5 ᠳ᠋ᠤᠭ᠋ᠠᠷ ᠰᠠᠷ᠎ᠠ ᠵᠢᠨ 6᠎ᠤ ᠠ᠋ᠳᠦᠷ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠠᠩᠤᠨ ᠱᠦᠵᠢ᠂ ᠲᠢᠩᠬᠢᠮ᠎ᠤᠨ ᠳᠠᠷᠤᠭ᠎ᠠ ᠳ᠋ᠸᠩ ᠶᠤᠸᠠᠢ ᠯᠸᠦ 2019 ᠤᠨ᠎ᠤ ᠨᠠᠮ᠎ᠤᠨ ᠤᠳᠤᠷᠢᠳᠬᠤ ᠲᠤᠭᠤᠢ᠌ᠯᠠᠠᠩᠤᠨ ᠤᠨᠤᠯ ᠰᠤᠷᠤᠯᠴᠠᠬᠤ ᠭᠤᠤᠯ ᠲᠤᠭᠤᠢ᠌ᠯᠠᠩ᠎ᠤᠨ 11 ᠳ᠋ᠤᠭᠡᠷ ᠤᠳᠠᠭ᠎ᠠ ᠵᠢᠨ ᠰᠤᠷᠤᠯᠴᠠᠯᠭ᠎ᠠ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠦ᠂ ᠯᠢ ᠵᠢᠢ ᠾᠸᠩ ᠱᠦᠵᠢ ᠵᠢᠨ ᠥᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢᠨ ᠲᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠳᠡᠭᠡᠷᠡᠬᠢ ᠶᠠᠷᠢᠶᠠᠨ᠎ᠤ ᠵᠤᠷᠢᠭ ᠰᠠᠨᠠᠭ᠎ᠠ ᠪᠤᠯᠤᠨ ᠥᠪᠡᠷᠳᠡᠭᠡᠨ ᠵᠠᠰᠠᠠᠬᠤ ᠤᠷᠤᠨ᠎ᠤ 《ᠦᠵᠡᠯ ᠰᠠᠨᠠᠭ᠎ᠠ᠎ᠪᠠᠨ ᠲᠠᠬᠢᠨ ᠴᠢᠯᠦᠭᠡᠯᠡᠬᠦ᠂ ᠰᠢᠨ᠎ᠡ ᠬᠥᠭᠵᠢᠯᠲᠡ ᠵᠢᠨ ᠤᠨᠤᠯᠵᠢᠬᠤᠨ᠎ᠢ ᠰᠢᠳᠤᠷᠭᠤ᠎ᠪᠠᠷ ᠬᠡᠷᠡᠭᠵᠢᠬᠦᠯᠦᠨ ᠴᠢᠨᠠᠷᠵᠢᠭᠤᠨ ᠬᠥᠭᠵᠢᠯᠲᠡ ᠵᠢ ᠠᠬᠢᠭᠤᠯᠬᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠥᠷᠨᠢᠭᠦᠯᠬᠦ ᠲᠥᠰᠦᠯ》᠎ᠢ ᠲᠤᠤᠱᠯᠠᠭᠤᠯᠤᠨ ᠨᠠᠢ᠌ᠳᠠᠪᠤᠷᠢᠵᠢᠭᠤᠯᠬᠤ ᠵᠢᠨ ᠲᠤᠭᠤᠷᠢᠨ᠎ᠳᠤ᠂ ᠰᠢ ᠵᠢᠨ ᠫᠢᠩ ᠶᠡᠷᠦᠩᠬᠡᠢ ᠱᠦᠵᠢ ᠵᠢᠨ 2019 ᠤᠨ᠎ᠳᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠬᠤᠶᠠᠳᠤᠭ᠋ᠠᠷ ᠬᠤᠷᠠᠯᠳᠤᠭ᠋ᠠᠨ᠎ᠤ ᠥᠪᠤᠷ ᠮᠤᠩᠭᠤᠯ᠎ᠤᠨ ᠲᠦᠯᠦᠭᠡᠯᠡᠭᠴᠢᠳ᠎ᠤᠨ ᠪᠦᠯᠬᠦᠮ᠎ᠤᠨ ᠬᠢᠨᠠᠨ ᠵᠥᠪᠯᠡᠬᠦ᠎ᠳᠤ ᠤᠷᠤᠯᠴᠠᠬᠤ᠎ᠳᠠᠭᠠᠨ ᠶᠠᠷᠢᠬᠰᠠᠨ ᠶᠠᠷᠢᠶᠠᠨ᠎ᠤ ᠵᠤᠷᠢᠭ ᠰᠠᠨᠠᠭ᠎ᠠ ᠵᠢ ᠭᠤᠤᠯᠳᠠᠯᠭ᠎ᠠ ᠪᠤᠯᠭ᠋ᠠᠨ ᠰᠤᠷᠤᠯᠴᠠᠪᠠ᠃ ᠲᠢᠩᠬᠢᠮ᠎ᠤᠨ ᠤᠳᠤᠷᠢᠳᠬᠤ ᠪᠠᠭ᠎ᠤᠨ ᠪᠦᠷᠢᠯᠳᠦᠭᠦᠨ ᠹᠸᠩ ᠬᠤ᠌ ᠾᠧ᠂ ᠰᠤᠶᠤᠯ᠂ ᠭᠤᠤ ᠵᠢᠶᠠᠨ ᠬᠤᠸᠠ᠂ ᠴᠡᠩᠭᠡᠯᠲᠦ ᠵᠢᠴᠢ ᠬᠡᠰᠡᠭ ᠭᠠᠵᠠᠷ ᠠᠯᠪᠠᠨ ᠭᠡᠷ᠎ᠤᠨ ᠬᠠᠷᠢᠭᠤᠴᠠᠯᠭ᠋ᠠᠲᠠᠨ ᠨᠥᠬᠦᠳ ᠶᠠᠷᠢᠯᠴᠠᠭ᠋ᠠᠨ ᠳᠡᠭᠡᠷ᠎ᠡ ᠦᠭᠡ ᠬᠡᠯᠡᠵᠠᠢ᠃ ᠳ᠋ᠸᠩ ᠶᠤᠸᠠᠢ ᠯᠸᠦ ᠲᠢᠩᠬᠢᠮ᠎ᠤᠨ ᠳᠠᠷᠤᠭ᠎ᠠ ᠤᠯᠠᠨ᠎ᠤ ᠶᠠᠷᠢᠯᠴᠠᠭ᠎ᠠ ᠵᠢ ᠰᠤᠨᠤᠰᠤᠭ᠋ᠠᠳ᠂ ᠠᠷᠠᠳ᠎ᠤᠨ ᠶᠠᠪᠤᠳᠠᠯ᠎ᠤᠨ ᠲᠢᠩᠬᠢᠮ ᠦᠵᠡᠯ ᠰᠠᠨᠠᠭ᠎ᠠ᠎ᠪᠠᠨ ᠲᠠᠬᠢᠨ ᠴᠢᠯᠦᠭᠡᠯᠡᠬᠦ᠂ ᠰᠢᠨ᠎ᠡ ᠬᠥᠭᠵᠢᠯᠲᠡ ᠵᠢᠨ ᠤᠨᠤᠯᠵᠢᠬᠤᠨ᠎ᠢ ᠰᠢᠳᠤᠷᠭᠤ᠎ᠪᠠᠷ ᠬᠡᠷᠡᠭᠵᠢᠬᠦᠯᠦᠨ ᠴᠢᠨᠠᠷᠵᠢᠭᠤᠨ ᠬᠥᠭᠵᠢᠯᠲᠡ ᠵᠢ ᠠᠬᠢᠭᠤᠯᠬᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠥᠷᠨᠢᠭᠦᠯᠬᠦ ᠲᠤᠬᠠᠢ ᠪᠦᠬᠦ ᠲᠠᠯ᠎ᠠ᠎ᠪᠠᠷ ᠪᠠᠢ᠌ᠷᠢᠯᠠᠭᠤᠯᠤᠯᠲᠠ ᠬᠢᠵᠠᠢ᠃
ᠳ᠋ᠸᠩ ᠶᠤᠸᠠᠢ ᠯᠸᠦ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠥᠷᠨᠢᠭᠦᠯᠬᠦ᠎ᠳᠤ ᠠ᠋ᠷᠬᠡᠪᠰᠢ 《ᠲᠠᠪᠤ ᠵᠢ ᠤᠶᠠᠯᠳᠤᠭᠤᠯᠬᠤ》 ᠬᠡᠷᠡᠭᠲᠠᠢ᠃ ᠰᠢ ᠵᠢᠨ ᠫᠢᠩ ᠶᠡᠷᠦᠩᠬᠡᠢ ᠱᠦᠵᠢ ᠵᠢᠨ ᠥᠪᠤᠷ ᠮᠤᠩᠭᠤᠯ᠎ᠤᠨ ᠲᠤᠬᠠᠢ ᠴᠢᠬᠤᠯᠠ ᠶᠠᠷᠢᠶ᠎ᠠ ᠵᠢᠭ᠋ᠠᠪᠤᠷᠢ ᠵᠢ ᠭᠦᠨᠵᠡᠭᠡᠢ ᠰᠤᠷᠤᠯᠴᠠᠨ ᠲᠤᠤᠱᠯᠠᠭᠤᠯᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠴᠢᠨᠠᠷᠵᠢᠭᠤᠨ ᠬᠥᠭᠵᠢᠯᠲᠡ ᠵᠢ ᠠᠬᠢᠭᠤᠯᠬᠤ ᠶᠠᠪᠤᠳᠠᠯ᠎ᠢ 2019 ᠤᠨ᠎ᠤ ᠠᠷᠠᠳ᠎ᠤᠨ ᠶᠠᠪᠤᠳᠠᠯ᠎ᠤᠨ ᠭᠤᠤᠯᠳᠠᠯᠭ᠎ᠠ ᠪᠣᠯᠭ᠋ᠠᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠬᠤ᠂ ᠠᠷᠪᠠᠨ ᠨᠢᠭᠡᠳᠦᠭᠡᠷ ᠤᠳᠠᠭ᠎ᠠ ᠵᠢᠨ ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠬᠤᠷᠠᠯ᠎ᠤᠨ ᠪᠡᠯᠡᠳᠬᠡᠯ ᠠᠵᠢᠯ᠎ᠲᠠᠢ ᠤᠶᠠᠯᠳᠤᠭᠤᠯᠬᠤ᠂ ᠲᠤᠭᠤᠷᠢᠨ ᠪᠠᠢ᠌ᠴᠠᠠᠭ᠋ᠠᠵᠦ ᠴᠡᠭᠴᠡᠯᠡᠵᠦ ᠵᠠᠰᠠᠬᠤ᠎ᠲᠠᠢ ᠤᠶᠠᠯᠳᠤᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ᠎ᠳᠤ ᠢᠯᠡᠷᠡᠭᠦᠯᠤᠭ᠌ᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠎ᠲᠠᠢ ᠤᠶᠠᠯᠳᠤᠭᠤᠯᠬᠤ᠂ ᠠᠷᠠᠳ᠎ᠤᠨ ᠶᠠᠪᠤᠳᠠᠯ ᠠᠷᠠᠳ᠎ᠤᠨ ᠠᠮᠢᠳᠤᠷᠠᠯ᠎ᠤᠨ ᠬᠦᠷᠢᠶ᠎ᠡ ᠴᠠᠷᠠᠭ᠋ᠠᠨ᠎ᠤ ᠲᠤᠰᠬᠠᠢ ᠴᠡᠭᠴᠡᠯᠡᠨ ᠵᠠᠰᠠᠬᠤ ᠠᠵᠢᠯ᠎ᠲᠠᠢ ᠭᠦᠨᠵᠡᠭᠡᠢ ᠤᠶᠠᠯᠳᠤᠭᠤᠯᠬᠤ᠂ 《ᠳᠦᠷᠪᠡᠨ ᠵᠦᠢ᠍ᠯ᠎ᠤᠨ ᠨᠣᠶᠠᠨᠴᠢ ᠰᠤᠷᠲᠠᠯ》᠎ᠤᠨ ᠠᠰᠠᠭᠤᠳᠠᠯ᠎ᠢ ᠴᠡᠭᠴᠡᠯᠡᠨ ᠵᠠᠰᠠᠬᠤ ᠲᠤᠰᠬᠠᠢ ᠠᠵᠢᠯᠯᠠᠭ᠎ᠠ᠂ ᠬᠡᠯᠪᠡᠷᠢᠴᠢ ᠦᠵᠡᠯ᠂ ᠨᠤᠶᠠᠨᠴᠢ ᠰᠤᠷᠲᠠᠯ᠎ᠢ ᠠᠷᠢᠯᠭ᠋ᠠᠬᠤ᠎ᠲᠠᠢ ᠨᠢᠭᠲᠠ ᠤᠶᠠᠯᠳᠤᠭᠤᠯᠬᠤ ᠬᠡᠷᠡᠭᠲᠠᠢ᠃ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠦᠵᠡᠯ ᠰᠠᠨᠠᠭ᠎ᠠ ᠤᠯᠤᠰ ᠲᠦᠷᠦ ᠵᠢᠨ ᠪᠠᠢ᠌ᠭᠤᠯᠤᠯᠲᠠ ᠵᠢ ᠴᠢᠩᠭ᠋ᠠᠳᠬᠠᠵᠦ᠂ ᠠᠵᠢᠯ᠎ᠤᠨ ᠰᠤᠷᠲᠠᠯ ᠵᠢᠡᠨ ᠦᠨᠡᠨᠬᠦ ᠰᠠᠢ᠌ᠵᠢᠷᠠᠠᠭᠤᠯᠵᠦ᠂ ᠠᠵᠢᠯ᠎ᠤᠨ ᠭᠤᠤᠯᠳᠠᠯᠭ᠎ᠠ ᠵᠢ ᠠᠳᠬᠤᠨ᠂ ᠲᠤᠳᠠᠭᠤᠳᠠᠯ ᠪᠠᠭᠤᠷᠠᠢ᠎ᠪᠠᠨ ᠬᠠᠯᠠᠨ ᠰᠠᠢ᠌ᠵᠢᠷᠠᠭᠤᠯᠵᠤ᠂ ᠠᠵᠢᠯ᠎ᠤᠨ ᠠ᠋ᠭᠦᠷᠭᠡ᠎ᠪᠠᠨ ᠨᠠᠢ᠌ᠳᠠᠪᠤᠷᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠠᠢ᠃
ᠬᠤᠷᠠᠯ᠎ᠠᠴᠠ ᠪᠦᠬᠦ ᠲᠢᠩᠬᠢᠮ᠎ᠤᠨ ᠬᠡᠪᠴᠢᠶᠡᠨ᠎ᠳᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠳᠠᠷᠤᠢ ᠲᠦᠷᠭᠡᠨ ᠥᠷᠨᠢᠭᠦᠯᠵᠦ᠂ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶ᠎ᠠ 《ᠦᠵᠡᠯ ᠰᠠᠨᠠᠭ᠎ᠠ᠎ᠪᠠᠨ ᠲᠠᠬᠢᠨ ᠴᠢᠯᠦᠭᠡᠯᠡᠬᠦ᠂ ᠰᠢᠨ᠎ᠡ ᠬᠥᠭᠵᠢᠯᠲᠡ ᠵᠢᠨ ᠤᠨᠤᠯᠵᠢᠬᠤᠨ᠎ᠢ ᠰᠢᠳᠤᠷᠭᠤ᠎ᠪᠠᠷ ᠬᠡᠷᠡᠭᠵᠢᠬᠦᠯᠦᠨ ᠴᠢᠨᠠᠷᠵᠢᠭᠤᠨ ᠬᠥᠭᠵᠢᠯᠲᠡ ᠵᠢ ᠠᠬᠢᠭᠤᠯᠬᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠥᠷᠨᠢᠭᠦᠯᠬᠦ ᠲᠥᠰᠦᠯ》᠎ᠢ ᠬᠠᠷᠢᠭᠤᠴᠠᠨ ᠲᠤᠭᠲᠠᠭ᠋ᠠᠵᠦ᠂ ᠬᠤᠯᠪᠤᠭᠳᠠᠯ ᠪᠦᠬᠦᠢ ᠰᠤᠷᠤᠯᠴᠠᠬᠤ ᠮᠠᠲᠸᠷᠢᠶᠠᠯ᠎ᠢ ᠪᠡᠯᠡᠳᠭᠡᠬᠦ ᠬᠡᠷᠡᠭᠲᠠᠢ᠃ ᠡᠯ᠎ᠡ ᠨᠠᠮ᠎ᠤᠨ ᠠ᠋ᠭᠦᠷ᠎ᠨᠢ ᠲᠤᠰ ᠭᠠᠷᠠᠭ᠎ᠲᠤ ᠨᠢᠭᠡ ᠤᠳᠠᠭ᠋ᠠᠨ᠎ᠤ ᠨᠡᠮ᠎ᠤᠨ ᠠ᠋ᠭᠦᠷ᠎ᠤᠨ ᠰᠤᠷᠤᠯᠴᠠᠯᠭ᠎ᠠ ᠵᠢ ᠵᠤᠬᠢᠶᠠᠨ ᠪᠠᠢ᠌ᠭᠤᠯᠵᠦ᠂ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠥᠷᠨᠢᠭᠦᠯᠬᠦ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠮ᠎ᠤᠨ ᠬᠡᠰᠢᠬᠦᠨ ᠺᠠᠳ᠋ᠷ ᠨᠢᠭᠡᠪᠤᠷᠢ᠎ᠳᠤ ᠤᠯᠠᠮᠵᠢᠯᠠᠵᠦ᠂ ᠪᠦᠬᠦ ᠨᠠᠮ᠎ᠤᠨ ᠬᠡᠰᠢᠭᠦᠨ ᠺᠠᠳ᠋ᠷ᠎ᠢ ᠵᠢᠯᠤᠭᠤᠳᠤᠨ ᠰᠢ ᠵᠢᠨ ᠫᠢᠩ ᠶᠡᠷᠦᠩᠬᠡᠢ ᠱᠦᠵᠢ ᠵᠢᠨ ᠶᠠᠷᠢᠶᠠᠨ᠎ᠤ ᠵᠤᠷᠢᠭ ᠰᠠᠨᠠᠭ᠎ᠠ᠂ ᠰᠢᠨ᠎ᠡ ᠬᠥᠭᠵᠢᠯᠲᠡ ᠵᠢᠨ ᠤᠨᠤᠯᠵᠢᠬᠤᠨ᠂ ᠴᠢᠨᠡᠭᠡᠯᠢᠭ ᠨᠡᠢ᠌ᠭᠡᠮ᠎ᠢ ᠪᠦᠬᠦ ᠲᠠᠯ᠎ᠠ᠎ᠪᠠᠷ ᠪᠦᠲᠤᠭᠡᠨ ᠪᠠᠢ᠌ᠭᠤᠯᠬᠤ ᠲᠡᠮᠡᠴᠡᠯ᠎ᠤᠨ ᠬᠠᠷᠠᠯᠲᠠ᠂ ᠭᠤᠷᠪᠠᠨ ᠶᠡᠬᠡ ᠪᠤᠭᠤᠮᠲᠠ ᠰᠢᠪᠲᠤᠯᠤᠯᠲᠠ ᠵᠢᠨ ᠢᠯᠠᠯᠲᠠ ᠵᠢ ᠲᠡᠮᠡᠴᠡᠨ ᠤᠯᠬᠤ ᠠ᠋ᠭᠦᠷᠭᠡ᠎ᠲᠠᠢ ᠨᠠᠷᠢᠨ ᠬᠢᠨᠠᠮᠠᠭ᠋ᠠᠢ ᠬᠠᠷᠢᠴᠠᠭᠤᠯᠤᠯᠲᠠ ᠬᠢᠵᠤ᠂ ᠪᠤᠳᠠᠲᠠᠢ᠎ᠲᠠᠢ ᠤᠶᠠᠯᠳᠤᠭᠤᠯᠤᠨ ᠵᠥᠷᠢᠶ᠎ᠡ ᠪᠤᠯᠤᠨ ᠬᠦᠷᠦᠯᠴᠡᠬᠦ ᠦᠭᠡᠢ ᠲᠠᠯ᠎ᠠ᠎ᠪᠠᠨ ᠠ᠋ᠷᠢᠵᠦ᠂ ᠭᠦᠨᠵᠡᠭᠡᠢ ᠰᠤᠷᠤᠯᠴᠠᠵᠦ ᠶᠠᠷᠢᠯᠴᠠᠬᠤ᠎ᠪᠠᠷ ᠲᠠᠮᠵᠢᠭᠤᠯᠤᠨ ᠦᠵᠡᠯ ᠰᠠᠨᠠᠭ᠎ᠠ᠂ ᠦᠵᠡᠯᠲᠡ ᠲᠠᠨᠢᠯᠲᠠ᠂ ᠠᠵᠢᠯ᠎ᠤᠨ ᠰᠤᠷᠲᠠᠯ ᠪᠤᠯᠤᠨ ᠠᠵᠢᠯ᠎ᠤᠨ ᠠᠷᠭ᠎ᠠ ᠬᠡᠮᠵᠢᠶ᠎ᠡ ᠵᠢᠨ ᠲᠠᠯ᠎ᠠ᠎ᠪᠠᠷ ᠦᠵᠡᠯ ᠰᠠᠨᠠᠭ᠎ᠠ᠎ᠪᠠᠨ ᠤᠯᠠᠮ ᠴᠢᠯᠦᠭᠡᠯᠡᠵᠦ᠂ ᠰᠢᠨ᠎ᠡ ᠬᠥᠭᠵᠢᠯᠲᠡ ᠵᠢᠨ ᠤᠨᠤᠯᠵᠢᠬᠤᠨ᠎ᠢ ᠰᠢᠳᠤᠷᠭᠤ᠎ᠪᠠᠷ ᠦᠢ᠍ᠯᠡᠳᠦᠯᠭᠡᠵᠢᠬᠦᠯᠵᠦ᠂ ᠡᠯ᠎ᠡ ᠲᠦᠷᠣᠯ᠎ᠤᠨ ᠠᠵᠢᠯ ᠵᠶ᠋ᠠᠨ ᠴᠢᠨᠠᠷᠵᠢᠭᠤᠨ ᠰᠠᠢ᠌ᠨ ᠬᠦᠭᠵᠢᠭᠦᠯᠬᠦ ᠬᠡᠷᠡᠭᠲᠠᠢ ᠭᠡᠵᠦ ᠱᠠᠭ᠋ᠠᠷᠳᠠᠵᠠᠢ᠃
5 ᠳ᠋ᠤᠭ᠋ᠠᠷ ᠰᠠᠷ᠎ᠠ ᠵᠢᠨ 7᠎ᠤ ᠠ᠋ᠳᠦᠷ᠎ᠠᠴᠠ 9᠎ᠤ ᠠ᠋ᠳᠦᠷ ᠪᠤᠯᠲᠠᠯ᠎ᠠ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠤᠨ ᠪᠦᠷᠢᠯᠳᠦᠬᠦᠨ ᠲᠤᠰᠪᠤᠷᠢ ᠥᠪᠡᠷ᠎ᠤᠨ ᠪᠠᠢ᠌ᠭ᠎ᠠ ᠨᠠᠮ᠎ᠤᠨ ᠠ᠋ᠭᠦᠷ᠎ᠤᠨ ᠰᠤᠷᠤᠯᠴᠠᠯᠭ᠎ᠠ᠎ᠳᠤ ᠤᠷᠤᠯᠴᠠᠨ᠂ ᠨᠠᠮ᠎ᠤᠨ ᠠ᠋ᠭᠦᠷ ᠵᠢᠡᠨ ᠵᠢᠯᠤᠭᠤᠳᠤᠨ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠥᠷᠨᠢᠭᠦᠯᠵᠦ᠂ ᠲᠢᠩᠬᠢᠮ᠎ᠤᠨ ᠪᠠᠢ᠌ᠭᠤᠯᠭ᠎ᠠ ᠵᠢᠨ ᠨᠠᠮ᠎ᠤᠨ ᠬᠤᠷᠢᠶ᠎ᠠ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠥᠷᠨᠢᠭᠦᠯᠬᠦ ᠲᠦᠰᠦᠯ ᠲᠤᠬᠲᠠᠭ᠋ᠠᠵᠦ᠂ ᠰᠤᠷᠤᠯᠴᠠᠬᠤ᠂ ᠶᠠᠷᠢᠯᠴᠠᠬᠤ᠂ ᠪᠠᠢ᠌ᠴᠠᠭ᠋ᠠᠨ ᠰᠤᠳᠤᠯᠬᠤ᠂ ᠦᠷ᠎ᠡ ᠪᠦᠲᠦᠭᠡᠯ ᠵᠶ᠋ᠠᠨ ᠠᠰᠢᠭᠯᠠᠨ ᠬᠤᠪᠢᠷᠠᠭᠤᠯᠬᠤ ᠵᠡᠷᠬᠡ ᠭᠣᠭᠴᠣᠭ᠋ᠠᠨ᠎ᠤ ᠠᠭᠤᠯᠭ᠎ᠠ ᠪᠤᠯᠤᠨ ᠬᠡᠯᠪᠡᠷᠢ᠎ᠳᠤ ᠲᠤᠲᠤᠷᠬᠠᠢ ᠲᠤᠬᠢᠷᠠᠭᠤᠯᠤᠯᠲᠠ ᠬᠢᠵᠠᠢ᠃