4 ᠳ᠋ᠤᠭᠡᠷ ᠰᠠᠷ᠎ᠠ ᠵᠢᠨ 29᠎ᠤ ᠠ᠋ᠳᠤᠷ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠳᠤᠰᠬᠠᠢ ᠰᠡᠳᠤᠪᠲᠤ ᠬᠤᠷᠠᠯ ᠬᠤᠷᠠᠯᠳᠤᠵᠤ᠂ 〈〈ᠳᠦᠷᠪᠡᠨ ᠨᠣᠶᠠᠨᠴᠢ ᠰᠤᠷᠲᠠᠯ〉〉᠎ᠤᠨ ᠠᠰᠠᠭᠤᠳᠠᠯ᠎ᠢ ᠴᠡᠭᠴᠡᠯᠡᠵᠤ᠂ ᠪᠠᠢ᠌ᠭᠤᠯᠭ᠎ᠠ ᠵᠢᠨ ᠤᠯᠤᠰ ᠲᠦᠷᠤ ᠵᠢᠨ ᠠᠮᠢ ᠠᠬᠤᠢ ᠵᠢ ᠴᠡᠪᠡᠷᠵᠢᠭᠦᠯᠬᠦ ᠬᠦᠳᠡᠯᠭᠡᠭᠡᠨ᠎ᠤ ᠳᠤᠬᠠᠢ ᠪᠠᠢ᠌ᠳᠠᠯ ᠪᠠ 〈〈ᠬᠡᠯᠪᠡᠷᠢᠴᠢᠯᠡᠬᠦ ᠦᠵᠡᠯ᠎ᠤᠨ ᠳᠣᠪᠣᠢ᠌ᠮ᠎ᠠ ᠠᠰᠠᠭᠤᠳᠠᠯ᠎ᠢ ᠰᠢᠢ᠍ᠳᠪᠤᠷᠢᠯᠡᠬᠦ᠎ᠪᠠᠷ ᠦᠨᠳᠤᠰᠤᠨ ᠱᠠᠲᠤᠨ᠎ᠤ ᠳᠠᠷᠤᠭ᠋ᠠᠰᠤ ᠵᠢ ᠬᠦᠩᠭᠡᠯᠡᠬᠦ ᠠᠵᠢᠯ᠎ᠤᠨ ᠠᠷᠭ᠎ᠠ ᠬᠡᠮᠵᠢᠶ᠎ᠡ〉〉 ᠵᠢ ᠲᠤᠤᠱᠯᠠᠭᠤᠯᠤᠨ ᠬᠡᠷᠡᠭᠵᠢᠭᠦᠯᠤᠭ᠌ᠰᠡᠨ ᠳᠤᠬᠠᠢ ᠪᠠᠢ᠌ᠳᠠᠯ᠎ᠤᠨ ᠬᠠᠷᠢᠭᠤ ᠮᠡᠳᠡᠭᠦᠯᠤᠯᠲᠡ ᠵᠢᠴᠢ ᠬᠠᠮᠢᠶ᠎ᠠ ᠪᠦᠬᠦᠢ ᠠᠵᠢᠯ᠎ᠤᠨ ᠰᠠᠨᠠᠭᠤᠯᠠᠭᠠ ᠵᠢ ᠰᠣᠨᠣᠰᠪᠠ᠃ ᠲᠢᠩᠬᠢᠮ᠎ᠤᠨ ᠨᠠᠮ᠎ᠤᠨ ᠳᠤᠭᠤᠢ᠌ᠯᠠᠩ᠎ᠤᠨ ᠱᠦᠵᠢ᠂ ᠳᠤᠪᠴᠢᠶᠠᠨ ᠳᠠᠷᠤᠭ᠎ᠠ ᠳ᠋ᠸᠩ ᠶᠤᠸᠡᠢ ᠯᠸᠤ ᠨᠦᠬᠦᠷ ᠬᠤᠷᠠᠯ᠎ᠢ ᠠ᠋ᠷᠬᠢᠯᠡᠨ ᠶᠠᠷᠢᠶ᠎ᠠ ᠲᠠᠯᠪᠢᠵᠤ᠂ ᠹᠸᠩ ᠬᠤ᠌ ᠾᠧ ᠳᠡᠳ᠋ ᠳᠤᠪᠴᠢᠶᠠᠨ ᠳᠠᠷᠤᠭ᠎ᠠ᠂ ᠰᠤᠶᠤᠯ ᠳᠡᠳ᠋ ᠳᠣᠪᠴᠢᠶᠠᠨ ᠳᠠᠷᠤᠭ᠎ᠠ ᠪᠣᠯᠤᠨ ᠨᠠᠮ᠎ᠤᠨ ᠳᠤᠭᠤᠢ᠌ᠯᠠᠩ᠎ᠤᠨ ᠬᠡᠰᠢᠭᠦᠨ ᠭᠣᠣ ᠵᠢᠶᠡᠨ ᠬᠤᠸᠠ᠂ ᠳᠡᠳ᠋ ᠲᠣᠭᠣᠷᠢᠨ ᠪᠠᠢ᠌ᠴᠠᠭ᠋ᠠᠭᠴᠢ ᠴᠡᠩᠬᠡᠯᠲᠤ ᠵᠢᠴᠢ ᠨᠠᠮ᠎ᠤᠨ ᠰᠤᠷᠤᠯᠴᠠᠬᠤ ᠭᠣᠣᠯ ᠳᠤᠭᠤᠢ᠌ᠯᠠᠩ᠎ᠤᠨ ᠪᠦᠷᠢᠯᠳᠤᠭᠦᠨ ᠬᠣᠷᠠᠯ᠎ᠳᠤ ᠣᠷᠣᠯᠴᠠᠪᠠ᠃
ᠬᠤᠷᠠᠯ᠎ᠠᠴᠠ ᠦᠪᠡᠷᠳᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠵᠢ ᠪᠠᠢ᠌ᠴᠠᠭ᠋ᠠᠬᠤ ᠬᠣᠷᠢᠶᠠᠨ᠎ᠤ 〈〈〈ᠳᠦᠷᠪᠡᠨ ᠨᠣᠶᠠᠨᠴᠢ ᠰᠤᠷᠲᠠᠯ〉᠎ᠤᠨ ᠠᠰᠠᠭᠤᠳᠠᠯ᠎ᠢ ᠭᠦᠨᠵᠡᠭᠡᠢ ᠴᠡᠭᠴᠡᠯᠡᠵᠤ᠂ ᠪᠠᠢ᠌ᠭᠤᠯᠭ᠎ᠠ ᠵᠢᠨ ᠤᠯᠤᠰ ᠲᠦᠷᠤ᠎ᠤᠨ ᠠᠮᠢ ᠠᠬᠤᠢ ᠵᠢ ᠴᠡᠪᠡᠷᠵᠢᠭᠦᠯᠬᠦ ᠠᠵᠢᠯᠠᠯᠭ᠋ᠠᠨᠤ ᠳᠦᠰᠤᠯ〉〉᠎ᠤᠨ ᠱᠠᠭ᠋ᠠᠷᠳᠠᠯᠭ᠎ᠠ ᠵᠢ ᠦᠨᠳᠤᠰᠤᠯᠡᠨ᠂ ᠨᠠᠮ᠎ᠤᠨ ᠳᠤᠭᠤᠢ᠌ᠯᠠᠩ ᠳᠡᠭᠡᠳᠤ ᠬᠡᠮᠵᠢᠶ᠎ᠡ᠎ᠪᠠᠷ ᠴᠢᠬᠤᠯᠠᠴᠢᠯᠠᠨ ᠦᠵᠡᠵᠤ᠂ ᠳᠤᠰᠬᠠᠢ ᠠᠵᠢᠯᠯᠠᠭ᠋ᠠᠨ᠎ᠢ ᠴᠠᠭ ᠳᠤᠬᠠᠢ᠎ᠳᠤᠨᠢ ᠳᠠᠢ᠌ᠴᠢᠯᠠᠯᠲᠠ ᠬᠢᠵᠤ ᠪᠠᠢ᠌ᠷᠢᠯᠠᠭᠤᠯᠤᠨ᠂ ᠠᠵᠢᠯ᠎ᠤᠨ ᠵᠶ᠋ᠠᠨ ᠪᠣᠳᠠᠲᠤ ᠪᠠᠢ᠌ᠳᠠᠯ᠎ᠲᠠᠢ ᠤᠶᠠᠯᠳᠤᠭᠤᠯᠤᠨ ᠪᠣᠳᠠᠲᠠᠢ ᠬᠡᠷᠡᠭᠵᠢᠭᠦᠯᠬᠦ ᠳᠦᠰᠤᠯ ᠳᠤᠭᠲᠠᠭ᠋ᠠᠵᠤ᠂ ᠵᠠᠩᠭᠢᠯᠠᠭ᠎ᠠ ᠵᠢ ᠠᠳᠬᠤᠨ ᠨᠠᠷᠢᠨ ᠬᠢᠨᠠᠮᠠᠭ᠋ᠠᠢ᠎ᠪᠠᠷ ᠳᠦᠷᠪᠡᠨ ᠨᠣᠶᠠᠨᠴᠢ ᠰᠤᠷᠲᠠᠯ᠎ᠤᠨ ᠠᠰᠠᠭᠤᠳᠠᠯ ᠪᠠ ᠢᠯᠡᠷᠡᠯ᠎ᠢ ᠪᠠᠢ᠌ᠴᠠᠭ᠋ᠠᠨ ᠭᠠᠷᠭ᠋ᠠᠵᠤ᠂ ᠴᠠᠭ ᠳᠤᠬᠠᠢ᠎ᠳᠤᠨᠢ ᠴᠡᠭᠴᠡᠯᠡᠨ ᠵᠠᠰᠠᠭ᠋ᠠᠳ ᠳᠤᠰᠬᠠᠢ ᠠᠵᠢᠯᠯᠠᠭ᠋ᠠᠨ᠎ᠤ ᠱᠠᠲᠤᠴᠢ ᠴᠢᠨᠠᠷᠲᠠᠢ ᠦᠷ᠎ᠡ ᠪᠦᠲᠤᠮᠵᠢ ᠵᠢ ᠣᠯᠪᠠ᠃ ᠳᠠᠷᠠᠭ᠋ᠠᠴᠢ᠎ᠪᠠᠷ ᠬᠤᠪᠢ ᠬᠦᠮᠤᠨ᠎ᠤ ᠭᠠᠷᠠᠭ ᠪᠦᠷᠢ ᠵᠢᠨ ᠠᠵᠢᠯ᠎ᠤᠨ 〈〈ᠦᠷ᠎ᠡ ᠪᠦᠲᠤᠮᠵᠢ〉〉 ᠵᠢᠨ ᠬᠠᠮᠢᠶᠠᠷᠤᠯᠲᠠ ᠵᠢᠨ ᠬᠡᠯᠪᠡᠷᠢ᠎ᠪᠠᠷ ᠪᠠᠢ᠌ᠭᠤᠯᠭ᠎ᠠ ᠵᠢᠨ ᠪᠦᠬᠦ ᠠᠯᠪᠠᠲᠠᠨ ᠪᠣᠯᠤᠨ ᠬᠠᠷᠢᠶ᠎ᠠ ᠨᠢᠭᠡᠴᠢ ᠵᠢᠨ ᠪᠠᠭ᠎ᠤᠨ ᠪᠦᠷᠢᠯᠳᠤᠭᠦᠨᠤ ᠠ᠋ᠳᠤᠷ ᠲᠣᠳᠣᠮ᠎ᠤᠨ ᠠᠵᠢᠯ᠎ᠳᠤ ᠬᠢᠨᠠᠯᠲᠠ ᠬᠢᠵᠤ᠂ ᠺᠠᠳ᠋ᠷ᠎ᠤᠨ ᠬᠠᠷᠢᠭᠤᠴᠠᠯᠭ᠎ᠠ ᠠ᠋ᠭᠦᠷᠭᠡᠯᠡᠨ ᠭᠦᠢ᠍ᠴᠡᠳᠬᠡᠬᠦ ᠦᠢ᠍ᠯᠡ ᠠᠵᠢᠯᠯᠠᠭ᠎ᠠ ᠵᠢ ᠤᠯᠠᠮ ᠪᠦᠲᠤᠮᠵᠢᠲᠠᠢ ᠳᠡᠭᠡᠭᠰᠢᠯᠡᠭᠦᠯᠤᠨ᠎ᠠ᠃
ᠬᠤᠷᠠᠯ᠎ᠠᠴᠠ ᠲᠢᠩᠬᠢᠮ᠎ᠤᠨ ᠰᠢᠰᠲᠸᠮ ᠵᠶ᠋ᠠᠷ ᠵᠶ᠋ᠠᠨ ᠦᠪᠡᠷᠳᠡᠭᠡᠨ ᠵᠠᠰᠠᠬᠤ ᠣᠷᠣᠨ᠎ᠤ ᠬᠣᠶᠠᠷ ᠠᠯᠪᠠᠨ ᠭᠡᠷ᠎ᠤᠨ 〈〈ᠬᠡᠯᠪᠡᠷᠢᠴᠢᠯᠡᠬᠦ ᠦᠵᠡᠯ᠎ᠤᠨ ᠳᠣᠪᠦᠢ᠌ᠮᠠ ᠠᠰᠠᠭᠤᠳᠠᠯ᠎ᠢ ᠰᠢᠢ᠍ᠳᠪᠤᠷᠢᠯᠡᠬᠦ᠎ᠪᠠᠷ ᠦᠨᠳᠤᠰᠤᠨ ᠱᠠᠲᠤᠨ᠎ᠤ ᠳᠠᠷᠤᠭ᠋ᠠᠰᠤ ᠵᠢ ᠬᠦᠩᠭᠡᠯᠡᠬᠦ ᠠᠵᠢᠯ᠎ᠤᠨ ᠠᠷᠭ᠎ᠠ ᠬᠡᠮᠵᠢᠶ᠎ᠡ〉〉 ᠵᠢ ᠨᠠᠷᠢᠨ ᠬᠢᠨᠠᠮᠠᠭ᠋ᠠᠢ ᠲᠣᠣᠱᠯᠠᠭᠤᠯᠤᠨ ᠬᠡᠷᠡᠭᠵᠢᠭᠦᠯᠵᠤ᠂ ᠪᠢᠴᠢᠭ ᠮᠠᠲᠸᠷᠢᠶᠠᠯ ᠪᠠ ᠬᠤᠷᠠᠯ᠎ᠢ ᠶᠡᠬᠡᠪᠡᠷ ᠰᠢᠯᠢᠳᠡᠭᠵᠢᠭᠦᠯᠵᠤ᠂ ᠬᠢᠨᠠᠨ ᠪᠠᠢ᠌ᠴᠠᠭ᠋ᠠᠬᠤ᠂ ᠲᠣᠭᠣᠷᠢᠨ ᠪᠠᠢ᠌ᠴᠠᠭ᠋ᠠᠬᠤ᠂ ᠬᠢᠨᠠᠨ ᠰᠢᠯᠭ᠋ᠠᠬᠤ ᠵᠢ ᠪᠠᠭ᠋ᠠᠰᠬᠠᠨ᠂ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠪᠠ ᠵᠣᠷᠢᠭᠵᠢᠭᠤᠯᠤᠨ ᠬᠠᠯᠠᠮᠵᠢᠯᠠᠬᠤ ᠳᠣᠭᠲᠠᠯᠴᠠᠭ᠎ᠠ᠎ᠪᠠᠨ ᠲᠡᠭᠦᠯᠳᠡᠷᠵᠢᠭᠦᠯᠵᠤ᠂ ᠵᠣᠬᠢᠶᠠᠨ ᠪᠠᠢ᠌ᠭᠤᠯᠵᠤ ᠤᠳᠤᠷᠢᠳᠬᠤ ᠵᠡᠷᠭᠡ ᠲᠠᠯ᠎ᠠ᠎ᠪᠠᠷ ᠴᠢᠩᠭ᠎ᠠ ᠲᠣᠳᠣᠷᠬᠠᠢ ᠠᠵᠢᠯ᠎ᠤᠨ ᠠᠷᠭ᠎ᠠ ᠬᠡᠮᠵᠢᠶ᠎ᠡ ᠳᠣᠭᠲᠠᠭ᠋ᠠᠨ᠂ ᠠ᠋ᠭᠦᠨ ᠵᠶ᠋ᠠᠨ ᠨᠠᠷᠢᠨ ᠬᠢᠨᠠᠮᠠᠭ᠋ᠠᠢ ᠬᠡᠷᠡᠭᠵᠢᠭᠦᠯᠬᠦ ᠬᠡᠷᠡᠭᠲᠡᠢ᠃ ᠬᠣᠢ᠌ᠰᠢᠳᠠ ᠠᠵᠢᠯ᠎ᠤᠨ ᠳᠣᠭᠲᠠᠯᠴᠠᠭ᠎ᠠ᠎ᠪᠠᠨ ᠦᠷᠭᠦᠯᠵᠢᠯᠡᠡ ᠲᠡᠭᠦᠯᠲᠡᠷᠵᠢᠭᠦᠯᠵᠤ᠂ ᠠᠵᠢᠯ᠎ᠤᠨ ᠶᠠᠪᠤᠴᠠ᠎ᠪᠠᠨ ᠳᠦᠭᠦᠮ ᠲᠦᠳᠡ ᠪᠣᠯᠭ᠋ᠠᠵᠤ᠂ ᠦᠨᠳᠤᠰᠤᠨ ᠱᠠᠲᠤ ᠵᠢ ᠭᠠᠴᠢᠭᠳᠠᠭᠤᠯᠵᠤ ᠪᠠᠢ᠌ᠭ᠎ᠠ ᠬᠡᠯᠪᠡᠷᠢ ᠵᠢᠨ ᠦᠵᠡᠯ᠎ᠤᠨ ᠠᠰᠠᠭᠤᠳᠠᠯ᠎ᠢ ᠦᠨᠡᠨᠬᠦ ᠰᠢᠢ᠍ᠳᠪᠤᠷᠢᠯᠡᠨ᠂ ᠦᠨᠳᠤᠰᠤᠨ ᠱᠠᠲᠤᠨ᠎ᠤ ᠺᠠᠳ᠋ᠷᠴᠤᠳ᠎ᠤᠨ ᠳᠠᠷᠤᠭ᠋ᠠᠰᠤ ᠵᠢ ᠰᠠᠢ᠌ᠲᠤᠷ ᠠᠯᠳᠠᠷᠠᠭ᠋ᠠᠨ᠂ ᠦᠷᠭᠡᠨ ᠣᠯᠠᠨ ᠺᠠᠳ᠋ᠷᠴᠤᠳ᠎ᠤᠨ ᠬᠠᠷᠢᠭᠤᠴᠠᠯᠭ᠎ᠠ ᠠ᠋ᠭᠦᠷᠭᠡᠯᠡᠨ ᠭᠦᠢ᠍ᠴᠡᠳᠬᠡᠬᠦ ᠦᠢ᠍ᠯᠡ ᠠᠵᠢᠯᠯᠠᠭ᠎ᠠ ᠵᠢ ᠤᠷᠮᠠᠰᠢᠭᠤᠯᠤᠨ ᠵᠣᠷᠢᠭᠵᠢᠭᠤᠯᠵᠤ᠂ 〈〈ᠦᠨᠳᠤᠰᠤᠨ ᠱᠠᠲᠤᠨ᠎ᠤ ᠳᠠᠷᠤᠭ᠋ᠠᠰᠤ ᠵᠢ ᠬᠦᠩᠭᠡᠯᠡᠬᠦ ᠣᠨ〉〉᠎ᠳᠤ ᠢᠯᠡᠳᠲᠡ ᠦᠷ᠎ᠡ ᠪᠦᠲᠤᠮᠵᠢ ᠣᠯᠬᠤ ᠵᠢ ᠪᠠᠲᠤᠯᠠᠬᠤ ᠬᠡᠷᠡᠭᠲᠠᠢ ᠭᠡᠵᠡᠢ᠃