ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠥᠯᠥᠨ ᠪᠤᠢ᠌ᠷ ᠬᠤᠲᠠ ᠳᠦᠷᠢᠮᠵᠢᠯ ᠦᠭᠡᠢ ᠭᠠᠵᠠᠷ᠎ᠤᠨ ᠨᠡᠷ᠎ᠡ ᠵᠢ ᠭᠤᠤᠯᠳᠠᠯᠭ᠎ᠠ᠎ᠲᠠᠢ ᠴᠡᠭᠴᠡᠯᠡᠵᠦ ᠵᠠᠯᠠᠷᠠᠭᠤᠯᠬᠤ᠎ᠪᠠᠷ ᠪᠣᠯᠪᠠ
ᠨᠡᠶᠢᠲᠡᠯᠡᠭᠰᠡᠨ ᠴᠠᠭ᠄ 2019-05-17


      ᠤᠢ᠌ᠷ᠎ᠠ ᠵᠢᠨ ᠠ᠋ᠳᠦᠷ ᠬᠥᠯᠥᠨ ᠪᠤᠢ᠌ᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ᠂ ᠦᠨᠳᠦᠰᠦᠲᠡᠨ᠎ᠤ ᠬᠡᠷᠡᠭ ᠠ᠋ᠷᠬᠢᠯᠡᠬᠦ ᠵᠥᠪᠯᠡᠯ᠂ ᠲᠤᠲᠤᠭ᠋ᠠᠳᠦ ᠵᠢ ᠬᠠᠮᠠᠭ᠋ᠠᠯᠠᠬᠤ ᠲᠤᠪᠴᠢᠶ᠎ᠠ᠂ ᠪᠠᠢ᠌ᠭ᠋ᠠᠯᠢ ᠵᠢᠨ ᠠ᠋ᠬᠢ ᠪᠠᠶᠠᠯᠢᠭ᠎ᠤᠨ ᠲᠤᠪᠴᠢᠶ᠎ᠠ᠂ ᠤᠷᠤᠨ ᠰᠠᠭᠤᠴᠠ ᠪᠣᠯᠣᠨ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠤᠪᠴᠢᠶ᠎ᠠ᠂ ᠵᠠᠮ ᠲᠡᠭᠡᠭᠡᠪᠤᠷᠢ ᠵᠢᠨ ᠲᠤᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠤᠪᠴᠢᠶ᠎ᠠ ᠬᠠᠮᠲᠤᠷᠠᠨ 《ᠬᠥᠯᠥᠨ ᠪᠤᠢ᠌ᠷ ᠬᠤᠲᠠ ᠵᠢᠨ ᠳᠦᠷᠢᠮᠵᠢᠯ ᠦᠭᠡᠢ ᠭᠠᠵᠠᠷ᠎ᠤᠨ ᠨᠡᠷ᠎ᠡ ᠵᠢ ᠤᠯᠠᠮ ᠴᠢᠨᠠᠭᠰᠢᠳᠠ ᠴᠡᠭᠴᠡᠯᠡᠵᠦ ᠵᠠᠯᠠᠷᠠᠭᠤᠯᠬᠤ ᠠᠵᠢᠯ᠎ᠤᠨ ᠲᠤᠬᠠᠢ ᠬᠡᠷᠡᠭᠵᠢᠭᠦᠯᠬᠦ ᠲᠥᠰᠦᠯ》᠎ᠢ ᠲᠤᠬᠲᠠᠭ᠋ᠠᠵᠦ᠂ ᠳᠦᠷᠢᠮᠵᠢᠯ ᠦᠭᠡᠢ ᠭᠠᠵᠠᠷ᠎ᠤᠨ ᠨᠡᠷ᠎ᠡ ᠵᠢ ᠴᠡᠭᠴᠡᠯᠡᠵᠦ ᠵᠠᠯᠠᠷᠠᠭᠤᠯᠬᠤ ᠪᠠᠢ᠌ᠭᠤᠯᠤᠮᠵᠢ ᠪᠠᠢ᠌ᠭᠤᠯᠵᠦ᠂ ᠡᠯ᠎ᠡ ᠰᠠᠯᠠᠭ᠎ᠠ ᠮᠥᠴᠢᠷ᠎ᠤᠨ ᠳᠦᠷᠢᠮᠵᠢᠯ ᠦᠭᠡᠢ ᠭᠠᠵᠠᠷ᠎ᠤᠨ ᠨᠡᠷ᠎ᠡ ᠵᠢ ᠴᠡᠭᠴᠡᠯᠡᠵᠦ ᠵᠠᠯᠠᠷᠠᠭᠤᠯᠬᠤ ᠠ᠋ᠭᠦᠷᠭᠡ ᠬᠠᠷᠢᠭᠤᠴᠠᠯᠭ᠎ᠠ ᠵᠢ ᠲᠤᠳᠤᠷᠬᠠᠢ᠌ᠯᠠᠵᠦ᠂ ᠳᠦᠷᠢᠮᠵᠢᠯ ᠦᠭᠡᠢ ᠭᠠᠵᠠᠷ᠎ᠤᠨ ᠨᠡᠷ᠎ᠡ ᠵᠢ ᠤᠯᠠᠮ ᠴᠢᠨᠠᠭᠰᠢᠳᠠ ᠴᠡᠭᠴᠡᠯᠡᠵᠦ ᠵᠠᠯᠠᠷᠠᠭᠤᠯᠬᠤ᠎ᠪᠠᠷ ᠪᠣᠯᠪᠠ᠃
      ᠠ᠋ᠨᠡ ᠤᠳᠠᠭ᠎ᠠ ᠵᠢᠨ ᠴᠡᠭᠴᠡᠯᠡᠵᠦ ᠵᠠᠯᠠᠷᠠᠭᠤᠯᠬᠤ ᠠᠵᠢᠯ᠎ᠨᠢ ᠭᠠᠵᠠᠷ᠎ᠤᠨ ᠨᠡᠷ᠎ᠡ ᠵᠢ ᠶᠡᠷᠦᠩᠬᠡᠢ᠎ᠳᠤᠨᠢ ᠲᠤᠭᠲᠠᠭᠤᠨ ᠪᠠᠢ᠌ᠯᠭ᠋ᠠᠬᠤ ᠤᠷᠢᠳᠠᠯ ᠳᠤᠤᠷ᠎ᠠ᠂ 《ᠪᠠᠷᠢᠮᠵᠢᠶ᠎ᠠ ᠵᠢ ᠴᠢᠩᠳᠠᠯᠠᠬᠤ᠂ ᠬᠠᠤᠯᠢ ᠶᠤᠰᠤᠭ᠋ᠠᠷ ᠬᠡᠷᠡᠭᠵᠢᠭᠦᠯᠬᠦ᠂ ᠬᠦᠮᠦᠨ ᠵᠢᠡᠷ ᠦᠨᠳᠦᠰᠦ ᠪᠤᠯᠭ᠋ᠠᠬᠤ᠂ ᠠᠷᠠᠳ᠎ᠲᠤ ᠳᠦᠬᠦᠮ ᠠᠰᠢᠬᠲᠠᠢ ᠪᠣᠯᠭ᠋ᠠᠬᠤ᠂ ᠤᠨᠴᠠᠯᠢᠭ᠎ᠢ ᠲᠤᠪᠤᠢ᠌ᠯᠭ᠋ᠠᠬᠤ᠂ ᠰᠤᠶᠤᠯ᠎ᠤᠨ ᠤᠯᠪᠠᠭ᠎ᠠ ᠵᠢ ᠵᠠᠯᠭ᠋ᠠᠮᠵᠢᠯᠠᠬᠤ᠂ ᠦᠨᠳᠦᠰᠦᠨ᠎ᠠᠴᠠ᠎ᠨᠢ ᠵᠠᠰᠠᠬᠤ᠂ ᠦᠷ᠎ᠡ ᠠᠰᠢᠭ᠎ᠢ ᠠᠩᠬᠠᠷᠤᠨ ᠴᠢᠬᠤᠯᠠᠴᠢᠯᠠᠬᠤ》 ᠵᠠᠷᠴᠢᠮ ᠶᠤᠰᠤᠭ᠋ᠠᠷ ᠳᠦᠷᠪᠡᠨ ᠲᠦᠷᠦᠯ᠎ᠤᠨ ᠭᠠᠵᠠᠷ᠎ᠤᠨ ᠨᠡᠷ᠎ᠡ ᠵᠢ ᠭᠤᠤᠯᠳᠠᠯᠭ᠎ᠠ᠎ᠲᠠᠢ ᠴᠡᠭᠴᠡᠯᠡᠵᠦ ᠵᠠᠯᠠᠷᠠᠭᠤᠯᠤᠨ᠎ᠠ᠄ ᠨᠢᠭᠡ᠎ᠳᠤ ᠰᠠᠭᠤᠭ᠋ᠠᠯᠢ ᠠᠷᠠᠳ᠎ᠤᠨ ᠲᠤᠭᠤᠷᠢᠭ᠂ ᠲᠤᠮᠤ ᠪᠠᠷᠢᠯᠭ᠎ᠠ ᠪᠤᠯᠤᠨ ᠵᠠᠮ ᠵᠡᠭᠡᠯᠢ ᠭᠤᠳᠤᠮᠵᠢ ᠵᠡᠷᠭᠡ ᠭᠠᠵᠠᠷ᠎ᠤᠨ ᠨᠡᠷ᠎ᠡ᠎ᠳᠤ ᠤᠷᠤᠰᠢᠵᠦ ᠪᠠᠢ᠌ᠭ᠎ᠠ 《ᠲᠠᠯᠠᠪᠠᠢ ᠦᠭᠡᠢ ᠠᠭᠤᠳᠠᠮ ᠲᠠᠯᠠᠪᠠᠢ》᠂ 《ᠴᠡᠴᠡᠭ ᠦᠭᠡᠢ ᠴᠡᠴᠡᠷᠯᠢᠭ》 ᠪᠠ 《ᠤᠷᠴᠢᠯᠠᠩ᠂ ᠲᠦᠪ᠂ ᠶᠢᠷᠲᠢᠨᠴᠤ᠂ ᠤᠨᠴᠠᠭ᠋ᠠᠢ ᠤᠷᠤᠨ᠂ ᠬᠤᠲᠠ ᠵᠢᠨ ᠲᠥᠪ》᠂ 《ᠳᠡᠯᠡᠬᠡᠢ᠂ ᠪᠦᠮᠪᠦᠷᠴᠡᠭ᠂ ᠠ᠋ᠸᠦᠢ᠍ᠷᠤᠫᠠ ᠲᠢᠪ᠂ ᠠᠦ᠋ᠰᠲᠷᠠᠯᠢᠶ᠎ᠠ ᠲᠢᠪ᠂ ᠠᠮᠸᠷᠢᠺᠠ ᠲᠢᠪ᠂ ᠳᠤᠮᠳᠠᠳᠦ ᠤᠯᠤᠰ᠂ ᠬᠢᠲᠠᠳ ᠤᠯᠤᠰ᠂ ᠪᠦᠬᠦ ᠤᠯᠤᠰ᠂ ᠤᠯᠠᠨ ᠤᠯᠤᠰ》 ᠵᠡᠷᠬᠡ ᠵᠤᠷᠢᠭᠤᠳᠠ ᠲᠠᠪᠠᠭᠤᠯᠤᠭᠰᠠᠨ 《ᠶᠡᠬᠡ》 ᠭᠠᠵᠠᠷ᠎ᠤᠨ ᠨᠡᠷ᠎ᠡ ᠵᠢ ᠳᠤᠷ᠎ᠠ᠎ᠪᠠᠷ ᠵᠢᠡᠨ ᠬᠡᠷᠡᠭᠯᠡᠵᠦ ᠪᠠᠢ᠌ᠬᠤ; ᠬᠤᠶᠠᠷ᠎ᠲᠤ 《ᠯᠢᠨᠺᠸᠨ᠂ ᠮᠠᠷᠺᠤ ᠫᠤᠯᠤ᠋᠂ ᠺᠤᠯᠤᠮᠪᠦ᠂ ᠮᠠᠨᠾᠠᠲᠲ᠋ᠠᠨ᠂ ᠸᠢᠨᠢᠰ᠂ ᠫᠠᠷᠢᠰ᠂ ᠬᠠᠸᠠᠶᠢ》 ᠵᠡᠷᠭᠡ ᠭᠠᠳᠠᠭ᠋ᠠᠳᠦ ᠵᠢᠨ ᠬᠦᠮᠦᠨ᠎ᠤ ᠨᠡᠷ᠎ᠡ ᠵᠢ ᠭᠠᠵᠠᠷ᠎ᠤᠨ ᠨᠡᠷ᠎ᠡ᠎ᠳᠤ ᠬᠡᠷᠡᠭᠯᠡᠭᠰᠡᠨ ᠪᠠ ᠭᠠᠳᠠᠭ᠋ᠠᠲᠦ ᠬᠡᠯᠡᠨ᠎ᠤ ᠨᠡᠷ᠎ᠡ᠎ᠪᠠᠷ ᠨᠡᠷᠡᠯᠡᠭᠰᠡᠨ ᠵᠢᠴᠢ ᠭᠠᠳᠠᠭ᠋ᠠᠳᠦ ᠦᠭᠡ᠎ᠪᠠᠷ ᠬᠢᠲᠠᠳ ᠦᠰᠦᠭ᠎ᠢ ᠠᠪᠢᠶᠠᠴᠢᠯᠠᠨ ᠪᠢᠴᠢᠵᠤ ᠨᠡᠷᠡᠯᠡᠭᠰᠡᠨ 《ᠬᠠᠷᠢᠴᠢᠯᠠᠭᠰᠠᠨ》 ᠭᠠᠵᠠᠷ᠎ᠤᠨ ᠨᠡᠷ᠎ᠡ; ᠭᠤᠷᠪᠠ᠎ᠳᠤ 《ᠺᠠᠯᠢᠹᠤᠷᠨᠢᠶ᠎ᠠ ᠵᠸᠦ 1886᠂ 1+1 ᠲᠤᠮᠤ ᠠᠰᠠᠷ》᠂ 《M-3 ᠪᠠᠭ᠎ᠠ ᠲᠤᠭᠤᠷᠢᠭ᠂ ᠵᠦᠩ ᠵᠢᠶᠦᠢ᠍ᠨ᠂ ᠳᠡᠯᠡᠬᠡᠢ ᠵᠢᠨ ᠬᠤᠲᠠ》 ᠵᠡᠷᠭᠡ ᠦᠰᠦᠭ᠎ᠢ ᠳᠦᠷᠢᠮᠵᠢᠯ ᠦᠭᠡᠢ ᠬᠡᠷᠡᠭᠯᠡᠭᠰᠡᠨ ᠪᠠ 《24 ᠺᠠᠷᠲ᠂ 8 ᠯᠢ ᠳ᠋ᠤᠤ》 ᠭᠡᠬᠦ ᠮᠡᠲᠦ ᠵᠢᠨ ᠬᠠᠴᠢᠨ ᠰᠣᠨᠢᠨ ᠤᠳᠬ᠎ᠠ ᠪᠦᠬᠦᠢ 《ᠬᠠᠴᠢᠨ ᠰᠣᠨᠢᠨ》 ᠭᠠᠵᠠᠷ᠎ᠤᠨ ᠨᠡᠷ᠎ᠡ; ᠳᠥᠷᠪᠡ᠎ᠳᠤ ᠵᠤᠬᠢᠬᠤ ᠭᠠᠵᠠᠷ ᠤᠷᠤᠨ᠎ᠤ ᠲᠤᠲᠤᠷᠠᠬᠢ ᠠᠳᠠᠯᠢ ᠳᠠᠭᠤᠳᠠᠯᠭ᠎ᠠ᠎ᠲᠠᠢ 《ᠲᠠᠪᠬᠤᠴᠠᠭᠰᠠᠨ》 ᠭᠠᠵᠠᠷ᠎ᠤᠨ ᠨᠡᠷ᠎ᠡ ᠵᠡᠷᠭᠡ ᠪᠣᠯᠤᠨ᠎ᠠ᠃ ᠠ᠋ᠨᠡ ᠬᠦ᠌ ᠰᠠᠭᠤᠷᠢᠨ ᠳᠡᠭᠡᠷ᠎ᠡ ᠳᠦᠷᠢᠮᠵᠢᠯ ᠦᠭᠡᠢ ᠬᠠᠳᠠᠵᠦ ᠪᠢᠴᠢᠭᠰᠡᠨ ᠤᠯᠠᠨ ᠨᠡᠢ᠌ᠲᠡ ᠵᠢᠨ ᠱᠤᠰᠢᠭ᠎ᠠ ᠲᠡᠮᠳᠡᠭ᠎ᠢ ᠰᠤᠯᠢᠵᠦ᠂ ᠳᠦᠷᠢᠮᠵᠢᠯ ᠦᠭᠡᠢ ᠮᠤᠩᠭᠤᠯ᠂ ᠬᠢᠲᠠᠳ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ᠎ᠲᠠᠢ ᠬᠤᠯᠪᠤᠭᠳᠠᠭᠰᠠᠨ ᠭᠡᠷᠡᠴᠢ ᠦᠨᠡᠮᠯᠡᠯ ᠵᠢᠨ ᠮᠡᠳᠡᠭᠡ ᠵᠠᠩᠭᠢ ᠵᠢ ᠬᠠᠯᠠᠵᠦ᠂ ᠭᠡᠷ ᠪᠠᠢ᠌ᠰᠢᠩ ᠭᠠᠵᠠᠷ ᠬᠥᠷᠦᠩᠭᠡ ᠵᠢᠨ ᠵᠠᠷ ᠮᠡᠳᠡᠭᠡ᠂ ᠭᠠᠳᠠᠨᠠᠬᠢ ᠫᠠᠢ᠌ᠰᠠ ᠲᠡᠮᠳᠡᠭ᠂ ᠢᠨᠲᠸᠷ ᠰᠦᠯᠵᠢᠶᠡᠨ᠎ᠤ ᠭᠠᠵᠠᠷ᠎ᠤᠨ ᠵᠢᠷᠤᠭ᠂ ᠰᠦᠯᠵᠢᠶᠡᠨ ᠳᠡᠭᠡᠷᠡᠬᠢ ᠵᠠᠮᠴᠢᠯᠠᠭᠤᠷ ᠠ᠋ᠯᠸᠺᠲᠷᠤᠨ ᠭᠠᠵᠠᠷ᠎ᠤᠨ ᠵᠢᠷᠤᠭ ᠵᠡᠷᠭᠡ ᠠᠴᠢᠶᠠᠯᠠᠪᠤᠷᠢ ᠳᠡᠭᠡᠷᠡᠬᠢ ᠳᠦᠷᠢᠮᠵᠢᠯ ᠦᠭᠡᠢ ᠭᠠᠵᠠᠷ᠎ᠤᠨ ᠨᠡᠷ᠎ᠡ ᠵᠢ ᠴᠡᠭᠴᠡᠯᠡᠵᠦ ᠵᠠᠯᠠᠷᠠᠭᠤᠯᠤᠭᠰᠠᠨ ᠪᠠᠢ᠌ᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠳᠡᠳ᠋ ᠳᠠᠷᠤᠭ᠎ᠠ ᠠᠷᠠᠳ᠎ᠤᠨ ᠶᠠᠪᠤᠳᠠᠯ᠎ᠤᠨ ᠠᠵᠢᠯ᠎ᠢ ᠪᠠᠢ᠌ᠴᠠᠭ᠋ᠠᠨ ᠰᠤᠳᠤᠯᠵᠦ ᠵᠢᠭ᠋ᠠᠨ ᠵᠢᠯᠤᠭᠤᠳᠪᠠ
ᠬᠥᠬᠡᠬᠤᠲᠠ ᠵᠢᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ 《ᠲᠠᠪᠤᠨ ᠨᠢᠭᠡ》 ᠵᠢᠨ ᠠᠵᠢᠯᠯᠠᠭ᠎ᠠ ᠠ᠋ᠬᠢᠯᠡᠪᠡ
ᠠᠷᠠᠳ᠎ᠤᠨ ᠶᠠᠪᠤᠳᠠᠯ᠎ᠤᠨ ᠲᠢᠩᠬᠢᠮ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠳᠤᠰᠬᠠᠢ ᠰᠡᠳᠤᠪᠲᠤ ᠬᠤᠷᠠᠯ ᠬᠤᠷᠠᠯᠳᠤᠪᠠ
ᠠᠷᠠᠳ᠎ᠤᠨ ᠶᠠᠪᠤᠳᠠᠯ᠎ᠤᠨ ᠲᠢᠩᠬᠢᠮ 2019 ᠣᠨ᠎ᠤ 10 ᠳ᠋ᠤᠭ᠋ᠠᠷ ᠤᠳᠠᠭ᠋ᠠᠨ᠎ᠤ ᠨᠠᠮ᠎ᠤᠨ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ ᠬᠤᠷᠠᠯᠳᠤᠪᠠ
ᠠ᠋ᠸᠤ ᠶᠠᠩ ᠰᠢᠶᠣᠣ ᠬᠤᠢ ᠳᠡᠳ᠋ ᠲᠡᠷᠢᠭᠦᠯᠡᠭᠴᠢ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠡᠢ᠌ᠬᠡᠮ᠎ᠤᠨ ᠳᠤᠰᠠᠯᠠᠮᠵᠢ᠎ᠤᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢᠨ ᠠᠵᠢᠯ᠎ᠢ ᠪᠠᠢ᠌ᠴᠠᠭ᠋ᠠᠨ ᠰᠤᠳᠤᠯᠪᠠ
 
            