4 ᠳ᠋ᠤᠭᠡᠷ ᠰᠠᠷ᠎ᠠ ᠵᠢᠨ 28᠎ᠤ ᠠ᠋ᠳᠤᠷ ᠲᠢᠩᠬᠢᠮ᠎ᠤᠨ ᠨᠠᠮ᠎ᠤᠨ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠳ᠋ᠸᠩ ᠶᠤᠸᠡᠢ ᠯᠸᠤ 2019 ᠣᠨ᠎ᠤ 10 ᠳ᠋ᠤᠭ᠋ᠠᠷ ᠤᠳᠠᠭ᠋ᠠᠨ᠎ᠤ ᠨᠠᠮ᠎ᠤᠨ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠵᠢᠨ ᠬᠤᠷᠠᠯ᠎ᠢ ᠠ᠋ᠷᠬᠢᠯᠡᠨ ᠬᠤᠷᠠᠯᠳᠤᠭᠤᠯᠵᠤ᠂ 4 ᠳ᠋ᠤᠭᠡᠷ ᠰᠠᠷ᠎ᠠ ᠵᠢᠨ 19᠎ᠤ ᠠ᠋ᠳᠤᠷ᠎ᠤᠨ ᠲᠦᠪ ᠬᠣᠷᠢᠶᠠᠨ᠎ᠤ ᠤᠯᠤᠰ ᠲᠦᠷᠤ ᠵᠢᠨ ᠳᠤᠪᠴᠢᠶᠠᠨ᠎ᠤ ᠬᠤᠷᠠᠯ ᠳᠡᠭᠡᠷ᠎ᠡ 2018 ᠣᠨ᠎ᠤ ᠶᠠᠳᠠᠭᠤ᠎ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ᠎ᠤᠨ ᠠᠮᠵᠢᠯᠲᠠ ᠪᠦᠲᠤᠮᠵᠢ ᠵᠢ ᠰᠢᠯᠭ᠋ᠠᠨ ᠬᠢᠨᠠᠭᠰᠠᠨ ᠪᠠᠢ᠌ᠳᠠᠯ᠎ᠤᠨ ᠬᠠᠷᠢᠭᠤ ᠮᠡᠳᠡᠭᠦᠯᠤᠯᠲᠡ ᠵᠢ ᠰᠣᠨᠣᠰᠤᠭᠰᠠᠨ ᠵᠡᠷᠭᠡ ᠬᠠᠮᠢᠶ᠎ᠠ ᠪᠦᠬᠦᠢ ᠵᠣᠷᠢᠭ ᠰᠠᠨᠠᠭ᠎ᠠ᠂ ᠰᠢ ᠵᠢᠨ ᠫᠢᠩ ᠶᠡᠷᠤᠩᠬᠡᠢ ᠱᠦᠵᠢ ᠲᠦᠪ᠎ᠤᠨ ᠠ᠋ᠳ᠋᠎ᠤᠨ ᠵᠠᠰᠠᠭ ᠠᠵᠤ ᠠᠬᠤᠢ ᠵᠢᠨ ᠵᠦᠪᠯᠡᠯ᠎ᠤᠨ ᠳᠦᠷᠪᠡᠳᠤᠭᠡᠷ ᠤᠳᠠᠭ᠋ᠠᠨ᠎ᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠰᠢ ᠵᠢᠨ ᠫᠢᠩ ᠶᠡᠷᠤᠩᠬᠡᠢ ᠱᠦᠵᠢ ᠴᠦᠩᠴᠢᠩ᠎ᠳᠤ ᠪᠠᠢ᠌ᠴᠠᠭ᠋ᠠᠨ ᠦᠵᠡᠬᠦ᠎ᠳᠤ᠎ᠪᠠᠨ 〈〈ᠬᠣᠶᠠᠷ᠎ᠲᠤ ᠵᠣᠪᠠᠬᠤ ᠦᠭᠡᠢ ᠭᠤᠷᠪᠠ ᠵᠢ ᠪᠠᠲᠤᠯᠠᠬᠤ〉〉 ᠳᠣᠪᠣᠢ᠌ᠮ᠎ᠠ ᠠᠰᠠᠭᠤᠳᠠᠯ᠎ᠢ ᠰᠢᠢ᠍ᠳᠪᠤᠷᠢᠯᠡᠬᠦ ᠰᠠᠭᠤᠳᠠᠯ᠎ᠤᠨ ᠬᠤᠷᠠᠯ᠎ᠢ ᠠ᠋ᠷᠬᠢᠯᠡᠨ ᠬᠤᠷᠠᠯᠳᠤᠭᠤᠯᠵᠤ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠯᠢ ᠺᠧ ᠴᠢᠶᠠᠩ ᠶᠡᠷᠤᠩᠬᠡᠢ ᠰᠠᠢ᠌ᠳ᠎ᠤᠨ ᠲᠦᠷᠤ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠤᠳᠠᠭ᠋ᠠᠨ᠎ᠤ ᠠᠷᠢᠭᠤᠨ ᠴᠢᠭᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ ᠳᠡᠭᠡᠷ᠎ᠡ ᠶᠠᠷᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠦᠪᠣᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠠᠷᠪᠠᠳᠤᠭ᠋ᠠᠷ ᠬᠤᠭᠤᠴᠠᠭ᠋ᠠᠨ᠎ᠤ ᠬᠣᠷᠢᠶᠠᠨ᠎ᠤ ᠶᠢᠰᠤᠳᠤᠭᠡᠷ ᠤᠳᠠᠭ᠋ᠠᠨ᠎ᠤ ᠪᠦᠭᠦᠳᠡ ᠬᠤᠷᠠᠯᠳᠤᠭ᠋ᠠᠨ᠎ᠤ ᠠᠯᠪᠠᠨ ᠮᠡᠳᠡᠭᠡ ᠪᠣᠯᠤᠨ ᠪᠦᠬᠦ ᠣᠷᠣᠨ᠎ᠤ ᠰᠤᠷᠭ᠋ᠠᠨ ᠬᠦᠮᠤᠵᠢᠯ᠎ᠤᠨ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠭᠰᠠᠨ ᠪᠠᠢ᠌ᠨ᠎ᠠ᠃