ᠤᠢ᠌ᠷ᠎ᠠ ᠵᠢᠨ ᠠ᠋ᠳᠦᠷ ᠠᠯᠠᠱ᠌ᠠ ᠠᠢ᠌ᠮᠠᠭ᠎ᠤᠨ ᠳᠡᠳ᠋ ᠳᠠᠷᠤᠭ᠎ᠠ ᠰᠡᠴᠡᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠳᠤ ᠬᠦᠷᠴᠤ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠬᠤ ᠠᠵᠢᠯ᠎ᠢ ᠲᠤᠭᠤᠷᠢᠨ ᠪᠠᠢ᠌ᠴᠠᠭ᠋ᠠᠭ᠋ᠠᠳ ᠬᠠᠷᠢᠭᠤ ᠲᠤᠰᠬᠠᠬᠰᠠᠨ ᠰᠠᠨᠠᠯ᠎ᠢ ᠨᠠᠢ᠌ᠳᠠᠪᠤᠷᠢᠵᠢᠭᠤᠯᠤᠨ ᠴᠡᠭᠴᠡᠯᠡᠵᠦ ᠰᠠᠢ᠌ᠵᠢᠷᠠᠭᠤᠯᠤᠭᠰᠠᠨ ᠪᠠᠢ᠌ᠳᠠᠯ᠂ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ᠎ᠤ ᠬᠠᠷ᠎ᠠ ᠪᠦᠯᠦᠭᠲᠡᠨ ᠬᠠᠷᠭᠢᠰ ᠬᠦᠴᠦᠨ᠎ᠢ ᠴᠡᠪᠡᠷᠯᠡᠨ ᠠᠷᠢᠯᠭ᠋ᠠᠬᠤ ᠲᠤᠰᠬᠠᠢ ᠲᠡᠮᠡᠴᠡᠯ᠎ᠢ ᠦᠷᠨᠢᠭᠦᠯᠦᠭᠰᠡᠨ ᠪᠠᠢ᠌ᠳᠠᠯ᠂ ᠨᠢᠭᠡᠳᠦᠭᠡᠷ ᠤᠯᠠᠷᠢᠯ᠎ᠤᠨ ᠭᠤᠤᠯᠳᠠᠯᠭ᠎ᠠ ᠪᠣᠯᠬᠤ ᠠᠵᠢᠯ ᠪᠣᠯᠣᠨ ᠭᠤᠤᠯᠳᠠᠯᠭ᠎ᠠ ᠪᠣᠯᠬᠤ ᠲᠦᠷᠦᠯ ᠵᠦᠢ᠍ᠯ᠎ᠤᠨ ᠠᠬᠢᠴᠠ ᠵᠢᠨ ᠪᠠᠢ᠌ᠳᠠᠯ᠎ᠢ ᠪᠠᠢ᠌ᠴᠠᠭ᠋ᠠᠨ ᠰᠤᠳᠤᠯᠵᠦ ᠵᠢᠭ᠋ᠠᠨ ᠵᠢᠯᠤᠭᠤᠳᠪᠠ᠃
ᠰᠡᠴᠡᠨ ᠨᠢᠭᠡᠳᠦᠭᠡᠷ ᠤᠯᠠᠷᠢᠯ᠎ᠤᠨ ᠠᠵᠢᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠤᠨᠤᠰᠤᠭ᠋ᠠᠳ ᠳᠠᠷᠠᠭ᠎ᠠ ᠠᠯᠬᠤᠮ᠎ᠤᠨ ᠠᠵᠢᠯ᠎ᠤᠨ ᠲᠤᠬᠠᠢ ᠶᠠᠷᠢᠬᠤ᠎ᠳᠠᠭᠠᠨ᠂ ᠠᠢ᠌ᠮᠠᠭ᠎ᠤᠨ ᠨᠠᠮ᠎ᠤᠨ ᠬᠣᠷᠢᠶ᠎ᠠ᠂ ᠠᠢ᠌ᠮᠠᠭ᠎ᠤᠨ ᠵᠠᠬᠢᠷᠭ᠎ᠠ ᠵᠢᠨ ᠪᠠᠢ᠌ᠷᠢᠯᠠᠭᠤᠯᠤᠭᠰᠠᠨ ᠠᠵᠢᠯ᠎ᠢ ᠤᠯᠠᠮ ᠨᠠᠷᠢᠯᠢᠬ᠍ᠵᠢᠭᠤᠯᠵᠦ᠂ ᠨᠢᠭᠡ ᠨᠢᠭᠡ᠎ᠪᠠᠷ ᠨᠠᠢ᠌ᠳᠠᠪᠤᠷᠢᠵᠢᠭᠤᠯᠤᠨ᠂ ᠠᠵᠢᠯ᠎ᠢ ᠬᠠᠮᠢᠶᠠᠷᠬᠤ ᠬᠦᠮᠦᠨ᠎ᠲᠠᠢ᠂ ᠬᠢᠬᠦ ᠬᠦᠮᠦᠨ᠎ᠲᠠᠢ ᠪᠠᠢ᠌ᠬᠤ ᠵᠢ ᠦᠨᠡᠨᠬᠦ ᠪᠠᠲᠤᠯᠠᠵᠦ᠂ ᠬᠤᠰᠢᠭᠤᠨ᠎ᠤ᠎ᠪᠠᠨ ᠠ᠋ᠳᠦᠷ ᠲᠤᠲᠤᠮ᠎ᠤᠨ ᠠᠵᠢᠯ ᠵᠶ᠋ᠠᠨ ᠵᠦᠢ ᠵᠣᠬᠢᠰᠲᠠᠢ ᠲᠤᠬᠢᠷᠠᠭᠤᠯᠬᠤ ᠬᠡᠷᠡᠭᠲᠡᠢ᠃ ᠠᠵᠢᠯ᠎ᠤᠨ ᠴᠢᠨᠠᠷ ᠴᠢᠨᠰᠠᠭ᠎ᠠ ᠵᠢ ᠦᠨᠡᠨᠬᠦ ᠪᠠᠲᠤᠯᠠᠵᠦ᠂ ᠲᠠᠷᠢᠶᠠᠯᠠᠬᠤ ᠮᠠᠯᠵᠢᠬᠤ ᠤᠷᠤᠨ᠎ᠤ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠢ ᠰᠠᠢ᠌ᠨ ᠬᠢᠬᠦ ᠵᠢᠨ ᠬᠠᠮᠲᠦ ᠬᠤᠲᠠ ᠪᠠᠯᠭ᠋ᠠᠰᠤᠨ᠎ᠤ ᠶᠠᠳᠠᠭᠤ ᠬᠦᠴᠢᠷᠳᠡᠯ᠎ᠲᠠᠢ ᠬᠦᠮᠦᠨ ᠠᠮᠠ ᠵᠢ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠲᠤᠬᠠᠢ ᠵᠠᠳᠠᠯᠤᠨ ᠰᠢᠨᠵᠢᠯᠡᠯᠲᠡ ᠪᠠᠢ᠌ᠴᠠᠭ᠋ᠠᠨ ᠰᠤᠳᠤᠯᠤᠯᠲᠠ ᠵᠢ ᠴᠢᠩᠭ᠋ᠠᠳᠬᠠᠵᠦ᠂ ᠴᠢᠨᠠᠷ ᠰᠠᠢ᠌ᠲᠠᠢ ᠪᠠᠢ᠌ᠴᠠᠭ᠋ᠠᠯᠲᠠ ᠵᠢᠨ ᠮᠡᠳᠡᠭᠦᠯᠦᠯᠲᠡ ᠪᠢᠴᠢᠬᠦ ᠬᠡᠷᠡᠭᠲᠡᠢ᠃ ᠡᠯ᠎ᠡ ᠲᠠᠯ᠎ᠠ ᠵᠢᠨ ᠬᠠᠷᠢᠴᠠᠭ᠎ᠠ᠎ᠪᠠᠨ ᠰᠢᠯᠤᠭᠤᠳᠬᠠᠵᠦ᠂ ᠡᠯ᠎ᠡ ᠲᠠᠯ᠎ᠠ ᠵᠢᠨ ᠬᠦᠴᠦᠨ᠎ᠢ ᠲᠠᠢ᠌ᠴᠢᠯᠠᠵᠦ᠂ ᠠᠷᠠᠳ᠎ᠤᠨ ᠶᠠᠪᠤᠳᠠᠯ᠎ᠤᠨ ᠠᠵᠢᠯ᠎ᠤᠨ ᠪᠦᠬᠦᠯᠢ ᠴᠤᠭᠴᠠ ᠵᠢᠨ ᠬᠠᠮᠲᠤ ᠵᠢᠨ ᠬᠦᠴᠦᠨ ᠪᠣᠯᠭ᠋ᠠᠬᠤ ᠬᠡᠷᠡᠭᠲᠡᠢ᠃ ᠠᠵᠢᠯ᠎ᠤᠨ ᠦᠷ᠎ᠡ ᠪᠦᠲᠦᠮᠵᠢ ᠵᠢ ᠠᠩᠬᠠᠷᠤᠨ ᠴᠢᠬᠤᠯᠠᠴᠢᠯᠠᠵᠦ᠂ ᠠᠵᠢᠯ ᠵᠢᠡᠨ ᠳ᠋ᠦᠩᠨᠡᠨ ᠰᠠᠢ᠌ᠨ᠎ᠢ᠎ᠨᠢ ᠠᠪᠴᠤ ᠳᠡᠭᠡᠭᠰᠢᠯᠡᠭᠦᠯᠤᠨ᠂ ᠠᠵᠢᠯ᠎ᠤᠨ ᠲᠤᠬᠠᠢ ᠵᠠᠳᠠᠯᠤᠨ ᠰᠢᠨᠵᠢᠯᠡᠯᠲᠡ ᠰᠤᠳᠤᠯᠤᠨ ᠮᠠᠭ᠋ᠠᠳᠯᠠᠯᠲᠠ᠎ᠪᠠᠨ ᠴᠢᠩᠭ᠋ᠠᠳᠬᠠᠵᠦ᠂ ᠠᠢ᠌ᠮᠠᠭ᠎ᠤᠨ ᠨᠠᠮ᠎ᠤᠨ ᠬᠣᠷᠢᠶ᠎ᠠ᠂ ᠠᠢ᠌ᠮᠠᠭ᠎ᠤᠨ ᠵᠠᠬᠢᠷᠭ᠎ᠠ ᠵᠢᠨ ᠰᠢᠢ᠍ᠳᠪᠤᠷᠢᠲᠦ ᠪᠣᠳᠤᠯᠭ᠎ᠠ ᠲᠤᠭᠲᠠᠭ᠋ᠠᠬᠤ᠎ᠳᠤ ᠨᠠᠢ᠌ᠳᠠᠪᠤᠷᠢᠲᠠᠢ ᠲᠣᠭ᠎ᠠ ᠪᠠᠷᠢᠮᠲᠠ ᠬᠠᠩᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃
ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠰᠡᠴᠡᠨ ᠶᠠᠷᠢᠬᠤ᠎ᠳᠠᠭᠠᠨ᠂ ᠨᠢᠭᠡ᠎ᠳᠤ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠶᠠᠪᠤᠳᠠᠯ᠎ᠢ ᠰᠠᠢ᠌ᠲᠤᠷ ᠠᠳᠬᠤᠬᠤ ᠬᠡᠷᠡᠭᠲᠡᠢ᠃ ᠨᠠᠮ᠎ᠤᠨ ᠤᠳᠤᠷᠢᠳᠬᠤ ᠲᠤᠭᠤᠢ᠌ᠯᠠᠩ ᠭᠣᠣᠯ ᠴᠤᠭᠴᠠ ᠵᠢᠨ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠭᠡᠬᠦ᠂ ᠱᠦᠵᠢ ᠨᠢᠭᠡᠳᠦᠭᠡᠷ ᠬᠠᠷᠢᠭᠤᠴᠠᠯᠭ᠎ᠠ ᠵᠢ ᠰᠠᠢ᠌ᠲᠤᠷ ᠭᠦᠢ᠍ᠴᠡᠳᠭᠡᠬᠦ᠂ ᠲᠤᠮᠢᠯᠠᠨ ᠰᠠᠭᠤᠯᠭ᠋ᠠᠭᠰᠠᠨ ᠰᠠᠬᠢᠯᠭ᠎ᠠ ᠪᠠᠲᠦ ᠪᠠᠢ᠌ᠴᠠᠭ᠋ᠠᠬᠤ ᠲᠤᠭᠤᠢ᠌ᠯᠠᠩ᠎ᠤᠨ ᠳᠠᠷᠤᠭ᠎ᠠ ᠬᠢᠨᠠᠯᠲᠠ ᠲᠠᠯᠪᠢᠬᠤ ᠬᠠᠷᠢᠭᠤᠴᠠᠯᠭ᠎ᠠ᠎ᠪᠠᠨ ᠰᠠᠢ᠌ᠲᠤᠷ ᠭᠦᠢ᠍ᠴᠡᠳᠭᠡᠬᠦ᠂ ᠤᠳᠤᠷᠢᠳᠬᠤ ᠪᠠᠭ᠎ᠤᠨ ᠪᠤᠰᠤᠳ ᠪᠦᠷᠢᠯᠳᠦᠬᠦᠨ ᠰᠢᠭᠤᠳ ᠬᠠᠷᠢᠭᠤᠴᠠᠯᠭ᠎ᠠ ᠪᠣᠯᠤᠨ 《ᠨᠢᠭᠡ ᠠᠵᠢᠯ᠎ᠤᠨ ᠪᠠᠢ᠌ᠷᠢ ᠵᠢᠨ ᠬᠤᠶᠠᠷ ᠬᠠᠷᠢᠭᠤᠴᠠᠯᠭ᠎ᠠ》᠎ᠪᠠᠨ ᠰᠠᠢ᠌ᠲᠤᠷ ᠭᠦᠢ᠍ᠴᠡᠳᠭᠡᠬᠦ ᠱᠠᠭ᠋ᠠᠷᠳᠠᠯᠭ᠎ᠠ ᠶᠤᠰᠤᠭ᠋ᠠᠷ ᠨᠠᠮ᠎ᠢ ᠬᠠᠮᠢᠶᠠᠷᠬᠤ ᠨᠠᠮ᠎ᠢ ᠵᠠᠰᠠᠬᠤ ᠬᠠᠷᠢᠭᠤᠴᠠᠯᠭ᠎ᠠ ᠵᠢ ᠱᠠᠲᠦ ᠱᠠᠲᠦ᠎ᠪᠠᠷ ᠴᠢᠩᠭ᠋ᠠᠳᠬᠠᠵᠤ᠂ ᠳᠠᠷᠤᠯᠲᠠ ᠵᠢ ᠱᠠᠲᠦ ᠱᠠᠲᠦ᠎ᠪᠠᠷ ᠳᠠᠮᠵᠢᠭᠤᠯᠤᠨ᠂ ᠨᠠᠮ᠎ᠤᠨ ᠪᠠᠢ᠌ᠭᠤᠯᠤᠯᠲᠠ ᠵᠢᠨ ᠠᠵᠢᠯ᠎ᠤᠨ ᠬᠠᠷᠢᠭᠤᠴᠠᠯᠭ᠎ᠠ ᠵᠢ ᠦᠨᠡᠨᠬᠦ ᠪᠠᠲᠦ ᠠᠳᠬᠤᠵᠦ᠂ ᠴᠢᠩᠭ᠎ᠠ ᠠᠳᠬᠤᠬᠤ ᠬᠡᠷᠡᠭᠲᠡᠢ᠃ ᠬᠤᠶᠠᠷ᠎ᠲᠤ ᠠᠵᠢᠯ ᠵᠢᠡᠨ ᠨᠢᠭᠡᠳᠦᠯᠲᠠᠢ ᠲᠥᠯᠦᠪᠯᠡᠬᠦ ᠵᠢ ᠰᠠᠢ᠌ᠲᠤᠷ ᠠᠳᠬᠤᠵᠦ᠂ ᠨᠠᠮ᠎ᠤᠨ ᠪᠠᠢ᠌ᠭᠤᠯᠤᠯᠲᠠ᠂ ᠨᠠᠮ᠎ᠤᠨ ᠰᠤᠷᠲᠠᠯ ᠴᠢᠭᠡᠴᠢ ᠵᠠᠰᠠᠭ᠂ ᠦᠵᠡᠯ ᠤᠬᠠᠮᠰᠠᠷ᠎ᠤᠨ ᠬᠡᠯᠪᠡᠷᠢ᠂ ᠰᠦᠯᠵᠢᠶᠡᠨ᠎ᠤ ᠠᠮᠤᠷ ᠲᠥᠪᠰᠢᠨ᠂ ᠠᠶᠤᠯ ᠲᠦᠭᠰᠢᠭᠦᠷᠢ ᠵᠢᠨ ᠰᠡᠷᠭᠡᠢ᠌ᠯᠡᠯᠲᠡ᠂ ᠠᠶᠤᠯ ᠦᠭᠡᠢ ᠦᠢ᠍ᠯᠡᠳᠪᠤᠷᠢᠯᠡᠯ ᠵᠡᠷᠭᠡ ᠬᠦᠷᠢᠶᠡᠨ᠎ᠤ ᠠᠵᠢᠯ᠎ᠢ ᠰᠠᠯᠠᠭ᠎ᠠ ᠮᠥᠴᠢᠷ᠎ᠤᠨ ᠠ᠋ᠳᠦᠷ ᠲᠤᠲᠤᠮ᠎ᠤᠨ ᠵᠥᠪᠯᠡᠬᠦ ᠴᠢᠬᠤᠯᠠ ᠵᠦᠢ᠍ᠯ᠎ᠳᠤ ᠤᠷᠤᠭᠤᠯᠤᠨ᠂ ᠲᠤᠬᠠᠢ᠌ᠯᠠᠬᠰᠠᠨ ᠠᠵᠢᠯ᠂ ᠥᠭᠡᠷᠡᠴᠢᠯᠡᠯᠲᠡ ᠵᠢᠨ ᠠ᠋ᠭᠦᠷᠭᠡ᠎ᠲᠠᠢ᠎ᠪᠠᠨ ᠤᠶᠠᠯᠳᠤᠭᠤᠯᠤᠨ᠂ ᠬᠠᠮᠲᠤ᠎ᠪᠠᠷ ᠰᠤᠳᠤᠯᠵᠦ᠂ ᠬᠠᠮᠲᠦ᠎ᠪᠠᠷ ᠪᠠᠢ᠌ᠷᠢᠯᠠᠭᠤᠯᠵᠦ᠂ ᠬᠠᠮᠲᠦ᠎ᠪᠠᠷ ᠪᠠᠢ᠌ᠴᠠᠭ᠋ᠠᠬᠤ ᠬᠡᠷᠡᠭᠲᠡᠢ᠃ ᠲᠤᠭᠤᠷᠢᠨ ᠪᠠᠢ᠌ᠴᠠᠭ᠋ᠠᠭ᠋ᠠᠳ ᠬᠠᠷᠢᠭᠤ ᠲᠤᠰᠬᠠᠬᠰᠠᠨ ᠠᠰᠠᠭᠤᠳᠠᠯ᠎ᠢ ᠴᠡᠭᠴᠡᠯᠡᠵᠦ ᠵᠠᠰᠠᠨ ᠨᠠᠢ᠌ᠳᠠᠪᠤᠷᠢᠵᠢᠭᠤᠯᠬᠤ ᠠ᠋ᠷᠴᠢᠮ ᠵᠶ᠋ᠠᠨ ᠶᠡᠬᠡᠪᠡᠷ ᠴᠢᠩᠭ᠋ᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠵᠠᠢ᠃
ᠬᠠᠷ᠎ᠠ ᠪᠦᠯᠦᠭᠲᠡᠨ ᠬᠠᠷᠭᠢᠰ ᠬᠦᠴᠦᠨ᠎ᠢ ᠴᠡᠪᠡᠷᠯᠡᠨ ᠠᠷᠢᠯᠭ᠋ᠠᠬᠤ ᠲᠤᠰᠬᠠᠢ ᠲᠡᠮᠡᠴᠡᠯ᠎ᠢ ᠭᠦᠨᠵᠡᠭᠡᠢ ᠠᠬᠢᠭᠤᠯᠬᠤ ᠲᠤᠬᠠᠢ ᠰᠡᠴᠡᠨ ᠶᠠᠷᠢᠬᠤ᠎ᠳᠠᠭᠠᠨ᠂ ᠤᠯᠤᠰ ᠲᠦᠷᠦ ᠵᠢᠨ ᠵᠤᠭᠰᠤᠴᠠ᠎ᠪᠠᠨ ᠤᠯᠠᠮ ᠳᠡᠭᠡᠭᠰᠢᠯᠡᠭᠦᠯᠵᠦ᠂ ᠤᠯᠤᠰ ᠲᠦᠷᠦ ᠪᠣᠯᠣᠨ ᠪᠦᠬᠦ ᠲᠠᠯ᠎ᠠ ᠵᠢᠨ ᠥᠨᠳᠦᠷᠴᠡ᠎ᠠᠴᠠ ᠬᠠᠷ᠎ᠠ ᠪᠦᠯᠦᠭᠲᠡᠨ ᠬᠠᠷᠭᠢᠰ ᠭᠦᠴᠤᠨ᠎ᠢ ᠴᠡᠪᠡᠷᠯᠡᠨ ᠠᠷᠢᠯᠭ᠋ᠠᠬᠤ ᠲᠤᠰᠬᠠᠢ ᠲᠡᠮᠡᠴᠡᠯ᠎ᠢ ᠥᠷᠨᠢᠭᠦᠯᠬᠦ ᠵᠢᠨ ᠴᠢᠬᠤᠯᠠ ᠠᠴᠢ ᠬᠤᠯᠪᠤᠭᠳᠠᠯ᠎ᠢ ᠭᠦᠢ᠍ᠴᠡᠳ ᠲᠠᠨᠢᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠴᠡᠪᠡᠷᠯᠡᠨ ᠠᠷᠢᠯᠭ᠋ᠠᠬᠤ ᠲᠤᠰᠬᠠᠢ ᠲᠡᠮᠡᠴᠡᠯ᠎ᠤᠨ ᠭᠦᠨᠵᠡᠭᠡᠢ᠌ᠷᠡᠨ ᠬᠥᠭᠵᠢᠬᠦ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠲᠡᠢ᠃ ᠨᠢᠭᠡ᠎ᠳᠤ ᠬᠦᠮᠦᠵᠢᠯ ᠪᠤᠯᠪᠠᠰᠤᠷᠠᠯ᠎ᠢ ᠴᠢᠩᠭ᠋ᠠᠳᠬᠠᠵᠦ᠂ ᠲᠠᠨᠢᠯᠲᠠ᠎ᠪᠠᠨ ᠳᠡᠭᠡᠭᠰᠢᠯᠡᠭᠦᠯᠵᠦ᠂ ᠠᠵᠢᠯ ᠬᠢᠬᠦ ᠠ᠋ᠭᠦᠷᠭᠡ ᠬᠠᠷᠢᠭᠤᠴᠠᠯᠭ᠎ᠠ ᠵᠢ ᠢᠲᠡᠪᠬᠢᠲᠠᠢ ᠠ᠋ᠭᠦᠷᠭᠡᠯᠡᠬᠦ ᠬᠡᠷᠡᠭᠲᠡᠢ᠃ ᠬᠤᠶᠠᠷ᠎ᠲᠤ ᠰᠦᠪᠡᠭᠴᠢ ᠵᠢ ᠵᠢᠭᠰᠠᠭ᠋ᠠᠨ ᠪᠠᠢ᠌ᠴᠠᠭ᠋ᠠᠬᠤ ᠵᠢ ᠴᠢᠩᠭ᠋ᠠᠳᠬᠠᠵᠦ᠂ ᠤᠯᠠᠨ ᠲᠦᠮᠡᠨ᠎ᠤ ᠠᠰᠢᠭ ᠲᠤᠰᠠᠲᠠᠢ ᠬᠤᠯᠪᠤᠭᠳᠠᠭᠰᠠᠨ ᠠᠰᠠᠭᠤᠳᠠᠯ᠎ᠢ ᠰᠢᠢ᠍ᠳᠪᠤᠷᠢᠯᠡᠬᠦ᠎ᠪᠠᠷ ᠭᠤᠤᠯᠳᠠᠭᠤᠯᠤᠨ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠠᠵᠢᠯ ᠲᠥᠷᠦᠯ᠎ᠤᠨ ᠰᠠᠮᠠᠭᠤᠷᠠᠬᠰᠠᠨ ᠦᠵᠡᠭᠳᠡᠯ᠎ᠢ ᠬᠦᠴᠦᠯᠡᠨ ᠵᠠᠰᠠᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠤ ᠦᠨᠳᠦᠰᠦᠨ ᠱᠠᠲᠤᠨ᠎ᠤ ᠥᠪᠡᠷᠳᠡᠭᠡᠨ ᠵᠠᠰᠠᠬᠤ ᠵᠤᠬᠢᠶᠠᠨ ᠪᠠᠢ᠌ᠭᠤᠯᠤᠯᠲᠠ ᠵᠢ ᠡᠵᠡᠮᠳᠡᠬᠦ ᠪᠠ ᠬᠣᠬᠢᠷᠠᠭᠤᠯᠬᠤ᠎ᠳᠤ ᠴᠤᠬᠢᠯᠲᠠ ᠥᠭᠴᠦ᠂ ᠦᠨᠳᠤᠰᠤᠨ ᠱᠠᠲᠤᠨ᠎ᠤ ᠪᠣᠳᠠᠲᠤ ᠪᠠᠢ᠌ᠳᠠᠯ᠎ᠢ ᠪᠠᠢ᠌ᠴᠠᠭ᠋ᠠᠨ ᠤᠢ᠌ᠯᠠᠭ᠋ᠠᠬᠤ ᠠᠵᠢᠯ᠎ᠢ ᠨᠠᠷᠢᠯᠢᠭ᠎ᠠᠴᠠ ᠨᠠᠷᠢᠯᠢᠭ᠂ ᠪᠤᠳᠠᠲᠠᠢ᠎ᠠᠴᠠ ᠪᠤᠳᠠᠲᠠᠢ ᠬᠢᠵᠦ᠂ ᠠᠵᠢᠯ ᠪᠣᠯᠭ᠋ᠠᠨ᠂ ᠭᠤᠭᠴᠤᠭ᠎ᠠ ᠨᠢᠭᠡᠪᠤᠷᠢ ᠵᠢ ᠤᠷᠬᠢᠬᠳᠠᠭᠤᠯᠬᠤ ᠦᠭᠡᠢ ᠪᠠᠢ᠌ᠬᠤ ᠬᠡᠷᠡᠭᠲᠡᠢ᠃ ᠭᠤᠷᠪᠠ᠎ᠳᠤ ᠮᠠᠲᠸᠷᠢᠶᠠᠯ ᠠ᠋ᠮᠬᠢᠳᠭᠡᠬᠦ ᠠᠵᠢᠯ᠎ᠢ ᠰᠠᠢ᠌ᠲᠤᠷ ᠬᠢᠵᠦ᠂ ᠠᠢ᠌ᠮᠠᠭ᠎ᠤᠨ ᠬᠠᠷ᠎ᠠ ᠪᠦᠯᠦᠭᠲᠡᠨ ᠬᠠᠷᠭᠢᠰ ᠬᠦᠴᠦᠨ᠎ᠳᠤ ᠴᠤᠬᠢᠯᠲᠠ ᠥᠭᠬᠦ ᠠᠯᠪᠠᠨ ᠭᠡᠷ᠎ᠤᠨ ᠳᠠᠩᠰᠠ ᠡᠪᠬᠡᠮᠡᠯ ᠪᠢᠴᠢᠭ ᠮᠠᠲᠸᠷᠢᠶᠠᠯ᠎ᠢ ᠨᠢᠭᠡ ᠨᠢᠭᠡ᠎ᠪᠠᠷ ᠨᠠᠷᠢᠨ ᠨᠢᠮᠪᠡᠢ ᠬᠠᠷᠢᠴᠠᠭᠤᠯᠤᠨ ᠠ᠋ᠮᠬᠢᠯᠡᠵᠤ᠂ ᠤᠷᠬᠢᠭᠳᠠᠭᠰᠠᠨᠢ ᠪᠠᠢ᠌ᠴᠠᠭ᠋ᠠᠨ ᠨᠥᠬᠦᠵᠦ᠂ ᠳᠠᠩᠰᠠ ᠡᠪᠬᠡᠮᠡᠯ᠎ᠤᠨ ᠮᠠᠲᠸᠷᠢᠶᠠᠯ᠎ᠢ ᠴᠢᠨᠠᠷᠵᠢᠭᠤᠨ᠂ ᠦᠨᠳᠤᠷ ᠪᠠᠷᠢᠮᠵᠢᠶ᠎ᠠ᠎ᠲᠠᠢ᠎ᠪᠠᠷ ᠠ᠋ᠮᠬᠢᠳᠭᠡᠬᠦ ᠱᠠᠭ᠋ᠠᠷᠳᠠᠯᠭ᠎ᠠ᠎ᠪᠠᠷ᠎ᠨᠢ ᠬᠢᠬᠦ ᠬᠡᠷᠡᠭᠲᠡᠢ᠃ ᠳᠥᠷᠪᠡ᠎ᠳᠤ ᠤᠬᠠᠭᠤᠯᠭ᠎ᠠ ᠵᠢᠨ ᠠᠵᠢᠯ᠎ᠢ ᠰᠠᠢ᠌ᠲᠤᠷ ᠬᠢᠵᠦ᠂ ᠤᠬᠠᠭᠤᠯᠭ᠎ᠠ ᠵᠢᠨ ᠪᠦᠷᠬᠦᠴᠡ ᠵᠢ ᠥᠷᠭᠡᠳᠭᠡᠨ᠂ ᠨᠡᠢ᠌ᠭᠡᠮ ᠨᠡᠢ᠌ᠲᠡ᠎ᠪᠠᠷ ᠵᠢᠡᠨ ᠬᠠᠷ᠎ᠠ ᠪᠦᠯᠦᠭᠲᠡᠨ ᠬᠠᠷᠭᠢᠰ ᠬᠦᠴᠦᠨ᠎ᠢ ᠴᠡᠪᠡᠷᠯᠡᠨ ᠠᠷᠢᠯᠭ᠋ᠠᠬᠤ ᠲᠡᠮᠡᠴᠡᠯ᠎ᠢ ᠠᠩᠬᠠᠷᠬᠤ ᠰᠠᠢ᠌ᠨ ᠠᠭᠤᠷ ᠠᠮᠢᠰᠬᠤᠯ᠎ᠢ ᠢᠲᠡᠪᠬᠢᠲᠠᠢ ᠪᠤᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ᠃
ᠪᠠᠢ᠌ᠴᠠᠭ᠋ᠠᠨ ᠰᠤᠳᠤᠯᠬᠤ ᠬᠣᠭᠤᠴᠠᠭ᠋ᠠᠨᠳᠤ᠂ ᠰᠡᠴᠡᠨ ᠠᠯᠠᠱ᠌ᠠ ᠠᠢ᠌ᠮᠠᠭ᠎ᠤᠨ ᠠᠢ ᠰᠢᠨ ᠨᠠᠰᠤᠲᠠᠳ᠎ᠢ ᠠᠰᠠᠷᠠᠬᠤ ᠬᠦᠷᠢᠶᠡᠯᠡᠩ᠎ᠢ ᠪᠠᠢ᠌ᠴᠠᠭ᠋ᠠᠨ ᠦᠵᠡᠭᠰᠡᠨ ᠪᠦᠭᠡᠳ ᠬᠤᠯᠪᠤᠭᠳᠠᠯ ᠪᠦᠬᠦᠢ ᠠᠵᠢᠯ᠎ᠢ ᠰᠠᠢ᠌ᠲᠤᠷ ᠬᠢᠬᠦ ᠲᠤᠬᠠᠢ ᠵᠢᠯᠤᠭᠤᠳᠬᠤ ᠰᠠᠨᠠᠯ ᠳᠤᠷᠠᠳᠤᠭᠰᠠᠨ ᠪᠠᠢ᠌ᠨ᠎ᠠ᠃