5 ᠳ᠋ᠤᠭ᠋ᠠᠷ ᠰᠠᠷ᠎ᠠ ᠵᠢᠨ 7᠎ᠤ ᠠ᠋ᠳᠤᠷ ᠦᠪᠡᠷᠳᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠠ᠋ᠸᠤ ᠶᠠᠩ ᠰᠢᠶᠣᠣ ᠬᠤᠢ ᠠᠷᠠᠳ᠎ᠤᠨ ᠶᠠᠪᠤᠳᠠᠯ᠎ᠤᠨ ᠳᠤᠪᠴᠢᠶᠠᠨ᠎ᠳᠤ ᠭᠦᠨᠵᠡᠭᠡᠢ᠌ᠷᠡᠵᠤ ᠪᠦᠬᠦ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠮᠡᠳᠡᠭᠡ ᠵᠠᠩᠭᠢ ᠵᠢᠨ ᠰᠢᠰᠲᠸᠮ᠂ ᠨᠡᠢ᠌ᠬᠡᠮ᠎ᠤᠨ ᠳᠤᠰᠠᠯᠠᠮᠵᠢ ᠵᠢᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠤᠨ ᠬᠠᠷᠭᠤᠭᠤᠯᠤᠯᠲᠠ ᠵᠢᠨ ᠮᠡᠳᠡᠭᠡ ᠵᠠᠩᠭᠢ ᠵᠢᠨ ᠰᠢᠰᠲᠸᠮ᠂ ᠣᠨᠴᠠ ᠬᠦᠴᠢᠷᠳᠡᠯ᠎ᠲᠠᠢ ᠬᠦᠮᠤᠰ᠎ᠤᠨ ᠳᠤᠰᠠᠯᠠᠮᠵᠢ ᠵᠢᠨ ᠠᠰᠠᠷᠠᠨ ᠬᠠᠷᠠᠭ᠋ᠠᠯᠵᠠᠬᠤ ᠮᠡᠳᠡᠭᠡ ᠵᠠᠩᠭᠢ ᠵᠢᠨ ᠰᠢᠰᠲᠸᠮ᠎ᠳᠤ ᠳᠤᠰᠬᠠᠢ ᠪᠠᠢ᠌ᠴᠠᠭ᠋ᠠᠨ ᠰᠤᠳᠤᠯᠤᠯᠲᠠ ᠬᠢᠵᠠᠢ᠃
ᠠ᠋ᠸᠤ ᠶᠠᠩ ᠰᠢᠶᠣᠣ ᠬᠤᠢ ᠪᠦᠬᠦ ᠣᠷᠣᠨ᠎ᠤ ᠨᠡᠢ᠌ᠬᠡᠮ᠎ᠤᠨ ᠳᠤᠰᠠᠯᠠᠮᠵᠢ ᠵᠢᠨ ᠪᠠᠢ᠌ᠳᠠᠯ᠎ᠢ ᠨᠠᠷᠢᠨ ᠨᠢᠮᠪᠡᠢ ᠦᠢ᠍ᠯᠠᠭ᠋ᠠᠨ᠂ ᠦᠪᠡᠷᠳᠡᠭᠡᠨ ᠵᠠᠰᠠᠬᠤ ᠣᠷᠣᠨ᠎ᠤ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠮᠡᠳᠡᠭᠡ ᠵᠠᠩᠭᠢ ᠵᠢᠨ ᠰᠢᠰᠲᠸᠮ᠂ ᠤᠨᠴᠠ ᠬᠦᠴᠢᠷᠳᠡᠯ᠎ᠲᠠᠢ ᠬᠦᠮᠤᠰ᠎ᠤᠨ ᠳᠤᠰᠠᠯᠠᠮᠵᠢ ᠵᠢᠨ ᠠᠰᠠᠷᠠᠨ ᠬᠠᠷᠠᠭ᠋ᠠᠯᠵᠠᠬᠤ ᠠ᠋ᠲᠡᠭᠡᠳ᠎ᠤᠨ ᠭᠤᠶᠤᠴᠢᠯᠠᠨ ᠮᠡᠳᠡᠭᠦᠯᠬᠦ᠂ ᠬᠢᠨᠠᠨ ᠬᠠᠷᠭᠤᠭᠤᠯᠬᠤ᠂ ᠬᠢᠨᠠᠨ ᠵᠦᠪᠰᠢᠶᠡᠷᠡᠬᠦ ᠶᠠᠪᠤᠴᠠ ᠵᠢ ᠳᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠦᠵᠡᠭᠰᠡᠨ ᠮᠦᠷᠳᠡᠭᠡᠨ ᠳᠤᠬᠠᠢ ᠵᠢᠨ ᠭᠠᠵᠠᠷ᠎ᠲᠤᠨᠢ ᠪᠠᠰᠠ ᠨᠡᠢ᠌ᠬᠡᠮ᠎ᠤᠨ ᠳᠤᠰᠠᠯᠠᠮᠵᠢ ᠵᠢᠨ ᠭᠡᠷ ᠪᠦᠯᠢ ᠵᠢᠨ ᠠᠵᠤ ᠠᠬᠤᠢ ᠵᠢᠨ ᠪᠠᠢ᠌ᠳᠠᠯ᠎ᠳᠤ ᠬᠠᠷᠭᠤᠭᠤᠯᠤᠯᠲᠠ ᠬᠢᠬᠦ ᠮᠡᠳᠡᠭᠡ ᠵᠠᠩᠭᠢ ᠵᠢᠨ ᠰᠢᠰᠲᠸᠮ᠎ᠤᠨ ᠰᠠᠯᠠᠭ᠎ᠠ ᠮᠦᠴᠢᠷ ᠮᠠᠳᠠᠭᠡ ᠵᠠᠩᠭᠢ ᠵᠢ ᠬᠠᠮᠲᠤ᠎ᠪᠠᠷ ᠠᠰᠢᠭᠯᠠᠬᠤ᠂ ᠬᠠᠷᠭᠤᠭᠤᠯᠤᠯᠲᠠ ᠵᠢᠨ ᠮᠡᠳᠡᠭᠦᠯᠤᠯᠲᠠ ᠵᠢ ᠢᠯᠡᠷᠡᠭᠦᠯᠬᠦ᠂ ᠲᠣᠭ᠎ᠠ ᠪᠦᠷᠢᠳᠬᠡᠯ᠎ᠤᠨ ᠵᠠᠳᠠᠯᠤᠯᠲᠠ ᠬᠢᠬᠦ ᠵᠡᠷᠭᠡ ᠴᠢᠳᠠᠮᠵᠢ ᠵᠢ ᠪᠠᠢ᠌ᠴᠠᠭ᠋ᠠᠪᠠ᠃
ᠠ᠋ᠸᠤ ᠶᠠᠩ ᠰᠢᠶᠣᠣ ᠬᠤᠢ ᠮᠠᠨ᠎ᠤ ᠣᠷᠣᠨ᠎ᠤ ᠨᠡᠢ᠌ᠬᠡᠮ᠎ᠤᠨ ᠳᠤᠰᠠᠯᠠᠮᠵᠢ ᠵᠢᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢᠨ ᠠᠵᠢᠯ᠎ᠢ ᠦᠨᠳᠤᠷ ᠵᠶ᠋ᠠᠷ ᠦᠨᠡᠯᠡᠪᠡ᠃ ᠲᠡᠷᠡ ᠶᠠᠷᠢᠶᠠᠨ᠎ᠳᠤ᠎ᠪᠠᠨ ᠰᠢᠰᠲᠸᠮ᠎ᠤᠨ ᠳᠣᠲᠣᠷ᠎ᠠ ᠭᠠᠳᠠᠨ᠎ᠠ ᠲᠣᠭ᠎ᠠ ᠪᠦᠷᠢᠳᠬᠡᠯ᠎ᠳᠤ ᠵᠡᠷᠭᠡᠳᠡ ᠬᠠᠷᠭᠤᠭᠤᠯᠤᠯᠲᠠ ᠬᠢᠬᠦ᠎ᠪᠠᠷ ᠳᠠᠮᠵᠢᠭ᠋ᠠᠳ᠂ ᠨᠡᠢ᠌ᠬᠡᠮ᠎ᠤᠨ ᠳᠤᠰᠠᠯᠠᠮᠵᠢ ᠵᠢᠨ ᠬᠦᠮᠤᠰ ᠪᠣᠯᠤᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯ᠎ᠲᠠᠢ ᠬᠦᠮᠤᠰ᠎ᠢ ᠣᠨᠣᠴᠠᠲᠠᠢ ᠨᠣᠲᠠᠯᠠᠨ ᠳᠤᠭᠲᠠᠭ᠋ᠠᠬᠤ ᠵᠢ ᠠ᠋ᠷᠴᠢᠮᠵᠢᠭᠦᠯᠵᠤ᠂ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠤᠨ ᠦᠷ᠎ᠡ ᠠᠰᠢᠭ᠎ᠢ ᠲᠦᠢ᠍ᠯ᠎ᠤᠨ ᠶᠡᠬᠡ᠎ᠪᠠᠷ ᠳᠡᠭᠡᠭᠰᠢᠯᠡᠭᠦᠯᠤᠨ᠂ ᠦᠨᠳᠤᠰᠤᠨ ᠱᠠᠲᠤᠨ᠎ᠤ ᠠᠵᠢᠯᠲᠠᠨ᠎ᠤ ᠳᠠᠷᠤᠭ᠋ᠠᠰᠤ ᠵᠢ ᠬᠦᠩᠭᠡᠯᠡᠭᠰᠡᠨ ᠪᠠᠢ᠌ᠨ᠎ᠠ᠃ ᠲᠡᠷᠡ ᠪᠠᠰᠠ ᠠᠷᠠᠳ᠎ᠤᠨ ᠶᠠᠪᠤᠳᠠᠯ᠎ᠤᠨ ᠠᠵᠢᠯ᠎ᠨᠢ ᠠᠷᠠᠳ᠎ᠤᠨ ᠠᠮᠢᠳᠤᠷᠠᠯ᠂ ᠠᠷᠠᠳ᠎ᠤᠨ ᠰᠡᠳᠬᠢᠯ᠎ᠲᠠᠢ ᠬᠣᠯᠪᠣᠭᠳᠠᠨ᠎ᠠ᠂ ᠮᠦᠨᠴᠤ ᠨᠡᠢ᠌ᠬᠡᠮ᠎ᠤᠨ ᠪᠦᠲᠤᠭᠡᠨ ᠪᠠᠢ᠌ᠭᠤᠯᠤᠯᠲᠠ ᠵᠢᠨ ᠪᠦᠬᠦᠨ᠎ᠢ ᠳᠠᠭ᠋ᠠᠭ᠋ᠠᠵᠤ ᠠᠪᠬᠤ ᠦᠨᠳᠤᠰᠤᠨ ᠴᠢᠨᠠᠷᠲᠠᠢ ᠠᠵᠢᠯ ᠪᠣᠯᠤᠨ᠎ᠠ᠃ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠠ᠋ᠷᠬᠡᠪᠰᠢ ᠰᠢ ᠵᠢᠨ ᠫᠢᠩ ᠶᠡᠷᠤᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠬᠠᠮᠢᠶᠠᠲᠠᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠢ᠌ᠲᠠᠪᠤᠷᠢᠵᠢᠭᠤᠯᠵᠤ᠂ ᠤᠯᠤᠰ ᠲᠦᠷᠤ ᠵᠢᠨ ᠵᠣᠭᠰᠤᠴᠠ᠎ᠪᠠᠨ ᠦᠨᠡᠨᠬᠦ ᠳᠡᠭᠡᠭᠰᠢᠯᠡᠭᠦᠯᠤᠨ᠂ ᠦᠭᠡᠷᠡᠴᠢᠯᠡᠯᠲᠡ ᠰᠢᠨᠡᠴᠢᠯᠡᠯᠲᠡ ᠬᠢᠬᠦ ᠵᠢ ᠪᠠᠷᠢᠮᠲᠠᠯᠠᠨ᠂ ᠶᠠᠳᠠᠭᠤ᠎ᠠᠴᠠ ᠠᠩᠬᠢᠵᠢᠷᠠᠭᠤᠯᠬᠤ ᠰᠢᠪᠲᠤᠯᠤᠯᠲᠠ ᠬᠢᠬᠦ᠂ ᠣᠨᠴᠠᠭ᠋ᠠᠢ ᠠᠷᠠᠳ ᠣᠯᠠᠨ᠎ᠢ ᠳᠤᠰᠠᠯᠠᠬᠤ᠂ ᠣᠯᠠᠨ ᠲᠦᠮᠡᠨ᠎ᠤ ᠠᠩᠬᠠᠷᠴᠤ ᠪᠠᠢ᠌ᠭ᠎ᠠ ᠠᠰᠠᠭᠤᠳᠠᠯ᠎ᠢ ᠰᠢᠢ᠍ᠳᠪᠤᠷᠢᠯᠡᠬᠦ ᠳᠡᠭᠡᠷ᠎ᠡ ᠬᠦᠴᠤᠨ ᠵᠶ᠋ᠠᠨ ᠲᠦᠪᠯᠡᠷᠡᠭᠦᠯᠤᠨ᠂ ᠨᠡᠢ᠌ᠬᠡᠮ᠎ᠤᠨ ᠳᠤᠰᠠᠯᠠᠮᠵᠢ ᠵᠢᠨ ᠠᠵᠢᠯ᠎ᠢ ᠯᠠᠪᠳᠠᠭᠤᠨ ᠪᠠᠲᠤᠲᠠᠢ ᠠᠬᠢᠭᠤᠯᠵᠤ᠂ ᠨᠡᠢ᠌ᠬᠡᠮ᠎ᠤᠨ ᠳᠤᠰᠠᠯᠠᠮᠵᠢ᠎ᠤᠨ ᠮᠡᠳᠡᠭᠡ ᠵᠠᠩᠭᠢ ᠵᠢᠨ ᠪᠠᠢ᠌ᠭᠤᠯᠤᠯᠲᠠ ᠵᠢ ᠤᠯᠠᠮ ᠨᠢᠭᠡ ᠠᠯᠬᠤᠮ ᠲᠡᠭᠦᠯᠲᠡᠷᠵᠢᠭᠦᠯᠤᠨ᠂ ᠠᠷᠠᠳ᠎ᠤᠨ ᠶᠠᠪᠤᠳᠠᠯ᠎ᠤᠨ ᠠᠵᠢᠯ᠂ ᠠᠷᠠᠳ᠎ᠤᠨ ᠦᠨᠳᠤᠰᠤᠨ ᠠᠮᠢᠳᠤᠷᠠᠯ᠎ᠢ ᠪᠠᠲᠤᠯᠠᠬᠤ ᠠ᠋ᠭᠦᠷᠭᠡ ᠬᠠᠷᠢᠭᠤᠴᠠᠯᠭ᠎ᠠ᠎ᠪᠠᠨ ᠰᠠᠢ᠌ᠲᠤᠷ ᠪᠡᠶᠡᠯᠡᠭᠦᠯᠬᠦ ᠬᠡᠷᠡᠭᠲᠠᠢ ᠭᠡᠵᠤ ᠱᠠᠭ᠋ᠠᠷᠳᠠᠵᠠᠢ᠃

