4 ᠳ᠋ᠤᠭᠡᠷ ᠰᠠᠷ᠎ᠠ ᠵᠢᠨ 12ᠤᠨ ᠠ᠋ᠳᠦᠷ ᠥᠪᠡᠷᠳᠡᠭᠡᠨ ᠵᠠᠰᠠᠬᠤ ᠤᠷᠤᠨᠤ ᠠᠷᠠᠳᠤᠨ ᠶᠠᠪᠤᠳᠠᠯᠤᠨ ᠲᠢᠩᠬᠢᠮᠤᠨ ᠪᠠᠢ᠌ᠭᠤᠯᠭ᠎ᠠ ᠵᠢᠨ ᠨᠠᠮᠤᠨ ᠬᠤᠷᠢᠶ᠎ᠠ ᠵᠢᠨ (ᠥᠷᠭᠡᠳᠭᠡᠭᠰᠡᠨ) ᠬᠤᠷᠠᠯ ᠪᠤᠯᠤᠨ 2019 ᠤᠨᠤ ᠪᠠᠢ᠌ᠭᠤᠯᠭ᠎ᠠ ᠵᠢᠨ ᠨᠠᠮᠤᠨ ᠪᠠᠢ᠌ᠭᠤᠯᠤᠯᠲᠠ ᠪᠤᠯᠤᠨ ᠰᠠᠬᠢᠯᠭ᠎ᠠ ᠪᠠᠲᠦ ᠪᠠᠢ᠌ᠴᠠᠭ᠋ᠠᠬᠤ ᠠᠵᠢᠯᠤᠨ ᠬᠤᠷᠠᠯ ᠬᠤᠷᠠᠯᠳᠤᠭᠤᠯᠵᠦ᠂ 2019 ᠤᠨᠤ ᠤᠷᠤᠨᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮᠤᠨ ᠠᠵᠢᠯ ᠵᠢᠴᠢ ᠰᠠᠬᠢᠯᠭ᠎ᠠ ᠪᠠᠲᠦ ᠪᠠᠢ᠌ᠴᠠᠭ᠋ᠠᠬᠤ ᠠᠵᠢᠯᠤᠨ ᠬᠤᠷᠠᠯ ᠪᠤᠯᠤᠨ 2019 ᠤᠨᠤ ᠤᠷᠤᠨᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠦᠵᠡᠯ ᠤᠬᠠᠮᠰᠠᠷᠤᠨ ᠬᠡᠯᠪᠡᠷᠢ ᠵᠢᠨ ᠠᠵᠢᠯᠤᠨ ᠶᠠᠷᠢᠯᠴᠠᠬᠤ ᠬᠤᠷᠠᠯᠤᠨ ᠵᠣᠷᠢᠭ ᠰᠠᠨᠠᠭ᠎ᠠ ᠵᠢ ᠰᠤᠷᠤᠯᠴᠠᠨ ᠤᠯᠠᠮᠵᠢᠯᠠᠵᠦ᠂ 2018 ᠤᠨᠤ ᠠᠵᠢᠯ ᠵᠢᠡᠨ ᠳ᠋ᠦᠩᠨᠡᠵᠦ᠂ 2019 ᠤᠨᠤ ᠠ᠋ᠭᠦᠷᠭᠡᠪᠠᠨ ᠪᠠᠢ᠌ᠷᠢᠯᠠᠭᠤᠯᠪᠠ᠃ ᠠᠷᠠᠳᠤᠨ ᠶᠠᠪᠤᠳᠠᠯᠤᠨ ᠲᠢᠩᠬᠢᠮᠤᠨ ᠨᠠᠮᠤᠨ ᠤᠳᠤᠷᠢᠳᠬᠤ ᠲᠤᠭᠤᠢ᠌ᠯᠠᠩᠤᠨ ᠪᠦᠷᠢᠯᠳᠦᠬᠦᠨ᠂ ᠪᠠᠢ᠌ᠭᠤᠯᠭ᠎ᠠ ᠵᠢᠨ ᠨᠠᠮᠤᠨ ᠬᠤᠷᠢᠶᠠᠨᠤ ᠬᠡᠰᠢᠭᠦᠨ᠂ ᠲᠢᠩᠬᠢᠮᠤᠨ ᠳᠡᠳ᠋ ᠳᠠᠷᠤᠭ᠎ᠠ ᠹᠸᠩ ᠬᠤ᠌ ᠾᠧ ᠬᠤᠷᠠᠯ ᠠ᠋ᠷᠬᠢᠯᠡᠨ ᠶᠠᠷᠢᠶ᠎ᠠ ᠲᠠᠯᠪᠢᠵᠦ᠂ ᠲᠢᠩᠬᠢᠮᠤᠨ ᠪᠠᠢ᠌ᠭᠤᠯᠭ᠎ᠠ ᠵᠢᠨ ᠡᠯ᠎ᠡ ᠭᠠᠵᠠᠷ ᠠᠯᠪᠠᠨ ᠭᠡᠷ᠂ ᠡᠯ᠎ᠡ ᠰᠢᠭᠤᠳ ᠬᠠᠷᠢᠶ᠎ᠠ ᠨᠢᠭᠡᠴᠢ ᠵᠢᠨ ᠨᠠᠮᠤᠨ ᠠ᠋ᠭᠦᠷᠤᠨ ᠱᠦᠵᠢ᠂ ᠨᠠᠮᠤᠨ ᠪᠠᠢ᠌ᠭᠤᠯᠤᠯᠲᠠ ᠵᠢᠨ ᠬᠤᠯᠪᠤᠭ᠋ᠠᠴᠢᠨ᠂ ᠪᠠᠢ᠌ᠭᠤᠯᠭ᠎ᠠ ᠵᠢᠨ ᠨᠠᠮᠤᠨ ᠬᠤᠷᠢᠶᠠᠨᠤ ᠬᠡᠰᠢᠭᠦᠨ᠂ ᠪᠠᠢ᠌ᠭᠤᠯᠭ᠎ᠠ ᠵᠢᠨ ᠰᠠᠬᠢᠯᠭ᠎ᠠ ᠪᠠᠲᠦ ᠪᠠᠢ᠌ᠴᠠᠭ᠋ᠠᠠᠬᠤ ᠬᠤᠷᠢᠶᠠᠨᠤ ᠬᠡᠰᠢᠭᠦᠨ ᠬᠤᠷᠠᠯᠳᠤ ᠤᠷᠤᠯᠴᠠᠵᠠᠢ᠃
ᠬᠤᠷᠠᠯ ᠳᠡᠭᠡᠷ᠎ᠡ ᠠᠷᠠᠳᠤᠨ ᠶᠠᠪᠤᠳᠠᠯᠤᠨ ᠲᠢᠩᠬᠢᠮᠤᠨ ᠪᠠᠢ᠌ᠭᠤᠯᠭ᠎ᠠ ᠵᠢᠨ ᠨᠠᠮᠤᠨ ᠬᠤᠷᠢᠶᠠᠨᠤ ᠲᠤᠰᠬᠠᠢ ᠲᠤᠰᠢᠶᠠᠯᠲᠦ ᠳᠡᠳ᠋ ᠱᠦᠵᠢ ᠯᠢ ᠸᠸᠢ 2019 ᠤᠨᠤ ᠣᠷᠣᠨᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠨᠠᠮᠤᠨ ᠠᠵᠢᠯᠤᠨ ᠬᠤᠷᠠᠯ ᠵᠢᠴᠢ ᠰᠠᠬᠢᠯᠭ᠎ᠠ ᠪᠠᠲᠦ ᠪᠠᠢ᠌ᠴᠠᠭ᠋ᠠᠬᠤ ᠠᠵᠢᠯᠤᠨ ᠬᠤᠷᠠᠯ ᠪᠤᠯᠤᠨ 2019 ᠤᠨᠤ ᠤᠷᠤᠨᠤ ᠰᠢᠭᠤᠳ ᠬᠠᠷᠢᠶ᠎ᠠ ᠪᠠᠢ᠌ᠭᠤᠯᠭ᠎ᠠ ᠵᠢᠨ ᠦᠵᠡᠯ ᠤᠬᠠᠮᠰᠠᠷᠤᠨ ᠬᠡᠯᠪᠡᠷᠢ ᠵᠢᠨ ᠠᠵᠢᠯᠤᠨ ᠶᠠᠷᠢᠯᠴᠠᠬᠤ ᠬᠤᠷᠠᠯᠤᠨ ᠵᠣᠷᠢᠭ ᠰᠠᠨᠠᠭ᠎ᠠ ᠵᠢ ᠤᠯᠠᠮᠵᠢᠯᠠᠵᠦ᠂ ᠠᠷᠠᠳᠤᠨ ᠶᠠᠪᠤᠳᠠᠯᠤᠨ ᠲᠢᠩᠬᠢᠮᠤᠨ 2019 ᠤᠨᠤ ᠪᠠᠢ᠌ᠭᠤᠯᠭ᠎ᠠ ᠵᠢᠨ ᠨᠠᠮᠤᠨ ᠪᠠᠢ᠌ᠭᠤᠯᠤᠯᠲᠠ ᠪᠤᠯᠤᠨ ᠨᠠᠮᠤᠨ ᠤᠳᠤᠷᠢᠳᠬᠤ ᠳᠤᠭᠤᠢ᠌ᠯᠠᠩᠤᠨ ᠭᠤᠤᠯ ᠲᠤᠭᠤᠢ᠌ᠯᠠᠩᠤᠨ ᠰᠤᠷᠤᠯᠴᠠᠯᠭ᠎ᠠ᠂ ᠨᠠᠮᠤᠨ ᠰᠤᠷᠳᠠᠯ ᠴᠢᠭᠡᠴᠢ ᠵᠠᠰᠠᠭᠤᠨ ᠪᠠᠢ᠌ᠭᠤᠯᠤᠯᠲᠠ ᠵᠡᠷᠭᠡ ᠬᠤᠯᠪᠤᠭᠳᠠᠯ ᠪᠦᠬᠦᠢ ᠠᠵᠢᠯ ᠵᠶ᠋ᠠᠨ ᠪᠠᠢ᠌ᠷᠢᠯᠠᠭᠤᠯᠪᠠ᠃ ᠠᠷᠠᠳᠤᠨ ᠶᠠᠪᠤᠳᠠᠯᠤᠨ ᠲᠢᠩᠬᠢᠮᠤᠨ ᠪᠠᠢ᠌ᠭᠤᠯᠭ᠎ᠠ ᠵᠢᠨ ᠨᠠᠮᠤᠨ ᠬᠤᠷᠢᠶᠠᠨᠤ ᠳᠡᠳ᠋ ᠱᠦᠵᠢ᠂ ᠪᠠᠢ᠌ᠭᠤᠯᠭ᠎ᠠ ᠵᠢᠨ ᠰᠠᠬᠢᠯᠭ᠎ᠠ ᠪᠠᠲᠦ ᠪᠠᠢ᠌ᠴᠠᠠᠭ᠋ᠠᠬᠤ ᠬᠤᠷᠢᠶᠠᠨᠤ ᠱᠦᠵᠢ ᠸᠠᠩ ᠲᠢᠶᠠᠨ ᠵᠢᠶᠦᠢ᠍ᠨᠠᠴᠠ ᠥᠪᠡᠷᠳᠡᠭᠡᠨ ᠵᠠᠰᠠᠬᠤ ᠤᠷᠤᠨᠤ ᠨᠠᠮᠤᠨ ᠬᠤᠷᠢᠶᠠᠨᠤ ᠤᠬᠠᠭᠤᠯᠬᠤ ᠬᠡᠯᠲᠡᠰᠤᠨ 《〈ᠰᠤᠷᠤᠯᠴᠠᠯᠭᠠᠪᠠᠷ ᠤᠯᠤᠰ ᠵᠢᠡᠨ ᠬᠦᠴᠦᠷᠬᠡᠭᠵᠢᠭᠦᠯᠬᠦ〉 ᠰᠤᠷᠤᠯᠴᠠᠯᠭ᠎ᠠ ᠵᠢᠨ ᠲᠠᠪᠴᠠᠩᠢ ᠤᠯᠠᠮ ᠰᠠᠢ᠌ᠨ ᠬᠡᠷᠡᠭᠯᠡᠬᠦ ᠲᠤᠬᠠᠢ ᠮᠡᠳᠡᠭᠳᠡᠯ》ᠢ ᠤᠯᠠᠮᠵᠢᠯᠠᠵᠦ᠂ ᠠᠷᠠᠳᠤᠨ ᠶᠠᠪᠤᠳᠠᠯᠤᠨ ᠲᠢᠩᠬᠢᠮᠤᠨ ᠦᠨᠳᠦᠰᠦᠨ ᠱᠠᠲᠤᠨᠤ ᠨᠠᠮᠤᠨ ᠵᠤᠬᠢᠶᠠᠨ ᠪᠠᠢ᠌ᠭᠤᠯᠤᠯᠲᠠ ᠵᠢᠨ ᠨᠠᠮᠤᠨ ᠶᠠᠪᠤᠳᠠᠯᠢ ᠢᠯᠡ ᠪᠤᠯᠭ᠋ᠠᠬᠤ ᠠᠵᠢᠯᠤᠨ ᠬᠠᠷᠠᠯᠲᠠ ᠵᠢ ᠲᠤᠬᠢᠷᠠᠭᠤᠯᠵᠠᠢ᠃
ᠹᠸᠩ ᠬᠤ᠌ ᠾᠧ ᠬᠤᠷᠠᠯ ᠳᠡᠭᠡᠷ᠎ᠡ 《ᠠᠷᠠᠳᠤᠨ ᠶᠠᠪᠤᠳᠠᠯᠤᠨ ᠲᠢᠩᠬᠢᠮᠤᠨ 2019 ᠤᠨᠤ ᠪᠠᠢ᠌ᠭᠤᠯᠭ᠎ᠠ ᠵᠢᠨ ᠨᠠᠮᠤᠨ ᠠᠵᠢᠯ ᠪᠤᠯᠤᠨ ᠰᠠᠬᠢᠯᠭ᠎ᠠ ᠪᠠᠲᠦ ᠪᠠᠢ᠌ᠴᠠᠭ᠋ᠠᠬᠤ ᠠᠵᠢᠯᠤᠨ ᠮᠡᠳᠡᠭᠦᠯᠦᠯᠲᠡ》 ᠬᠢᠵᠦ᠂ 2018 ᠤᠨᠤ ᠠᠵᠢᠯᠤᠨ ᠠᠮᠵᠢᠯᠲᠠ ᠪᠦᠲᠦᠮᠵᠢ ᠵᠢ ᠳ᠋ᠦᠩᠨᠡᠵᠦ᠂ 2019 ᠤᠨᠤ ᠠᠵᠢᠯᠤᠨ ᠰᠡᠳᠭᠢᠴᠡ ᠪᠤᠯᠤᠨ ᠭᠤᠤᠯ ᠠ᠋ᠭᠦᠷᠭᠡᠪᠠᠨ ᠲᠤᠲᠤᠷᠬᠠᠢ ᠲᠤᠭᠲᠠᠭ᠋ᠠᠪᠠ᠃ 2019 ᠤᠨᠤ ᠠᠷᠠᠳᠤᠨ ᠶᠠᠪᠤᠳᠠᠯᠤᠨ ᠲᠢᠩᠬᠢᠮᠤᠨ ᠪᠠᠢ᠌ᠭᠤᠯᠭ᠎ᠠ ᠵᠢᠨ ᠨᠠᠮᠤᠨ ᠪᠠᠢ᠌ᠭᠤᠯᠤᠯᠲᠠ ᠵᠢᠨ ᠠᠵᠢᠯᠤᠨ ᠶᠡᠷᠦᠩᠬᠡᠢ ᠰᠡᠳᠭᠢᠴᠡ ᠪᠣᠯ ᠰᠢ ᠵᠢᠨ ᠫᠢᠩᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰᠤᠨ ᠤᠨᠴᠠᠯᠢᠭᠲᠠᠢ ᠨᠡᠢ᠌ᠭᠡᠮ ᠵᠢᠷᠤᠮᠤᠨ ᠦᠵᠡᠯ ᠰᠠᠨᠠᠭ᠎ᠠ ᠪᠤᠯᠤᠨ ᠨᠠᠮᠤᠨ ᠠᠷᠪᠠ ᠶᠢᠰᠦᠳᠦᠭᠡᠷ ᠶᠡᠬᠡ ᠬᠤᠷᠠᠯᠤᠨ ᠵᠤᠷᠢᠭ ᠰᠠᠨᠠᠭᠠᠪᠠᠷ ᠵᠢᠯᠤᠭᠤᠳᠤᠯᠭ᠎ᠠ ᠪᠤᠯᠭ᠋ᠠᠬᠤ ᠵᠢ ᠪᠠᠷᠢᠮᠲᠠᠯᠠᠨ᠂ ᠨᠠᠮᠤᠨ ᠲᠥᠪ ᠬᠤᠷᠢᠶᠠᠨᠤ ᠰᠢᠢ᠍ᠳᠪᠤᠷᠢᠲᠦ ᠪᠤᠳᠤᠯᠭ᠎ᠠ ᠪᠤᠯᠤᠨ ᠥᠪᠡᠷᠳᠡᠭᠡᠨ ᠵᠠᠰᠠᠬᠤ ᠤᠷᠤᠨᠤ ᠨᠠᠮᠤᠨ ᠬᠤᠷᠢᠶᠠᠨᠤ ᠠᠵᠢᠯᠤᠨ ᠪᠠᠢ᠌ᠷᠢᠯᠠᠭᠤᠯᠤᠯᠲᠠ ᠵᠢ ᠪᠦᠬᠦ ᠲᠠᠯᠠᠪᠠᠷ ᠲᠤᠤᠱᠯᠠᠭᠤᠯᠤᠨ᠂ ᠰᠢᠨ᠎ᠡ ᠴᠠᠭ ᠦᠶ᠎ᠡ ᠵᠢᠨ ᠨᠠᠮᠤᠨ ᠪᠠᠢ᠌ᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠢ ᠨᠠᠢ᠌ᠳᠠᠪᠤᠷᠢᠵᠢᠭᠤᠯᠤᠨ᠂ 《ᠳᠦᠷᠪᠡᠨ ᠤᠬᠠᠮᠰᠠᠷ》ᠢ ᠴᠢᠩᠭ᠋ᠠᠳᠬᠠᠵᠦ᠂ 《ᠳᠦᠷᠪᠡᠨ ᠢᠲᠡᠭᠡᠯ》 ᠵᠶ᠋ᠠᠨ ᠪᠠᠲᠤᠳᠬᠠᠨ᠂ 《ᠬᠤᠶᠠᠷᠢ ᠬᠠᠮᠠᠭ᠋ᠠᠯᠠᠬᠤ》 ᠵᠢ ᠠ᠋ᠷᠡᠰ ᠪᠡᠶᠡᠯᠡᠭᠦᠯᠵᠦ᠂ ᠨᠠᠮᠤᠨ ᠤᠯᠤᠰ ᠲᠦᠷᠦ ᠵᠢᠨ ᠪᠠᠢ᠌ᠭᠤᠯᠤᠯᠲᠠ ᠵᠢ ᠴᠢᠩᠭ᠋ᠠᠳᠬᠠᠨ᠂ 《ᠤᠭ ᠰᠠᠨᠠᠭᠠᠪᠠᠨ ᠥᠯᠥ ᠮᠠᠷᠲᠠᠨ᠂ ᠠ᠋ᠭᠦᠷᠭᠡ ᠬᠠᠷᠢᠭᠤᠴᠠᠯᠭ᠎ᠠᠪᠠᠨ ᠪᠠᠲᠦ ᠴᠡᠭᠡᠵᠢᠯᠡᠬᠦ》 ᠭᠤᠤᠯ ᠰᠡᠳᠦᠪᠲᠦ ᠬᠦᠮᠦᠵᠢᠯᠢ ᠰᠠᠢ᠌ᠲᠤᠷ ᠥᠷᠨᠢᠭᠦᠯᠵᠦ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳᠤᠨ ᠶᠠᠪᠤᠳᠠᠯᠤᠨ ᠠᠵᠢᠯᠤᠨ ᠲᠤᠬᠠᠢ ᠴᠢᠬᠤᠯᠠ ᠵᠢᠭ᠋ᠠᠪᠤᠷᠢ ᠵᠢᠨ ᠵᠤᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠴᠥᠭᠡᠨ ᠲᠤᠭ᠋ᠠᠨᠤ ᠵᠠᠩᠭᠢᠯᠠᠭ᠎ᠠ ᠵᠢ ᠠᠳᠬᠤᠵᠦ᠂ ᠦᠨᠳᠦᠰᠦᠨ ᠱᠠᠲᠤᠨᠤ ᠨᠠᠮᠤᠨ ᠠ᠋ᠭᠦᠷᠢ ᠪᠤᠳᠠᠲᠠᠢ ᠠᠳᠬᠤᠵᠦ᠂ 《ᠤᠮᠠᠷᠠᠲᠦ ᠬᠢᠯᠢ ᠵᠢᠨ ᠬᠤᠰᠢᠭᠤᠴᠢ》 ᠢᠨᠵᠸᠨ᠋ᠸᠷᠢᠩᠢ ᠭᠦᠨᠵᠡᠭᠡᠢ ᠬᠡᠷᠡᠭᠵᠢᠭᠦᠯᠤᠨ᠂ 《ᠭᠤᠷᠪᠠ ᠵᠢ ᠯᠠᠪᠳᠠᠭᠤᠨ ᠪᠠᠲᠤᠲᠠᠢ ᠠᠬᠢᠭᠤᠯᠬᠤ》 ᠵᠢᠨ ᠲᠣᠭᠣᠷᠢᠨᠳᠤ᠂ 《ᠭᠤᠷᠪᠠᠨ ᠶᠡᠬᠡ ᠪᠤᠭᠤᠮᠲᠠ ᠰᠢᠪᠲᠤᠯᠤᠯᠲᠠ》 ᠵᠢᠨ ᠢᠯᠠᠯᠲᠠ ᠵᠢ ᠣᠯᠵᠤ᠂ ᠠᠷᠠᠳᠤᠨ ᠶᠠᠪᠤᠳᠠᠯᠤᠨ ᠠᠵᠢᠯᠤᠨ ᠤᠶᠠᠯᠳᠤᠬᠤ ᠴᠡᠭ᠂ ᠭᠠᠷᠳᠠᠨ ᠬᠢᠬᠦ ᠴᠡᠭᠢ ᠤᠬᠠᠮᠰᠠᠷᠠᠴᠠᠪᠠᠨ ᠣᠨᠣᠴᠠᠲᠠᠢ ᠤᠯᠵᠦ᠂ ᠶᠠᠳᠠᠭᠤᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠂ ᠣᠨᠴᠠ ᠬᠦᠴᠢᠷᠳᠡᠯᠲᠠᠢ ᠬᠦᠮᠤᠰ᠂ ᠣᠯᠠᠨ ᠲᠦᠮᠡᠨᠤ ᠠᠩᠬᠠᠷᠴᠤ ᠪᠠᠢ᠌ᠭ᠎ᠠ ᠬᠠᠯᠠᠮᠰᠢᠯ ᠠᠰᠠᠭᠤᠳᠠᠯ᠂ ᠠᠷᠠᠳᠤᠨ ᠦᠨᠳᠦᠰᠦᠨ ᠠᠮᠢᠳᠤᠷᠠᠯᠤᠨ ᠪᠠᠲᠤᠯᠠᠭ᠎ᠠ᠂ ᠦᠨᠳᠦᠰᠦᠨ ᠱᠠᠲᠤᠨᠤ ᠨᠡᠢ᠌ᠭᠡᠮᠤᠨ ᠵᠠᠰᠠᠯᠲᠠ᠂ ᠨᠡᠢ᠌ᠭᠡᠮᠤᠨ ᠦᠨᠳᠦᠰᠦᠨ ᠦᠢ᠍ᠯᠡᠴᠢᠯᠡᠭᠡᠨ ᠵᠡᠷᠭᠡ ᠠᠵᠢᠯᠤᠨ ᠠ᠋ᠭᠦᠷᠭᠡ ᠬᠠᠷᠢᠭᠤᠴᠠᠯᠭ᠎ᠠᠪᠠᠨ ᠰᠠᠢ᠌ᠲᠤᠷ ᠭᠦᠢ᠍ᠴᠡᠳᠭᠡᠵᠦ᠂ ᠴᠢᠨᠡᠭᠡᠯᠢᠭ ᠨᠡᠢ᠌ᠭᠡᠮ ᠪᠠ ᠨᠡᠢ᠌ᠭᠡᠮ ᠵᠢᠷᠤᠮᠤᠨ ᠤᠳᠤᠬᠢᠴᠢᠯᠠᠬᠰᠠᠨ ᠤᠯᠤᠰᠢ ᠪᠦᠬᠦ ᠲᠠᠯᠠᠪᠠᠷ ᠪᠦᠲᠤᠭᠡᠨ ᠪᠠᠢ᠌ᠭᠤᠯᠬᠤᠳᠤ ᠰᠢᠨ᠎ᠡ ᠬᠤᠪᠢ ᠨᠡᠮᠡᠷᠢᠪᠠᠨ ᠦᠵᠡᠭᠦᠯᠬᠦ ᠪᠣᠯᠤᠨ᠎ᠠ᠃ ᠠ᠋ᠭᠦᠨᠳᠤ ᠵᠢᠷᠭᠤᠭ᠋ᠠᠨ ᠲᠠᠯ᠎ᠠ ᠵᠢᠨ ᠠᠵᠢᠯᠢ ᠭᠤᠤᠯᠳᠠᠯᠭᠠᠲᠠᠢ ᠰᠠᠢ᠌ᠨ ᠬᠢᠨ᠎ᠡ᠄ ᠨᠢᠭᠡᠳᠤ ᠨᠠᠮᠤᠨ ᠤᠯᠤᠰ ᠲᠦᠷᠦ ᠵᠢᠨ ᠪᠠᠢ᠌ᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠦ᠂ 《ᠬᠤᠶᠠᠷᠢ ᠬᠠᠮᠠᠭ᠋ᠠᠯᠠᠬᠤ》 ᠵᠢ ᠠ᠋ᠷᠡᠰ ᠦᠢ᠍ᠯᠡᠳᠦᠯᠭᠡᠵᠢᠭᠦᠯᠦᠨᠡ; ᠬᠤᠶᠠᠷᠲᠤ ᠦᠵᠡᠯ ᠰᠠᠨᠠᠭᠠᠪᠠᠷ ᠬᠦᠲᠤᠯᠤᠮᠵᠢ ᠪᠣᠯᠭ᠋ᠠᠨ᠂ ᠰᠢ ᠵᠢᠨ ᠫᠢᠩᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰᠤᠨ ᠤᠨᠴᠠᠯᠢᠭᠲᠠᠢ ᠨᠡᠢ᠌ᠭᠡᠮ ᠵᠢᠷᠤᠮᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠤᠱᠯᠠᠭᠤᠯᠤᠨ᠎ᠠ; ᠭᠤᠷᠪᠠᠳᠤ ᠦᠨᠳᠦᠰᠦᠨ ᠱᠠᠲᠤᠨᠤ ᠨᠠᠮᠤᠨ ᠠ᠋ᠭᠦᠷᠢ ᠪᠣᠳᠠᠲᠠᠢ ᠠᠳᠬᠤᠵᠦ᠂ ᠪᠠᠢ᠌ᠭᠤᠯᠭ᠎ᠠ ᠵᠢᠨ ᠦᠨᠳᠦᠰᠦᠨ ᠱᠠᠲᠤᠨᠤ ᠨᠠᠮᠤᠨ ᠵᠤᠬᠢᠶᠠᠨ ᠪᠠᠢ᠌ᠭᠤᠯᠤᠯᠲᠠ ᠵᠢᠨ ᠪᠦᠬᠦ ᠲᠠᠯᠠᠪᠠᠷ ᠳᠠᠪᠰᠢᠨ ᠰᠢᠯᠭ᠋ᠠᠷᠠᠬᠤ ᠵᠢ ᠠᠬᠢᠭᠤᠯᠤᠨ᠎ᠠ; ᠲᠦᠷᠪᠡᠳᠤ ᠤᠳᠠᠭ᠋ᠠᠨ ᠳᠠᠠᠭ᠋ᠠᠭ᠋ᠠᠮᠠᠭ᠋ᠠᠢᠪᠠᠷ ᠰᠤᠷᠲᠠᠯᠢ ᠴᠡᠭᠴᠡᠯᠡᠨ ᠰᠠᠬᠢᠯᠭ᠎ᠠ ᠪᠠᠲᠦ ᠵᠢ ᠴᠢᠩᠳᠠᠯᠠᠵᠦ᠂ ᠪᠠᠢ᠌ᠭᠤᠯᠭ᠎ᠠ ᠵᠢᠨ ᠨᠠᠮᠤᠨ ᠰᠤᠷᠲᠠᠯ ᠴᠢᠭᠡᠴᠢ ᠵᠠᠰᠠᠭᠤᠨ ᠪᠠᠢ᠌ᠭᠤᠯᠤᠯᠲᠠ ᠵᠢ ᠭᠦᠨᠵᠡᠭᠡᠢ ᠬᠥᠭᠵᠢᠬᠦᠯᠤᠨᠠ; ᠲᠠᠪᠤᠳᠤ ᠤᠯᠤᠰ ᠲᠦᠷᠦᠪᠠᠷ ᠬᠦᠲᠤᠯᠤᠮᠵᠢ ᠵᠢ ᠴᠢᠩᠭ᠋ᠠᠳᠬᠠᠵᠦ᠂ ᠨᠢᠭᠡᠲᠦᠮᠡᠯ ᠹᠷᠤᠨᠲ᠂ ᠤᠯᠠᠨ ᠲᠦᠮᠡᠨᠤ ᠪᠦᠯᠬᠦᠮ ᠪᠠ ᠶᠠᠳᠠᠭᠤ ᠵᠢ ᠲᠡᠳᠭᠦᠬᠦ ᠠᠵᠢᠯᠢ ᠯᠠᠪᠳᠠᠭᠤᠨ ᠪᠠᠲᠤᠲᠠᠢ ᠬᠢᠨ᠎ᠡ; ᠵᠢᠷᠭᠤᠭᠠᠳᠤ ᠠ᠋ᠭᠦᠷᠭᠡ ᠬᠠᠷᠢᠭᠤᠴᠠᠯᠭ᠎ᠠᠪᠠᠨ ᠴᠢᠩᠭ᠋ᠠᠠᠳᠬᠠᠨ᠂ ᠪᠠᠢ᠌ᠭᠤᠯᠭ᠎ᠠ ᠵᠢᠨ ᠨᠠᠮᠤᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠲᠥᠪᠰᠢᠨ ᠵᠶ᠋ᠠᠨ ᠲᠡᠭᠡᠭᠰᠢᠯᠡᠭᠦᠯᠦᠨ᠎ᠡ᠃