3 ᠳ᠋ᠤᠭ᠋ᠠᠷ ᠰᠠᠷ᠎ᠠ ᠵᠢᠨ 21 ᠤ ᠡᠳᠤᠷ ᠪᠤᠭᠤᠲᠤ ᠬᠣᠲᠠ 2019 ᠣᠨ ᠤ ᠠᠷᠠᠳ ᠤᠨ ᠶᠠᠪᠤᠳᠠᠯ ᠤᠨ ᠠᠵᠢᠯ ᠵᠢᠴᠢ ᠨᠠᠮ ᠤᠨ ᠰᠤᠷᠲᠠᠯ ᠴᠢᠭᠡᠴᠢ ᠵᠠᠰᠠᠭ ᠤᠨ ᠪᠠᠢ᠌ᠭᠤᠯᠤᠯᠲᠠ ᠵᠢᠨ ᠠᠵᠢᠯ ᠤᠨ ᠬᠤᠷᠠᠯ ᠬᠤᠷᠠᠯᠳᠤᠵᠤ᠂ 2018 ᠣᠨ ᠤ ᠠᠵᠢᠯ ᠵᠶ᠋ᠠᠨ ᠳ᠋ᠦᠩᠨᠡᠨ᠂ 2019 ᠣᠨ ᠤ ᠠᠵᠢᠯ ᠤᠨ ᠡᠭᠦᠷᠭᠡ ᠪᠠᠨ ᠪᠠᠢ᠌ᠷᠢᠯᠠᠭᠤᠯᠪᠠ᠃ ᠬᠣᠲᠠ ᠵᠢᠨ ᠠᠷᠠᠳ ᠤᠨ ᠶᠠᠪᠤᠳᠠᠯ ᠤᠨ ᠳᠣᠪᠴᠢᠶᠠᠨ ᠤ ᠤᠳᠤᠷᠢᠳᠬᠤ ᠪᠠᠭ ᠤᠨ ᠪᠦᠷᠢᠯᠳᠤᠭᠦᠨ᠂ ᠪᠠᠢ᠌ᠭᠤᠯᠭ᠎ᠠ ᠵᠢᠨ ᠺᠠᠳ᠋ᠷ ᠠᠵᠢᠯᠲᠠᠨ᠂ ᠡᠯ᠎ᠡ ᠬᠤᠰᠢᠭᠤ ᠰᠢᠶᠠᠨ ᠲᠣᠭᠣᠷᠢᠭ ᠤᠨ ᠠᠷᠠᠳ ᠤᠨ ᠶᠠᠪᠤᠳᠠᠯ ᠤᠨ ᠳᠣᠪᠴᠢᠶᠠᠨ ᠳᠠᠷᠤᠭ᠎ᠠ᠂ ᠠᠯᠪᠠᠨ ᠭᠡᠷ ᠤᠨ ᠡᠷᠬᠢᠯᠡᠭᠴᠢ᠂ ᠳᠣᠪᠴᠢᠶᠠᠨ ᠤ ᠡᠯ᠎ᠡ ᠬᠠᠷᠢᠶ᠎ᠠ ᠠᠵᠢᠯ ᠦᠢ᠍ᠯᠡᠰ ᠤᠨ ᠨᠢᠭᠡᠴᠢ ᠵᠢᠨ ᠤᠳᠤᠷᠢᠳᠬᠤ ᠪᠠᠭ ᠤᠨ ᠪᠦᠷᠢᠯᠳᠤᠭᠦᠨ ᠪᠣᠯᠤᠨ ᠠᠯᠪᠠᠨ ᠭᠡᠷ ᠤᠨ ᠡᠷᠬᠢᠯᠡᠭᠴᠢ ᠬᠤᠷᠠᠯ ᠳᠤ ᠣᠷᠣᠯᠴᠠᠵᠠᠢ᠃
ᠬᠤᠷᠠᠯ ᠳᠡᠭᠡᠷ᠎ᠡ ᠪᠤᠭᠤᠲᠤ ᠬᠣᠲᠠ ᠵᠢᠨ ᠳᠡᠳ᠋ ᠬᠣᠲᠠ ᠵᠢᠨ ᠳᠠᠷᠤᠭ᠎ᠠ ᠡᠤ ᠡᠯ ᠪᠢᠨ ᠨᠦᠬᠦᠷ ᠪᠦᠬᠦ ᠬᠣᠲᠠ ᠵᠢᠨ ᠠᠷᠠᠳ ᠤᠨ ᠶᠠᠪᠤᠳᠠᠯ ᠤᠨ ᠠᠵᠢᠯ ᠤᠨ ᠴᠣᠬᠤᠯᠠᠪᠤᠷᠢ ᠵᠢ ᠤᠯᠠᠮᠵᠢᠯᠠᠪᠠ᠃ ᠬᠣᠲᠠ ᠵᠢᠨ ᠠᠷᠠᠳ ᠤᠨ ᠶᠠᠪᠤᠳᠠᠯ ᠤᠨ ᠳᠣᠪᠴᠢᠶᠠᠨ ᠤ ᠨᠠᠮ ᠤᠨ ᠳᠤᠭᠤᠢ᠌ᠯᠠᠩ ᠤᠨ ᠱᠦᠵᠢ᠂ ᠳᠣᠪᠴᠢᠶᠠᠨ ᠳᠠᠷᠤᠭ᠎ᠠ ᠶᠦᠨ ᠭᠠᠩ 〈〈ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠨ ᠬᠠᠢ᠌ᠷ᠎ᠠ ᠰᠡᠳᠬᠢᠯᠭᠡ ᠪᠠᠨ ᠠᠷᠠᠳᠤᠨ ᠠᠮᠢᠳᠤᠷᠠᠯᠲᠠᠢ ᠬᠣᠯᠪᠣᠵᠤ ᠰᠢᠨ᠎ᠡ ᠴᠠᠭ ᠦᠶ᠎ᠠ ᠵᠢᠨ ᠠᠷᠠᠳᠤᠨ ᠶᠠᠪᠤᠳᠠᠯ ᠤᠨ ᠠᠵᠢᠯ ᠤᠨ ᠰᠢᠨ᠎ᠡ ᠬᠠᠭᠤᠳᠠᠰᠤ ᠵᠢ ᠪᠢᠴᠢᠭᠯᠡᠶ᠎ᠡ〉〉 ᠭᠡᠬᠦ ᠰᠡᠳᠤᠪ ᠵᠶ᠋ᠠᠷ ᠠᠵᠢᠯ ᠤᠨ ᠮᠡᠳᠡᠭᠦᠯᠤᠯᠲᠡ ᠬᠢᠪᠡ᠃ ᠬᠣᠲᠠ ᠵᠢᠨ ᠠᠷᠠᠳ ᠤᠨ ᠶᠠᠪᠤᠳᠠᠯ ᠤᠨ ᠳᠣᠪᠴᠢᠶᠠᠨ ᠳᠤ ᠰᠠᠭᠤᠭ᠎ᠠ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠳᠤᠭᠤᠢ᠌ᠯᠠᠩ ᠤᠨ ᠳᠠᠷᠤᠭ᠎ᠠ ᠠᠴᠠ ᠲᠦᠪ ᠤᠨ ᠶᠠᠳᠠᠭᠤ ᠠᠴᠠ ᠠᠩᠬᠢᠵᠢᠷᠠᠭᠤᠯᠬᠤ ᠪᠣᠭᠣᠮᠲᠠ ᠰᠢᠪᠲᠤᠯᠬᠤ ᠠᠵᠢᠯ ᠤᠨ ᠳᠤᠰᠬᠠᠢ ᠲᠣᠭᠣᠷᠢᠨ ᠪᠠᠢ᠌ᠴᠠᠭ᠋ᠠᠯᠲᠠ ᠵᠢᠨ ᠪᠠ ᠦᠪᠡᠷᠳᠡᠭᠡᠨ ᠵᠠᠰᠠᠬᠤ ᠣᠷᠣᠨ ᠤ ᠬᠠᠷ᠎ᠠ ᠪᠦᠯᠣᠭ᠌ᠲᠡᠨ ᠬᠠᠷᠭᠢᠰ ᠭᠦᠴᠤᠨᠳᠤ ᠴᠣᠬᠢᠯᠲᠠ ᠦᠭᠬᠦ ᠠᠵᠢᠯ ᠤᠨ ᠳᠤᠰᠬᠠᠢ ᠬᠢᠨᠠᠨ ᠪᠠᠢ᠌ᠴᠠᠭ᠋ᠠᠯᠲᠠ ᠵᠢᠨ ᠴᠡᠭᠴᠡᠯᠡᠨ ᠵᠠᠰᠠᠬᠤ ᠠᠵᠢᠯ ᠪᠠ ᠨᠠᠮ ᠤᠨ ᠰᠤᠷᠲᠠᠯ ᠴᠢᠭᠡᠴᠢ ᠵᠠᠰᠠᠭ ᠤᠨ ᠪᠠᠢ᠌ᠭᠤᠯᠤᠯᠲᠠ ᠵᠢᠨ ᠠᠵᠢᠯ ᠢ ᠬᠡᠷᠬᠢᠨ ᠰᠠᠢ᠌ᠨ ᠬᠢᠬᠦ ᠳᠤᠬᠠᠢ ᠪᠠᠢ᠌ᠷᠢᠯᠠᠭᠤᠯᠪᠠ᠃
ᠬᠤᠷᠠᠯ ᠳᠡᠭᠡᠷ᠎ᠡ ᠨᠢᠭᠡ ᠪᠦᠯᠣᠭ᠌ ᠬᠤᠰᠢᠭᠤ ᠰᠢᠶᠡᠨ ᠲᠣᠭᠣᠷᠢᠭ ᠤᠨ ᠠᠷᠠᠳ ᠤᠨ ᠶᠠᠪᠤᠳᠠᠯ ᠤᠨ ᠳᠣᠪᠴᠢᠶᠠᠨ ᠤ ᠳᠠᠷᠤᠭ᠎ᠠ ᠳᠤᠷᠰᠢᠯᠭ᠎ᠠ ᠪᠠᠨ ᠲᠠᠨᠢᠯᠴᠠᠭᠤᠯᠵᠠᠢ᠃