5 ᠳ᠋ᠤᠭ᠋ᠠᠷ ᠰᠠᠷ᠎ᠠ ᠵᠢᠨ 8᠎ᠤ ᠠ᠋ᠳᠦᠷ ᠬᠥᠬᠡᠬᠤᠲᠠ ᠵᠢᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶᠠᠨ᠎ᠤ ᠨᠠᠮ᠎ᠤᠨ ᠬᠡᠰᠢᠭᠦᠳ ᠵᠶ᠋ᠠᠨ ᠬᠠᠯᠠᠮᠵᠢᠯᠠᠨ ᠬᠠᠢ᠌ᠷᠠᠯᠠᠬᠤ 《ᠲᠠᠪᠤᠨ ᠨᠢᠭᠡ》 ᠵᠢᠨ ᠠᠵᠢᠯᠯᠠᠭ᠎ᠠ ᠠ᠋ᠬᠢᠯᠡᠬᠦ ᠶᠤᠰᠤᠯᠠᠯ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠎ᠳᠤ ᠶᠠᠪᠤᠭᠳᠠᠪᠠ᠃ 《ᠲᠠᠪᠤᠨ ᠨᠢᠭᠡ》 ᠵᠢᠨ ᠠᠵᠢᠯᠯᠠᠭ᠎ᠠ ᠭᠡᠳᠡᠭ᠎ᠨᠢ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠬᠡᠰᠢᠭᠦᠨ ᠨᠢᠭᠡᠪᠤᠷᠢ᠎ᠳᠤ ᠨᠢᠭᠡ ᠬᠤᠪᠢ ᠰᠤᠨᠢᠨ ᠵᠠᠬᠢᠶᠠᠯᠠᠵᠦ ᠥᠭᠬᠦ᠂ ᠨᠢᠭᠡ ᠨᠣᠮ ᠪᠡᠯᠡᠭᠯᠡᠬᠦ᠂ ᠨᠠᠮ᠎ᠳᠤ ᠤᠷᠤᠭᠰᠠᠨ ᠠ᠋ᠳᠦᠷᠢᠨᠢ ᠨᠢᠭᠡ ᠤᠳᠠᠭ᠎ᠠ ᠪᠡᠯᠭᠡᠯᠡᠬᠦ᠂ ᠨᠠᠮ᠎ᠤᠨ ᠬᠡᠰᠢᠭᠦᠨ ᠨᠢᠭᠡᠪᠤᠷᠢ ᠵᠢ ᠵᠢᠯ ᠪᠦᠷᠢ ᠨᠢᠭᠡ ᠤᠳᠠᠭ᠎ᠠ ᠲᠤᠰᠬᠠᠢ ᠪᠤᠯᠪᠠᠰᠤᠷᠠᠯ᠎ᠳᠤ ᠤᠷᠤᠯᠴᠠᠭᠤᠯᠬᠤ᠂ ᠵᠢᠯ ᠪᠦᠷᠢ ᠨᠢᠭᠡ ᠪᠦᠯᠦᠭ ᠨᠠᠮ᠎ᠤᠨ ᠬᠡᠰᠢᠭᠦᠨ᠎ᠢ ᠬᠥᠬᠢᠭᠦᠯᠦᠨ ᠰᠠᠢ᠌ᠰᠢᠶᠠᠬᠤ ᠵᠢ ᠵᠢᠭ᠋ᠠᠵᠦ ᠪᠤᠢ᠃ ᠬᠤᠲᠠ ᠵᠢᠨ ᠨᠠᠮ᠎ᠤᠨ ᠬᠣᠷᠢᠶᠠᠨ᠎ᠤ ᠵᠤᠬᠢᠶᠠᠨ ᠪᠠᠢ᠌ᠭᠤᠯᠬᠤ ᠬᠡᠯᠲᠡᠰ᠎ᠤᠨ ᠨᠡᠢ᠌ᠲᠡ ᠵᠢᠨ ᠥᠮᠴᠢᠯᠡᠯ᠎ᠤᠨ ᠪᠤᠰᠤ ᠠᠵᠦ ᠠᠬᠤᠢ ᠵᠢᠨ ᠵᠤᠬᠢᠶᠠᠨ ᠪᠠᠢ᠌ᠭᠤᠯᠤᠯᠲᠠ ᠪᠤᠯᠤᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠠᠵᠢᠯᠯᠠᠬᠤ ᠬᠤᠷᠢᠶᠠᠨ᠎ᠤ ᠠᠯᠪᠠᠨ ᠭᠡᠷ᠎ᠤᠨ ᠠ᠋ᠷᠬᠢᠯᠡᠭᠴᠢ ᠷᠸᠨ ᠵᠢᠶᠸ᠂ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠪᠦᠷᠢᠯᠳᠦᠭᠦᠨ᠂ ᠲᠤᠪᠴᠢᠶᠠᠨ᠎ᠤ ᠳᠡᠳ᠋ ᠳᠠᠷᠤᠭ᠎ᠠ ᡁᠢ ᠮᠢᠩ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶᠠᠨ᠎ᠤ ᠬᠡᠰᠢᠭᠦᠨ ᠵᠢᠴᠢ 15 ᠰᠢᠭᠤᠳ ᠬᠠᠷᠢᠶ᠎ᠠ ᠨᠠᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠬᠡᠰᠢᠭᠦᠳ 100 ᠭᠠᠷᠤᠢ ᠬᠦᠮᠦᠨ ᠶᠣᠰᠤᠯᠠᠯ᠎ᠳᠤ ᠤᠷᠤᠯᠴᠠᠵᠠᠢ᠃
ᠠᠵᠢᠯᠯᠠᠭ᠎ᠠ ᠠ᠋ᠬᠢᠯᠡᠬᠦ ᠶᠤᠰᠤᠯᠠᠯ᠎ᠢ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠬᠤᠷᠢᠶᠠᠨ᠎ᠤ ᠳᠡᠳ᠋ ᠱᠦᠵᠢ ᠭᠤᠤ ᠪᠢᠩ ᠶᠢᠩ ᠠ᠋ᠷᠬᠢᠯᠡᠵᠦ᠂ ᠬᠤᠲᠠ ᠵᠢᠨ ᠨᠠᠮ᠎ᠤᠨ ᠬᠣᠷᠢᠶᠠᠨ᠎ᠤ ᠵᠤᠬᠢᠶᠠᠨ ᠪᠠᠢ᠌ᠭᠤᠯᠬᠤ ᠬᠡᠯᠲᠡᠰ᠎ᠤᠨ ᠨᠡᠢ᠌ᠲᠡ ᠵᠢᠨ ᠥᠮᠴᠢᠯᠡᠯ᠎ᠤᠨ ᠪᠤᠰᠤ ᠠᠵᠦ ᠠᠬᠤᠢ ᠵᠢᠨ ᠵᠤᠬᠢᠶᠠᠨ ᠪᠠᠢ᠌ᠭᠤᠯᠤᠯᠲᠠ ᠪᠤᠯᠤᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠠᠵᠢᠯᠯᠠᠬᠤ ᠬᠤᠷᠢᠶᠠᠨ᠎ᠤ ᠠᠯᠪᠠᠨ ᠭᠡᠷ᠎ᠤᠨ ᠠ᠋ᠷᠬᠢᠯᠡᠭᠴᠢ ᠷᠸᠨ ᠵᠢᠶᠸ ᠠᠵᠢᠯᠯᠠᠭ᠎ᠠ ᠠ᠋ᠬᠢᠯᠡᠬᠦ ᠦᠭᠡ ᠬᠡᠯᠡᠵᠦ᠂ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠳᠡᠳ᠋ ᠳᠠᠷᠤᠭ᠎ᠠ ᡁᠢ ᠮᠢᠩ ᠶᠠᠷᠢᠶᠠᠨ᠎ᠳᠠᠭᠠᠨ᠂ ᠤᠢ᠌ᠷ᠎ᠠ ᠵᠢᠨ ᠵᠢᠯ᠎ᠤᠳ᠎ᠲᠤ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠶᠠᠪᠤᠳᠠᠯ᠎ᠢ ᠶᠡᠬᠡᠲᠡ ᠴᠢᠬᠤᠯᠠᠴᠢᠯᠠᠨ ᠦᠵᠡᠵᠦ᠂ ᠠᠯᠢ ᠤᠯᠠᠨ ᠬᠦᠴᠦᠲᠠᠢ ᠠᠷᠭ᠎ᠠ ᠬᠡᠮᠵᠢᠶ᠎ᠡ ᠠᠪᠤᠪᠠ᠃ 2015 ᠤᠨ᠎ᠠᠴᠠ ᠨᠠᠰᠢ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠤᠯᠠᠨ ᠤᠳᠠᠭ᠎ᠠ ᠲᠤᠰᠬᠠᠢ ᠰᠡᠳᠦᠪ ᠵᠢᠡᠷ ᠶᠠᠷᠢᠯᠴᠠᠨ ᠰᠤᠳᠤᠯᠵᠦ᠂ 2018 ᠤᠨ᠎ᠤ ᠡᠴᠦᠰ ᠪᠣᠯᠬᠤ᠎ᠳᠤ ᠪᠦᠬᠦ ᠬᠤᠲᠠ ᠵᠢᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ 《ᠲᠠᠪᠤ ᠵᠢ ᠪᠦᠷᠬᠦᠭᠦᠯᠬᠦ》 ᠵᠢ ᠦᠨᠳᠦᠰᠦᠨ᠎ᠳᠡᠭᠡᠨ ᠪᠡᠶᠡᠯᠡᠭᠦᠯᠤᠭ᠌ᠰᠡᠨ ᠪᠠᠢ᠌ᠨ᠎ᠠ᠃ ᠠ᠋ᠨᠡ ᠵᠢᠯ ᠪᠣᠯ ᠰᠢᠨ᠎ᠡ ᠳᠤᠮᠳᠠᠳᠦ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠪᠣᠯᠣᠨ᠎ᠠ᠃ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠨᠡᠩ ᠥᠨᠳᠦᠷ ᠠᠵᠢᠯ᠎ᠤᠨ ᠪᠠᠷᠢᠮᠵᠢᠶ᠎ᠠ᠂ ᠨᠡᠩ ᠴᠢᠩᠭ᠎ᠠ ᠠᠵᠢᠯ᠎ᠤᠨ ᠱᠠᠭ᠋ᠠᠷᠳᠠᠯᠭ᠎ᠠ᠎ᠪᠠᠷ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠪᠦᠲᠦᠭᠡᠯᠴᠢ ᠴᠢᠳᠠᠪᠤᠷᠢ᠂ ᠨᠢᠭᠲᠠᠷᠠᠭᠤᠯᠬᠤ ᠬᠦᠴᠦᠨ᠂ ᠲᠠᠢ᠌ᠴᠢᠨ ᠬᠦᠴᠦᠨ᠎ᠢ ᠲᠠᠰᠤᠷᠠᠯᠲᠠ ᠦᠭᠡᠢ ᠴᠢᠩᠭ᠋ᠠᠷᠠᠭᠤᠯᠵᠦ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠲᠠᠢ᠌ᠴᠢᠨ ᠪᠡᠬᠢᠯᠡᠯᠲᠡ ᠵᠢᠨ ᠦᠢ᠍ᠯᠡᠳᠦᠯ ᠪᠣᠯᠣᠨ ᠨᠠᠮ᠎ᠤᠨ ᠬᠡᠰᠢᠭᠦᠳ᠎ᠤᠨ ᠬᠤᠰᠢᠭᠤᠴᠢ ᠵᠢᠱ᠌ᠢᠶᠡᠴᠢ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠰᠢᠯᠢᠳᠡᠭ ᠠᠮᠵᠢᠯᠲᠠ᠎ᠪᠠᠷ ᠵᠢᠡᠨ ᠰᠢᠨ᠎ᠡ ᠳᠤᠮᠳᠠᠳᠦ ᠤᠯᠤᠰ ᠪᠠᠢ᠌ᠭᠤᠯᠤᠭᠳᠠᠭᠰᠠᠨ 70 ᠵᠢᠯ᠎ᠤᠨ ᠤᠢ ᠵᠢ ᠪᠡᠯᠭᠡᠯᠡᠨ᠎ᠡ ᠭᠡᠵᠠᠢ᠃
ᠠᠵᠢᠯᠯᠠᠭ᠎ᠠ ᠠ᠋ᠬᠢᠯᠡᠬᠦ ᠶᠤᠰᠤᠯᠠᠯ ᠳᠡᠭᠡᠷ᠎ᠡ ᠪᠠᠰᠠ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶᠠᠨ᠎ᠤ ᠪᠦᠬᠦ ᠨᠠᠮ᠎ᠤᠨ ᠬᠡᠰᠢᠭᠦᠳ᠎ᠲᠤ 《ᠰᠢ ᠵᠢᠨ ᠫᠢᠩ᠎ᠤᠨ ᠰᠡᠴᠡᠨ ᠦᠭᠡ ᠵᠢᠨ ᠲᠡᠭᠦᠪᠤᠷᠢ》 ᠭᠡᠬᠦ ᠸᠢᠳᠢᠣ᠋ ᠨᠣᠮ᠎ᠢ ᠬᠦᠷᠭᠡᠨ᠂ 5 ᠳ᠋ᠤᠭ᠋ᠠᠷ ᠰᠠᠷ᠎ᠠ᠎ᠳᠤ ᠨᠠᠮ᠎ᠳᠤ ᠤᠷᠤᠭᠰᠠᠨ ᠭᠤᠷᠪᠠᠨ ᠨᠦᠬᠦᠷ᠎ᠤᠨ ᠨᠠᠮ᠎ᠳᠤ ᠤᠷᠤᠭᠰᠠᠨ ᠠ᠋ᠳᠦᠷᠢ ᠲᠤᠷᠠᠰᠬᠠᠨ ᠲᠡᠮᠲᠡᠭᠯᠡᠭᠰᠡᠨ ᠪᠠᠢ᠌ᠨ᠎ᠠ᠃