠᠩᠭᠢ ᠵᠢ ᠨᠠᠷᠢᠨ ᠤᠢ᠌ᠯᠠᠭ᠋ᠠᠵᠦ ᠳᠡᠢ᠌ᠯᠦᠨ᠎ᠡ᠃ ᠠ᠋ᠬᠦᠨ᠎ᠤ ᠳᠠᠭ᠋ᠠᠤ ᠬᠤᠳᠠ ᠵᠢᠨ ᠳᠦᠪ᠎ᠤᠨ ᠭᠤᠤᠯ ᠪᠠᠢ᠌ᠭᠤᠯᠭ᠎ᠠ ᠨᠢᠭᠡᠴᠢ᠂ ᠳᠡᠷᠭᠡᠨ ᠦᠷᠳᠡᠭᠡ᠂ ᠠᠭᠤᠳᠠᠮ ᠳᠠᠯᠠᠪᠠᠢ᠂ ᠬᠤᠳᠠᠯᠳᠤᠭ᠋ᠠᠨ᠎ᠤ ᠳᠠᠯᠠᠪᠠᠢ ᠵᠡᠷᠭᠡ ᠪᠠᠷᠢᠯᠭ᠎ᠠ ᠵᠢᠨ ᠠ᠋ᠬᠦᠳᠡᠨ ᠫᠠᠢ᠌ᠰᠠ ᠢᠯᠡᠷᠬᠡᠢ᠌ᠯᠡᠯ᠎ᠢ ᠨᠢᠬᠡᠳᠦᠯᠳᠠᠢ ᠪᠤᠯᠭ᠋ᠠᠨ ᠪᠦᠬᠦᠨ᠎ᠳᠤ᠎ᠨᠢ ᠬᠤᠶᠠᠷ ᠬᠡᠮᠵᠢᠯᠳᠦ ᠺᠣᠳ᠋ ᠳᠤᠬᠢᠷᠠᠭᠤᠯᠵᠦ᠂ ᠬᠦᠮᠦᠰ᠎ᠤᠨ ᠭᠠᠳᠠᠭᠰᠢ ᠭᠠᠷᠬᠤ᠂ ᠬᠤᠭᠤᠯᠠ ᠢᠳᠡᠬᠦ᠂ ᠪᠠᠭᠤᠳᠠᠯ᠎ᠳᠤ ᠰᠠᠭᠤᠬᠤ᠂ ᠪᠠᠷᠠᠭ᠎ᠠ ᠬᠤᠳᠠᠯᠳᠤᠨ ᠠᠪᠬᠤ ᠵᠡᠷᠭᠡ᠎ᠳᠤ ᠨᠡᠩ ᠨᠠᠷᠢᠨ ᠰᠤᠷᠠᠭ ᠵᠠᠩᠭᠢ ᠵᠢ ᠬᠠᠩᠭ᠋ᠠᠵᠦ᠂ ᠭᠠᠵᠠᠷ᠎ᠤᠨ ᠨᠡᠷ᠎ᠡ ᠵᠢᠨ ᠠᠵᠢᠯ᠎ᠢ ᠨᠡᠢ᠌ᠬᠡᠮ᠎ᠳᠤ ᠦᠢ᠍ᠯᠡᠴᠢᠯᠡᠬᠦ᠂ ᠠᠵᠦ ᠠᠬᠤᠢ ᠨᠡᠢ᠌ᠬᠡᠮ᠎ᠤᠨ ᠬᠦᠭᠵᠢᠯᠳᠡ᠎ᠳᠤ ᠦᠢ᠍ᠯᠡᠴᠢᠯᠡᠬᠦᠯᠵᠦ ᠴᠢᠳᠠᠭᠰᠠᠨ ᠪᠠᠢ᠌ᠨ᠎ᠠ᠃
      ᠳᠦᠷᠪᠠ᠎ᠳᠤ᠂ ᠨᠡᠢ᠌ᠳᠡᠮ ᠪᠠᠢ᠌ᠴᠠᠭ᠋ᠠᠯᠳᠠ ᠵᠢᠨ ᠦᠷ᠎ᠡ ᠪᠦᠲᠤᠭᠡᠯ᠎ᠢ ᠳᠦᠷᠬᠡᠨ ᠬᠠᠷᠭᠤᠭᠤᠯᠬᠤ ᠵᠢ ᠪᠡᠶᠡᠯᠡᠬᠦᠯᠬᠦ ᠵᠢᠨ ᠳᠤᠰᠠᠳᠠ᠂ ᠯᠢᠨ ᠰᠢ ᠰᠢᠶᠠᠨ᠎ᠤ ᠨᠠᠮ᠎ᠤᠨ ᠬᠤᠷᠢᠶ᠎ᠠ᠂ ᠵᠠᠰᠠᠭ᠎ᠤᠨ ᠤᠷᠳᠤᠨ 《ᠯᠢᠨ ᠰᠢ ᠰᠢᠶᠠᠨ᠎ᠤ ᠭᠠᠵᠠᠷ᠎ᠤᠨ ᠨᠡᠷ᠎ᠡ ᠵᠢᠨ ᠪᠤᠳᠢ ᠵᠢᠨ ᠳᠤᠭᠤᠷᠪᠢᠨ ᠪᠢᠴᠢᠬᠦ ᠠᠵᠢᠯ᠎ᠢ ᠰᠠᠢ᠌ᠳᠤᠷ ᠬᠢᠬᠦ ᠳᠤᠬᠠᠢ ᠮᠡᠳᠡᠭᠳᠡᠯ》᠎ᠢ ᠳᠠᠷᠤᠮᠠᠯᠯᠠᠨ ᠳᠠᠷᠬᠠᠭ᠋ᠠᠵᠤ᠂ ᠭᠠᠵᠠᠷ᠎ᠤᠨ ᠨᠡᠷ᠎ᠡ ᠵᠢᠨ ᠤᠢ᠌ᠯᠠᠯᠭ᠎ᠠ ᠵᠢ ᠨᠠᠢ᠌ᠷᠠᠭᠤᠯᠤᠨ ᠪᠢᠴᠢᠬᠦ ᠵᠢ ᠳᠦᠷᠢᠮᠵᠢᠬᠦᠯᠵᠦ᠂ ᠪᠦᠬᠦ ᠬᠦᠴᠦᠨ ᠵᠶ᠋ᠠᠷ 《ᠳᠠᠪᠤᠨ ᠨᠢᠬᠡ》 ᠵᠢᠨ ᠦᠷ᠎ᠡ ᠪᠦᠳᠦᠮᠵᠢ ᠵᠢ ᠠᠰᠢᠭᠯᠠᠬᠤ ᠢᠨᠵᠸᠨ᠋ᠸᠷᠢᠩ ᠪᠣᠯᠭ᠋ᠠᠨ ᠬᠡᠷᠡᠭᠵᠢᠬᠦᠯᠵᠡᠢ᠄ ᠨᠢᠬᠡ ᠳᠡᠪᠳᠡᠷ ᠭᠠᠵᠠᠷ᠎ᠤᠨ ᠨᠡᠷ᠎ᠡ ᠵᠢᠨ ᠤᠢ᠌ᠯᠠᠯᠭ᠎ᠠ᠂ ᠨᠢᠬᠡ ᠳᠡᠪᠳᠡᠷ ᠭᠠᠵᠠᠷ᠎ᠤᠨ ᠨᠡᠷ᠎ᠡ ᠵᠢᠨ ᠵᠢᠷᠤᠭ᠎ᠤᠨ ᠳᠡᠬᠦᠪᠦᠷᠢ᠂ ᠨᠢᠬᠡ ᠢᠵᠢ ᠨᠠᠢ᠌ᠷᠠᠭᠤᠯᠬᠤ ᠰᠢᠰᠲᠸᠮ᠂ ᠨᠢᠬᠡ ᠤᠩᠰᠢᠯᠭ᠎ᠠ ᠵᠢᠨ ᠳᠠᠪᠴᠠᠩ᠂ ᠨᠢᠬᠡ ᠳᠤᠭ᠎ᠠ ᠪᠠᠷᠢᠮᠳᠠ ᠵᠢᠨ ᠬᠦᠮᠦᠷᠭᠡ᠃ ᠤᠳᠤᠬᠠᠨ᠎ᠳᠤ 《ᠳᠠᠪᠤᠨ ᠨᠢᠬᠡ》 ᠵᠢᠨ ᠦᠷ᠎ᠡ ᠪᠦᠳᠦᠬᠡᠯ᠎ᠤᠨ ᠢᠨᠵᠸᠨ᠋ᠸᠷᠢᠩ ᠪᠦᠬᠦᠨ ᠵᠶ᠋ᠠᠷ ᠵᠶ᠋ᠠᠨ ᠳᠠᠭᠤᠰᠤᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠮᠤᠩᠭᠤᠯ ᠬᠡᠯᠡᠨ᠎ᠤ ᠠᠭ᠋ᠠᠷ᠎ᠲᠠᠬᠢ 12349 ᠵᠠᠰᠠᠭ᠎ᠤᠨ ᠶᠠᠪᠤᠳᠠᠯ᠎ᠤᠨ ᠯᠠᠪᠯᠠᠯᠭ᠎ᠠ ᠵᠢᠨ ᠨᠡᠪᠲᠡᠷᠡᠭᠦᠯᠭᠡ ᠠ᠋ᠬᠢᠯᠡᠪᠡ
ᠬᠦᠯᠤᠨ ᠪᠦᠢ᠍ᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠬᠢᠯᠢ ᠵᠠᠭ᠋ᠠᠭ᠎ᠤᠨ ᠬᠠᠮᠢᠶᠠᠷᠣᠯᠲᠠ ᠵᠢᠨ ᠵᠠᠷᠤᠳᠠᠯ᠎ᠢ ᠴᠠᠭ ᠳᠤᠬᠠᠢ᠎ᠳᠤᠨᠢ ᠪᠠᠭᠤᠯᠭ᠋ᠠᠵᠤ ᠪᠠᠢ᠌ᠨ᠎ᠠ
ᠬᠡᠤᠬᠡᠳ᠎ᠤᠨ ᠰᠡᠳᠬᠢᠯ ᠨᠠᠰᠤᠲᠠᠢ᠌ᠴᠤᠳ᠎ᠢ ᠳᠤᠯᠠᠭ᠋ᠠᠴᠠᠭᠤᠯᠤᠨ᠎ᠠ
ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶ᠎ᠠ 2019 ᠤᠨ᠎ᠤ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠪᠤᠯᠤᠨ ᠰᠠᠬᠢᠯᠭ᠎ᠠ ᠪᠠᠲᠦ ᠪᠠᠢ᠌ᠴᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠪᠠ
ᠠᠷᠠᠳ᠎ᠤᠨ ᠶᠠᠪᠤᠳᠠᠯ᠎ᠤᠨ ᠲᠢᠩᠬᠢᠮ 2019 ᠤᠨ᠎ᠤ ᠨᠠᠮ᠎ᠤᠨ ᠤᠳᠤᠷᠢᠳᠬᠤ ᠲᠤᠭᠤᠢ᠌ᠯᠠᠠᠩ᠎ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ᠎ᠤᠨ 11 ᠳ᠋ᠤᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
 
            