ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠡᠤᠬᠡᠳ᠎ᠤᠨ ᠰᠡᠳᠬᠢᠯ ᠨᠠᠰᠤᠲᠠᠢ᠌ᠴᠤᠳ᠎ᠢ ᠳᠤᠯᠠᠭ᠋ᠠᠴᠠᠭᠤᠯᠤᠨ᠎ᠠ
ᠨᠡᠶᠢᠲᠡᠯᠡᠭᠰᠡᠨ ᠴᠠᠭ᠄ 2019-04-29


     4 ᠳ᠋ᠤᠭᠡᠷ ᠰᠠᠷ᠎ᠠ ᠵᠢᠨ 21᠎ᠤ ᠠ᠋ᠳᠤᠷ ᠰᠢᠨ᠎ᠡ ᠮᠠᠶᠢᠭ᠎ᠤᠨ ᠰᠤᠷᠭ᠋ᠠᠨ ᠬᠦᠮᠤᠵᠢᠯ᠎ᠤᠨ ᠠ᠋ᠷᠢᠶᠡᠨ ᠬᠤᠲᠠ ᠵᠢᠨ ᠰᠠᠯᠪᠤᠷᠢ ᠰᠤᠷᠭ᠋ᠠᠭᠤᠯᠢ ᠵᠢᠨ ᠤᠷᠠᠯᠢᠭ᠎ᠤᠨ ᠪᠦᠯᠬᠦᠮ᠎ᠤᠨ᠎ᠬᠢᠨ ᠨᠠᠨᠶᠤᠸᠠᠨ ᠬᠡᠤᠬᠡᠳ᠎ᠤᠨ ᠴᠡᠴᠡᠷᠯᠢᠭ᠎ᠤᠨ ᠬᠡᠤᠬᠡᠳ᠎ᠲᠠᠢ ᠬᠠᠮᠲᠤ ᠠ᠋ᠷᠢᠶᠡᠨ ᠬᠣᠲᠠ ᠵᠢᠨ ᠨᠡᠢ᠌ᠬᠡᠮ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠪ᠎ᠲᠤ ᠢᠷᠡᠵᠤ᠂ ᠬᠠᠮᠲᠤ᠎ᠪᠠᠷ 〈〈ᠬᠡᠤᠬᠡᠳ᠎ᠤᠨ ᠰᠡᠳᠬᠢᠯ ᠵᠶ᠋ᠠᠷ〉〉 ᠠᠵᠢᠯᠯᠠᠭ᠎ᠠ ᠦᠷᠨᠢᠭᠦᠯᠵᠠᠢ᠃
      ᠠᠵᠢᠯᠯᠠᠭ᠎ᠠ᠎ᠨᠢ ᠢᠷᠠᠭᠤ ᠰᠠᠢ᠌ᠬᠠᠨ ᠬᠤᠨ ᠭᠠᠯᠠᠭᠤ ᠪᠦᠵᠢᠭ᠎ᠤᠨ 〈〈ᠬᠠᠮᠲᠤᠪᠡᠷ ᠪᠠᠶᠠᠰᠤᠯᠴᠠᠶ᠎ᠠ〉〉 ᠬᠡᠬᠦ ᠠᠶᠠᠰ᠎ᠤᠨ ᠳᠤᠮᠳᠠ ᠠ᠋ᠬᠢᠯᠠᠵᠤ᠂ ᠴᠣᠪᠣᠭᠣ ᠬᠦᠭᠡᠷᠤᠬᠦᠨ ᠬᠡᠤᠬᠡᠳ᠎ᠤᠳ ᠱᠣᠭ ᠢᠨᠢᠶᠡᠳᠤᠮ᠎ᠲᠠᠢ ᠱᠣᠭ ᠶᠠᠷᠢᠶ᠎ᠠ 〈〈ᠠ᠋ᠷᠡᠬᠡᠢ ᠬᠤᠷᠤᠭᠤ ᠬᠢᠭᠡᠳ ᠳᠣᠯᠢᠶᠠᠪᠤᠷ ᠬᠤᠷᠤᠭᠤ〉〉᠂ 〈〈ᠶᠡᠬᠡ ᠬᠢᠭᠡᠳ ᠪᠠᠭ᠎ᠠ〉〉 ᠪᠠ 〈〈ᠨᠡᠷ᠎ᠡ ᠬᠠᠢ᠌ᠷᠠᠯᠠᠬᠤ〉〉 ᠪᠣᠯᠤᠨ ᠴᠦᠭᠡᠨ ᠲᠣᠭ᠋ᠠᠲᠤ ᠦᠨᠳᠤᠰᠤᠲᠡᠨ᠎ᠤ ᠣᠨᠴᠠᠯᠢᠭ᠎ᠲᠠᠢ ᠭᠠᠭᠴᠠ ᠬᠦᠮᠤᠨ᠎ᠤ ᠪᠦᠵᠢᠭ 〈〈ᠰᠠᠪᠠᠷᠲᠠᠩ〉〉 ᠪᠠ 〈〈ᠴᠠᠰᠤᠨ ᠴᠡᠴᠡᠭ〉〉 ᠵᠶ᠋ᠠᠷ ᠵᠶ᠋ᠠᠨ ᠦᠵᠡᠭᠴᠢᠳ᠎ᠤᠨ ᠨᠢᠵᠢᠭᠢᠨᠡᠲᠡᠯ᠎ᠡ ᠳᠠᠰᠢᠯᠲᠠ ᠪᠠ ᠬᠠᠯᠠᠭᠤᠨ ᠬᠦᠷᠢᠶᠡᠯᠡᠯ᠎ᠢ ᠣᠯᠪᠠ᠃
      ᠠᠵᠢᠯᠯᠠᠭ᠋ᠠᠨ᠎ᠳᠤ ᠨᠠᠨᠶᠤᠸᠡᠨ ᠬᠡᠤᠬᠡᠳ᠎ᠤᠨ ᠴᠡᠴᠡᠷᠯᠢᠭ᠎ᠤᠨ ᠪᠢᠴᠢᠬᠠᠨ ᠨᠠᠢ᠌ᠵᠠ ᠨᠠᠷ ᠭᠠᠷ ᠤᠷᠠᠯᠠᠯ ᠵᠶ᠋ᠠᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠪ᠎ᠲᠠᠬᠢ ᠨᠠᠰᠤᠲᠠᠢ᠌ᠴᠤᠳ᠎ᠲᠤ ᠬᠦᠷᠭᠡᠪᠡ᠃ ᠬᠠᠮᠤᠭ᠎ᠤᠨ ᠰᠡᠭᠦᠯ᠎ᠳᠤ 〈〈ᠪᠢ ᠠ᠋ᠬᠡ ᠤᠯᠤᠰ᠎ᠲᠠᠢ᠎ᠪᠠᠨ〉〉 ᠬᠡᠬᠦ ᠬᠦᠭᠵᠢᠮ ᠠ᠋ᠬᠢᠯᠡᠬᠦ᠎ᠲᠠᠢ ᠵᠡᠷᠭᠡ ᠲᠠᠯᠠᠪᠡᠢ᠎ᠳᠤ᠎ᠬᠢ ᠨᠠᠰᠤᠲᠠᠢ᠌ᠴᠤᠳ᠂ ᠭᠡᠷ ᠪᠦᠯᠢ ᠵᠢᠨ᠎ᠬᠢᠨ ᠪᠠ ᠬᠡᠤᠬᠡᠳ᠎ᠤᠳ ᠬᠦᠭᠵᠢᠮ᠎ᠢ ᠳᠠᠭ᠋ᠠᠵᠤ ᠪᠦᠵᠢᠭᠯᠡᠨ ᠳᠠᠭᠤᠯᠠᠵᠤ ᠪᠠᠶᠠᠰᠤᠯᠴᠠᠨ ᠠ᠋ᠬᠡ ᠣᠷᠣᠨᠴᠢ ᠰᠡᠳᠬᠢᠯᠭᠡ᠎ᠪᠠᠨ ᠢᠯᠡᠳᠬᠡᠪᠡ᠃ ᠬᠡᠤᠬᠡᠳ᠎ᠤᠳ᠎ᠤᠨ ᠨᠢᠯᠬᠠᠨᠰᠠᠭ ᠬᠦᠭᠡᠷᠤᠬᠦᠨ ᠪᠠᠶᠠᠷ ᠪᠠᠶᠠᠰᠤᠯ᠎ᠲᠠᠢ ᠨᠢᠭᠤᠷ ᠴᠢᠷᠠᠢ ᠵᠢ ᠬᠠᠷᠠᠭ᠋ᠠᠳ ᠨᠠᠰᠤᠲᠠᠢ᠌ᠴᠤᠳ ᠴᠤ᠌ ᠪᠠᠶᠠᠷᠯᠠᠨ ᠢᠨᠢᠶᠡᠮᠰᠤᠭ᠍ᠯᠡᠵᠤ᠂ ᠬᠡᠤᠬᠡᠳ᠎ᠤᠳ᠎ᠤᠨ ᠱᠣᠭ ᠢᠨᠢᠶᠡᠳᠤᠮᠲᠠᠢ ᠲᠣᠭᠯᠠᠯᠲᠠ ᠵᠢ ᠠ᠋ᠷᠡᠬᠡᠢ ᠭᠠᠷᠭ᠋ᠠᠨ ᠮᠠᠭᠲᠠᠵᠠᠭ᠋ᠠᠨ᠎ᠠ᠃
      ᠠ᠋ᠨᠡᠬᠦ ᠠᠵᠢᠯᠯᠠᠭ᠎ᠠ ᠨᠠᠰᠤᠲᠠᠢ᠌ᠴᠤᠳ᠎ᠤᠨ ᠠᠮᠢᠳᠤᠷᠠᠯ᠎ᠳᠤ ᠪᠠᠶᠠᠷ ᠪᠠᠶᠠᠰᠤᠯ᠎ᠢ ᠠᠪᠴᠢᠷᠠᠭᠰᠠᠨ ᠵᠶ᠋ᠠᠷ ᠪᠠᠷᠠᠬᠤ ᠦᠭᠡᠢ᠂ ᠪᠢᠴᠢᠬᠠᠨ ᠨᠠᠢ᠌ᠵᠠ ᠨᠠᠷ᠎ᠲᠤ ᠨᠠᠰᠤᠲᠠᠢ᠌ᠴᠤᠳ ᠵᠶ᠋ᠠᠨ ᠬᠦᠨᠳᠤᠯᠡᠵᠤ ᠬᠠᠢ᠌ᠷᠠᠯᠠᠬᠤ ᠬᠦᠮᠤᠵᠢᠯ ᠬᠦᠷᠲᠡᠭᠡᠭᠰᠡᠨ ᠪᠦᠭᠡᠳ ᠠ᠋ᠶ᠎ᠡ ᠨᠠᠢ᠌ᠷᠠᠮᠳᠠᠭᠤ ᠠ᠋ᠷᠢᠶᠡᠨ ᠬᠣᠲᠠ ᠵᠢ ᠪᠠᠢ᠌ᠭᠤᠯᠬᠤ᠎ᠳᠤ ᠨᠠᠰᠤᠲᠠᠢ᠌ᠴᠤᠳ ᠵᠶ᠋ᠠᠨ ᠬᠦᠨᠳᠤᠯᠡᠵᠤ ᠬᠠᠢ᠌ᠷᠠᠯᠠᠬᠤ᠂ ᠠᠰᠠᠷᠠᠵᠤ ᠬᠠᠷᠠᠭ᠋ᠠᠯᠵᠠᠬᠤ ᠰᠠᠢ᠌ᠨ ᠰᠠᠢ᠌ᠬᠠᠨ ᠠᠭᠤᠷ ᠠᠮᠢᠰᠬᠤᠯ ᠵᠶ᠋ᠠᠷ ᠪᠢᠯᠬᠠᠭᠤᠯᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶ᠎ᠠ 2019 ᠤᠨ᠎ᠤ ᠪᠠᠢ᠌ᠭᠤᠯᠭ᠎ᠠ ᠵᠢᠨ ᠨᠠᠮ᠎ᠤᠨ ᠪᠠᠢ᠌ᠭᠤᠯᠤᠯᠲᠠ ᠪᠤᠯᠤᠨ ᠰᠠᠬᠢᠯᠭ᠎ᠠ ᠪᠠᠲᠦ ᠪᠠᠢ᠌ᠴᠠᠭ᠋ᠠᠬᠤ ᠠᠵᠢᠯ᠎ᠤᠨ ᠬᠤᠷᠠᠯ ᠬᠤᠷᠠᠯᠳᠤᠭᠤᠯᠪᠠ
ᠠᠷᠠᠳ᠎ᠤᠨ ᠶᠠᠪᠤᠳᠠᠯ᠎ᠤᠨ ᠲᠢᠩᠬᠢᠮ 2019 ᠤᠨ᠎ᠤ ᠨᠠᠮ᠎ᠤᠨ ᠤᠳᠤᠷᠢᠳᠬᠤ ᠲᠤᠭᠤᠢ᠌ᠯᠠᠠᠩ᠎ᠤᠨ ᠤᠨᠤᠯ ᠰᠤᠷᠤᠯᠴᠠᠬᠤ ᠭᠤᠤᠯ ᠲᠤᠭᠤᠢ᠌ᠯᠠᠩ᠎ᠤᠨ 11 ᠳ᠋ᠤᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠤᠶᠠᠳᠤᠭ᠋ᠠᠷ ᠤᠳᠠᠭ᠋ᠠᠠ᠎ᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢ ᠨᠡᠢ᠌ᠲᠡᠮ ᠪᠠᠢ᠌ᠴᠠᠭ᠋ᠠᠬᠤ ᠠᠵᠢᠯ᠎ᠤᠨ ᠳ᠋ᠦᠩᠨᠡᠯᠲᠡ ᠵᠢᠨ ᠲᠸᠯᠸᠢᠰ ᠤᠲᠠᠰᠤᠲᠤ ᠬᠤᠷᠠᠯ᠎ᠳᠤ ᠤᠷᠤᠯᠴᠠᠪᠠ
ᠬᠥᠯᠥᠨ ᠪᠤᠢ᠌ᠷ ᠬᠤᠲᠠ ᠳᠦᠷᠢᠮᠵᠢᠯ ᠦᠭᠡᠢ ᠭᠠᠵᠠᠷ᠎ᠤᠨ ᠨᠡᠷ᠎ᠡ ᠵᠢ ᠭᠤᠤᠯᠳᠠᠯᠭ᠎ᠠ᠎ᠲᠠᠢ ᠴᠡᠭᠴᠡᠯᠡᠵᠦ ᠵᠠᠯᠠᠷᠠᠭᠤᠯᠬᠤ᠎ᠪᠠᠷ ᠪᠣᠯᠪᠠ
ᠠᠯᠠᠱ᠌ᠠ ᠠᠢ᠌ᠮᠠᠭ᠎ᠤᠨ ᠳᠡᠳ᠋ ᠳᠠᠷᠤᠭ᠎ᠠ ᠠᠷᠠᠳ᠎ᠤᠨ ᠶᠠᠪᠤᠳᠠᠯ᠎ᠤᠨ ᠠᠵᠢᠯ᠎ᠢ ᠪᠠᠢ᠌ᠴᠠᠭ᠋ᠠᠨ ᠰᠤᠳᠤᠯᠵᠦ ᠵᠢᠭ᠋ᠠᠨ ᠵᠢᠯᠤᠭᠤᠳᠪᠠ
 
            