ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠪᠠᠶᠠᠨᠨᠠᠭᠤᠷ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠨᠠᠮ᠎ᠤᠨ ᠲᠤᠭᠤᠢ᠌ᠯᠠᠩ ᠰᠢ ᠵᠢᠨ ᠫᠢᠩ ᠶᠡᠷᠤᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠰᠤᠷᠤᠯᠴᠠᠨ ᠲᠤᠤᠱᠯᠠᠭᠤᠯᠪᠠ
ᠨᠡᠶᠢᠲᠡᠯᠡᠭᠰᠡᠨ ᠴᠠᠭ᠄ 2019-04-17

                           

      4 ᠳ᠋ᠤᠭᠡᠷ ᠰᠠᠷ᠎ᠠ ᠵᠢᠨ 8᠎ᠤ ᠠ᠋ᠲᠤᠷ ᠪᠠᠶᠠᠨᠨᠠᠭᠤᠷ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠨᠠᠮ᠎ᠤᠨ ᠲᠤᠭᠤᠢ᠌ᠯᠠᠩ᠎ᠤᠨ ᠭᠤᠤᠯ ᠰᠤᠷᠤᠯᠴᠠᠬᠤ ᠲᠤᠭᠤᠢ᠌ᠯᠠᠩ ᠦᠷᠭᠡᠳᠬᠡᠭᠰᠠᠨ ᠬᠤᠷᠠᠯ ᠬᠢᠵᠤ᠂ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠳᠤᠬᠠᠢ ᠴᠢᠬᠤᠯᠠ ᠵᠢᠭ᠋ᠠᠪᠤᠷᠢ ᠪᠤᠯᠤᠨ ᠠᠷᠪᠠᠨ ᠲᠦᠷᠪᠡᠲᠤᠭᠡᠷ ᠤᠲᠠᠭ᠋ᠠᠨ᠎ᠤ ᠪᠦᠬᠥ ᠤᠯᠤᠰ᠎ᠤᠨ ᠠᠷᠠᠳ᠎ᠤᠨ ᠶᠠᠪᠤᠲᠠᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠲᠤᠰᠬᠠᠢ ᠰᠡᠲᠤᠪ ᠵᠶ᠋ᠠᠷ ᠤᠯᠠᠮᠵᠢᠯᠠᠪᠠ᠃ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶᠠᠨ᠎ᠤ ᠨᠠᠮ᠎ᠤᠨ ᠲᠣᠭᠣᠢ᠌ᠯᠠᠩ᠎ᠤᠨ ᠱᠦᠵᠢ᠂ ᠲᠤᠪᠴᠢᠶᠠᠨ ᠲᠠᠷᠤᠭ᠎ᠠ ᠶᠤᠸᠡᠨ ᠽᠸᠩ ᠵᠤ᠌ ᠬᠣᠷᠠᠯ᠎ᠢ ᠠ᠋ᠷᠬᠢᠯᠡᠵᠤ᠂ ᠲᠤᠪᠴᠢᠶᠠᠨ᠎ᠤ ᠤᠲᠤᠷᠢᠲᠤᠯᠭ᠎ᠠ᠂ ᠪᠠᠢ᠌ᠭᠤᠯᠭ᠎ᠠ ᠵᠢᠨ ᠡᠯ᠎ᠡ ᠰᠠᠯᠠᠭ᠎ᠠ ᠲᠠᠰᠤᠭ᠂ ᠰᠢᠭᠤᠳ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ ᠨᠠᠷ ᠬᠤᠷᠠᠯ᠎ᠳᠤ ᠤᠷᠤᠯᠴᠠᠭᠰᠠᠨ ᠪᠠᠢ᠌ᠨ᠎ᠠ᠃
      ᠶᠤᠸᠡᠨ ᠽᠸᠩ ᠵᠤ᠌᠎ᠠᠴᠠ ᠪᠦᠬᠥ ᠬᠤᠲᠠ ᠵᠢᠨ ᠠᠷᠠᠳ᠎ᠤᠨ ᠶᠠᠪᠤᠲᠠᠯ᠎ᠤᠨ ᠰᠢᠰᠲᠸᠮ᠎ᠤᠨ ᠪᠦᠬᠥ ᠨᠠᠮ᠎ᠤᠨ ᠭᠡᠰᠢᠬᠥᠨ ᠺᠠᠳ᠋ᠷ ᠨᠡᠷ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠳᠤᠬᠠᠢ ᠴᠢᠬᠤᠯᠠ ᠵᠢᠭ᠋ᠠᠪᠤᠷᠢ ᠵᠢ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ᠎ᠢ ᠤᠲᠤᠬᠠᠨ᠎ᠤ ᠪᠠ ᠬᠤᠢ᠌ᠰᠢᠲᠠ ᠵᠢᠨ ᠭᠡᠰᠡᠭ ᠬᠤᠭᠤᠴᠠᠭ᠋ᠠᠨ᠎ᠤ ᠪᠦᠬᠥ ᠬᠤᠳ᠋ᠨ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠲᠡᠷᠢᠬᠥᠨ ᠴᠢᠬᠤᠯᠠ ᠠ᠋ᠬᠥᠷᠭᠡ ᠪᠤᠯᠭ᠋ᠠᠨ ᠬᠦᠨᠵᠡᠭᠡᠢ ᠰᠤᠷᠤᠯᠴᠠᠵᠤ ᠦᠨᠡᠨ ᠪᠤᠲᠠᠲᠠᠢ ᠨᠠᠢ᠌ᠲᠠᠪᠤᠷᠢᠵᠢᠭᠤᠯᠬᠤ ᠵᠢ ᠪᠠᠳᠣᠯᠠᠬᠣ ᠬᠡᠷᠡᠭᠲᠠᠢ᠃ ᠤᠯᠠᠨ ᠵᠦᠢ᠍ᠯ᠎ᠤᠨ ᠠᠷᠭ᠎ᠠ ᠬᠡᠯᠪᠡᠷᠢ᠎ᠪᠠᠷ ᠰᠤᠲᠤᠯᠤᠨ ᠶᠠᠷᠢᠯᠴᠠᠵᠤ ᠰᠤᠷᠤᠯᠴᠠᠬᠤ ᠠᠵᠢᠯᠯᠠᠭ᠎ᠠ ᠵᠢ ᠵᠤᠬᠢᠶᠠᠨ ᠪᠠᠢ᠌ᠭᠤᠯᠵᠤ᠂ ᠰᠤᠷᠤᠯᠴᠠᠯᠭ᠎ᠠ᠎ᠪᠠᠷ ᠲᠠᠮᠵᠢᠨ ᠪᠦᠬᠥ ᠬᠤᠲᠠ ᠵᠢᠨ ᠠᠷᠠᠳ᠎ᠤᠨ ᠶᠠᠪᠤᠲᠠᠯ᠎ᠤᠨ ᠰᠢᠰᠲᠸᠮ᠎ᠤᠨ ᠨᠠᠮ᠎ᠤᠨ ᠭᠡᠰᠢᠬᠥᠨ ᠺᠠᠳ᠋ᠷ ᠨᠠᠷ᠎ᠤᠨ ᠦᠵᠡᠯ ᠰᠠᠨᠠᠭ᠎ᠠ ᠪᠤᠯᠤᠨ ᠤᠢ᠌ᠯᠡ ᠠᠵᠢᠯᠯᠠᠭ᠎ᠠ ᠵᠢ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠴᠢᠬᠤᠯᠠ ᠵᠢᠭ᠋ᠠᠪᠤᠷᠢ ᠪᠤᠯᠤᠨ ᠪᠦᠬᠥ ᠤᠯᠤᠰ᠎ᠤᠨ ᠠᠷᠠᠳ᠎ᠤᠨ ᠶᠠᠪᠤᠲᠠᠯ᠎ᠤᠨ ᠬᠤᠷᠠᠯᠲᠤᠭ᠋ᠠᠨ᠎ᠤ ᠰᠢᠢ᠍ᠳᠪᠤᠷᠢᠲᠤ ᠪᠤᠲᠤᠯᠭ᠎ᠠ ᠵᠢᠨ ᠪᠠᠢ᠌ᠷᠢᠯᠠᠭᠤᠯᠤᠯᠲᠠ ᠲᠡᠭᠡᠷ᠎ᠡ ᠦᠨᠡᠨᠬᠦ ᠨᠢᠭᠡᠳᠬᠡᠵᠤ᠂ ᠦᠵᠡᠯ ᠰᠠᠨᠠᠭ᠎ᠠ ᠤᠢ᠌ᠯᠡ ᠠᠵᠢᠯᠯᠠᠭ᠋ᠠᠨ᠎ᠤ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠰᠢᠨ᠎ᠡ ᠴᠠᠭ ᠦᠶ᠎ᠠ ᠵᠢᠨ ᠠᠷᠠᠳ᠎ᠤᠨ ᠶᠠᠪᠤᠲᠠᠯ᠎ᠤᠨ ᠠᠵᠢᠯ᠎ᠢ ᠰᠠᠢ᠌ᠲᠤᠷ ᠬᠢᠬᠥ ᠬᠡᠷᠡᠭᠲᠡᠢ᠃ ᠠᠷᠪᠠᠨ ᠲᠦᠷᠪᠡᠲᠤᠭᠡᠷ ᠤᠲᠠᠭ᠋ᠠᠨ᠎ᠤ ᠪᠦᠬᠥ ᠤᠯᠤᠰ᠎ᠤᠨ ᠠᠷᠠᠳ᠎ᠤᠨ ᠶᠠᠪᠤᠲᠠᠯ᠎ᠤᠨ ᠬᠤᠷᠠᠯᠲᠤᠭ᠋ᠠᠨ᠎ᠤ ᠡᠯ᠎ᠡ ᠵᠤᠢ᠌ᠯ᠎ᠤᠨ ᠪᠠᠢ᠌ᠷᠢᠯᠠᠭᠤᠯᠤᠯᠲᠠ ᠱᠠᠭ᠋ᠠᠷᠲᠠᠯᠭ᠎ᠠ ᠵᠢ ᠪᠦᠬᠥ ᠲᠠᠯ᠎ᠠ᠎ᠪᠠᠷ ᠲᠤᠤᠱ᠌ᠠᠯᠠᠭᠤᠯᠤᠨ ᠨᠠᠢ᠌ᠲᠠᠪᠤᠷᠢᠵᠢᠭᠤᠯᠵᠤ᠂ ᠰᠢ ᠵᠢᠨ ᠫᠢᠩ ᠶᠡᠷᠤᠩᠬᠡᠢ ᠱᠦᠵᠢ ᠵᠢᠨ ᠴᠢᠬᠤᠯᠠ ᠵᠢᠭ᠋ᠠᠪᠤᠷᠢ ᠪᠤᠯᠤᠨ ᠯᠢ ᠺᠸ ᠴᠢᠶᠠᠩ ᠶᠡᠷᠤᠩᠬᠡᠢ ᠰᠠᠢ᠌ᠳ᠂ ᠸᠠᠩ ᠶᠦᠨ ᠲᠦᠷᠤ ᠵᠢᠨ ᠶᠠᠪᠤᠲᠠᠯ᠎ᠤᠨ ᠬᠤᠷᠢᠶᠠᠨ᠎ᠤ ᠭᠡᠰᠢᠬᠥᠨ᠎ᠤ ᠶᠠᠷᠢᠶ᠎ᠠ ᠵᠢ ᠨᠠᠷᠢᠨ ᠬᠢᠨᠠᠮᠠᠭ᠋ᠠᠢ ᠬᠠᠷᠢᠴᠠᠭᠤᠯᠤᠨ ᠰᠤᠷᠤᠯᠴᠠᠵᠤ᠂ ᠵᠦᠷᠢᠶ᠎ᠡ᠎ᠪᠠᠨ ᠠ᠋ᠷᠢᠵᠤ᠂ ᠪᠤᠲᠠᠲᠠᠢ᠎ᠲᠠᠢ ᠤᠶᠠᠯᠲᠤᠭᠤᠯᠤᠨ ᠲᠣᠣᠱᠯᠠᠭᠣᠯᠣᠨ ᠨᠠᠢ᠌ᠲᠠᠪᠤᠷᠢᠵᠢᠭᠤᠯᠬᠤ ᠪᠤᠲᠠᠲᠤ ᠠᠷᠭ᠎ᠠ ᠬᠡᠮᠵᠢᠶ᠎ᠡ ᠠᠪᠴᠤ᠂ ᠪᠦᠬᠥ ᠬᠤᠲᠠ ᠵᠢᠨ ᠠᠷᠠᠳ᠎ᠤᠨ ᠶᠠᠪᠤᠲᠠᠯ᠎ᠤᠨ ᠠᠵᠢᠯ ᠤᠢ᠌ᠯᠡᠰ᠎ᠤᠨ ᠦᠭᠡᠷᠡᠴᠢᠯᠡᠯᠲᠠ ᠬᠦᠭᠵᠢᠯᠲᠠ ᠵᠢ ᠰᠢᠨ᠎ᠡ ᠱᠠᠲᠤᠨ᠎ᠳᠤ ᠠᠬᠢᠭᠤᠯᠬᠤ᠎ᠪᠠᠷ ᠴᠢᠷᠮᠠᠢ᠌ᠬᠤ ᠬᠡᠷᠡᠭᠲᠠᠢ ᠭᠡᠵᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠲᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠰᠤᠷᠤᠯᠴᠠᠪᠠ
ᠤᠯᠠᠭ᠋ᠠᠭᠬᠠᠳᠠ ᠬᠤᠳᠠ ᠵᠢᠨ ᠯᠢᠨ ᠰᠢ ᠰᠢᠶᠠᠨ ᠭᠠᠵᠠᠷ᠎ᠤᠨ ᠨᠡᠷ᠎ᠡ ᠵᠢᠨ ᠨᠡᠢ᠌ᠳᠡᠮ ᠪᠠᠢ᠌ᠴᠠᠭ᠋ᠠᠯᠳᠠ ᠵᠢᠨ ᠦᠷ᠎ᠡ ᠳ᠋ᠦᠩ᠎ᠳᠤ ᠳᠦᠰᠢᠭᠯᠡᠨ 《ᠳᠠᠪᠤᠨ ᠨᠢᠬᠡ》 ᠵᠢᠨ ᠢᠨᠵᠸᠨ᠋ᠸᠷᠢᠩ᠎ᠤᠨ ᠰᠢᠨ᠎ᠡ ᠠᠷᠭ᠎ᠠ ᠬᠡᠯᠪᠡᠷᠢ ᠵᠢ ᠠᠰᠢᠭᠯᠠᠨ ᠭᠡᠷᠡᠭᠵᠢᠬᠦᠯᠵᠦ ᠪᠤᠢ
ᠠᠯᠠᠱ᠌ᠠ ᠠᠢ᠌ᠮᠠᠭ᠎ᠤᠨ ᠮᠤᠩᠭᠤᠯ ᠬᠡᠯᠡᠨ᠎ᠤ ᠠᠭ᠋ᠠᠷ᠎ᠲᠠᠬᠢ 12349 ᠵᠠᠰᠠᠭ᠎ᠤᠨ ᠶᠠᠪᠤᠳᠠᠯ᠎ᠤᠨ ᠯᠠᠪᠯᠠᠯᠭ᠎ᠠ ᠵᠢᠨ ᠨᠡᠪᠲᠡᠷᠡᠭᠦᠯᠭᠡ ᠠ᠋ᠬᠢᠯᠡᠪᠡ
ᠬᠦᠯᠤᠨ ᠪᠦᠢ᠍ᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠬᠢᠯᠢ ᠵᠠᠭ᠋ᠠᠭ᠎ᠤᠨ ᠬᠠᠮᠢᠶᠠᠷᠣᠯᠲᠠ ᠵᠢᠨ ᠵᠠᠷᠤᠳᠠᠯ᠎ᠢ ᠴᠠᠭ ᠳᠤᠬᠠᠢ᠎ᠳᠤᠨᠢ ᠪᠠᠭᠤᠯᠭ᠋ᠠᠵᠤ ᠪᠠᠢ᠌ᠨ᠎ᠠ
ᠬᠡᠤᠬᠡᠳ᠎ᠤᠨ ᠰᠡᠳᠬᠢᠯ ᠨᠠᠰᠤᠲᠠᠢ᠌ᠴᠤᠳ᠎ᠢ ᠳᠤᠯᠠᠭ᠋ᠠᠴᠠᠭᠤᠯᠤᠨ᠎ᠠ
 
            