ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠬᠦᠯᠦᠨ ᠪᠤᠢ᠌ᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 2019 ᠤᠨ᠎ᠤ ᠤᠯᠠᠨ ᠤᠯᠤᠰ᠎ᠤᠨ ᠨᠡᠢ᠌ᠭᠡᠮ᠎ᠤᠨ ᠠᠵᠢᠯᠲᠠᠨ᠎ᠤ ᠠ᠋ᠳᠦᠷ᠎ᠤᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄ 2019-04-03

         

     3 ᠳ᠋ᠤᠭ᠋ᠠᠷ ᠰᠠᠷ᠎ᠠ ᠵᠢᠨ 24᠎ᠤ ᠠ᠋ᠳᠦᠷ ᠬᠦᠯᠦᠨ ᠪᠤᠢ᠌ᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠠᠢ᠌ᠯᠠᠷ ᠲᠤᠭᠤᠷᠢᠭ᠎ᠤᠨ ᠴᠢᠩᠭᠢᠰ ᠬᠠᠭ᠋ᠠᠨ ᠠᠭᠤᠳᠠᠮ ᠲᠠᠯᠠᠪᠠᠢ᠎ᠳᠤ 《ᠰᠢᠨ᠎ᠡ ᠠᠶᠠᠨ ᠲᠠᠢ᠌ᠨ᠎ᠳᠤ ᠲᠦᠷᠦᠭᠡ ᠴᠢᠩᠭ᠋ᠠᠯᠠᠬᠤ ᠨᠡᠢ᠌ᠭᠡᠮ᠎ᠤᠨ ᠠᠵᠢᠯᠲᠠᠨ᠎ᠤ ᠠᠵᠢᠯᠯᠠᠭ᠎ᠠ》 ᠭᠡᠬᠦ ᠤᠯᠠᠨ ᠤᠯᠤᠰ᠎ᠤᠨ ᠨᠡᠢ᠌ᠭᠡᠮ᠎ᠤᠨ ᠠᠵᠢᠯᠲᠠᠨ᠎ᠤ ᠠ᠋ᠳᠦᠷ᠎ᠤᠨ ᠭᠤᠤᠯ ᠰᠡᠳᠦᠪᠲᠦ ᠠᠵᠢᠯᠯᠠᠭ᠎ᠠ ᠦᠷᠨᠢᠭᠦᠯᠪᠡ᠃ 18 ᠨᠡᠢ᠌ᠭᠡᠮ᠎ᠤᠨ ᠠᠵᠢᠯᠲᠠᠨ ᠪᠤᠯᠤᠨ ᠰᠠᠢ᠌ᠨ ᠲᠤᠷ᠎ᠠ ᠵᠢᠨ ᠦᠢ᠍ᠯᠡᠴᠢᠯᠡᠭᠡᠨ᠎ᠤ ᠵᠤᠬᠢᠶᠠᠨ ᠪᠠᠢ᠌ᠭᠤᠯᠤᠯᠲᠠ ᠵᠢᠨ 120 ᠭᠠᠷᠤᠢ ᠨᠡᠢ᠌ᠭᠡᠮ᠎ᠤᠨ ᠠᠵᠢᠯᠲᠠᠨ ᠪᠤᠯᠤᠨ ᠰᠠᠢ᠌ᠨ ᠲᠤᠷ᠎ᠠ ᠵᠢᠨ ᠦᠢ᠍ᠯᠡᠴᠢᠯᠡᠭᠴᠢ ᠠ᠋ᠨᠡ ᠠᠵᠢᠯᠯᠠᠭ᠎ᠠ᠎ᠳᠤ ᠤᠷᠤᠯᠴᠠᠵᠠᠢ᠃ ᠠᠵᠢᠯᠯᠠᠭ᠎ᠠ᠎ᠨᠢ ᠲᠡᠯᠭᠡᠨ ᠦᠵᠡᠭᠦᠯᠬᠦ ᠬᠠᠪᠲᠠᠰᠦ᠂ ᠲᠦᠷᠦ ᠵᠢᠨ ᠪᠤᠳᠤᠯᠭ᠎ᠠ ᠵᠢᠨ ᠲᠠᠨᠢᠯᠴᠠᠭᠤᠯᠭ᠎ᠠ᠂ ᠮᠡᠳᠡᠯᠭᠡ ᠵᠢᠨ ᠠᠰᠠᠭᠤᠯᠲᠠ ᠬᠠᠷᠢᠭᠤᠯᠲᠠ᠂ ᠤᠬᠠᠭᠤᠯᠭ᠎ᠠ ᠵᠢᠨ ᠭᠠᠷ ᠠᠪᠤᠯᠭ᠎ᠠ ᠲᠠᠷᠬᠠᠭ᠋ᠠᠬᠤ᠂ ᠲᠤᠭᠯᠠᠭ᠋ᠠᠮ ᠵᠡᠷᠭᠡ ᠠᠷᠭ᠎ᠠ ᠮᠠᠶᠢᠭ ᠵᠢᠡᠷ ᠬᠤᠲᠠ ᠵᠢᠨ ᠠᠷᠠᠳ᠎ᠲᠤ ᠪᠦᠬᠦ ᠬᠤᠲᠠ ᠵᠢᠨ ᠨᠡᠢ᠌ᠭᠡᠮ᠎ᠤᠨ ᠠᠵᠢᠯ᠎ᠤᠨ ᠬᠦᠭᠵᠢᠯᠲᠡ ᠵᠢᠨ ᠦᠷ᠎ᠡ ᠪᠦᠲᠦᠭᠡᠯ᠎ᠢ ᠤᠬᠠᠭᠤᠯᠤᠨ᠂ ᠨᠡᠢ᠌ᠭᠡᠮ᠎ᠤᠨ ᠠᠵᠢᠯ᠎ᠤᠨ ᠲᠤᠬᠠᠢ ᠮᠡᠳᠡᠯᠭᠡ᠂ ᠮᠡᠳᠡᠷᠡᠮᠵᠢ ᠵᠢ ᠨᠡᠮᠡᠭᠳᠡᠭᠦᠯᠤᠨ᠂ ᠨᠡᠢ᠌ᠭᠡᠮ᠎ᠤᠨ ᠠᠵᠢᠯ᠎ᠳᠤ ᠤᠷᠤᠯᠴᠠᠬᠤ ᠢᠳᠡᠪᠬᠢᠵᠢᠯ᠎ᠲᠠᠢ ᠪᠣᠯᠭ᠋ᠠᠭᠰᠠᠨ ᠪᠠᠢ᠌ᠨ᠎ᠠ᠃
      ᠬᠦᠯᠦᠨ ᠪᠤᠢ᠌ᠷ ᠬᠤᠲᠠ ᠵᠢᠨ ᠱᠠᠲᠤᠨ᠎ᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠲᠦᠪ᠂ ᠨᠡᠢ᠌ᠭᠡᠮᠯᠢᠭ᠂ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠦᠪ᠂ ᠰᠠᠢ᠌ᠨ ᠲᠤᠷ᠎ᠠ ᠵᠢᠨ ᠦᠢ᠍ᠯᠡᠴᠢᠯᠡᠭᠴᠢᠳ᠎ᠤᠨ ᠨᠡᠢ᠌ᠭᠡᠮᠯᠢᠭ ᠵᠡᠷᠭᠡ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ 18 ᠪᠠᠢ᠌ᠭᠤᠯᠤᠮᠵᠢ ᠥᠪᠡᠷ ᠥᠪᠡᠷ᠎ᠤᠨ ᠨᠡᠢ᠌ᠭᠡᠮ᠎ᠤᠨ ᠠᠵᠢᠯ᠎ᠤᠨ ᠬᠦᠷᠢᠶᠡᠨ᠎ᠳᠤ ᠤᠯᠤᠭᠰᠠᠨ ᠠᠮᠵᠢᠯᠲᠠ᠎ᠪᠠᠨ ᠲᠡᠯᠭᠡᠨ ᠦᠵᠡᠭᠦᠯᠵᠠᠢ᠃ 《ᠭᠤᠷᠪᠠᠨ ᠲᠤᠭᠤᠷᠢᠭ᠎ᠤᠨ ᠲᠦᠯᠦᠪᠯᠡᠭᠡ》᠂ 《ᠭᠠᠷ ᠭᠠᠷ ᠵᠢᠡᠨ ᠪᠠᠷᠢᠯᠴᠠᠬᠤ ᠲᠦᠯᠦᠪᠯᠡᠭᠡ》᠂ 《ᠥᠷᠯᠦᠭᠡ ᠵᠢᠨ ᠨᠠᠷᠠᠨ ᠳᠤᠯᠠᠢ᠌ᠵᠤ ᠦᠳᠡᠰᠢ ᠵᠢᠨ ᠲᠤᠶᠠᠭ᠎ᠠ ᠳᠤᠯᠠᠪᠠᠯᠵᠢᠨ᠎ᠠ》᠂ 《ᠶᠠᠳᠠᠭᠤ ᠵᠢ ᠲᠡᠳᠭᠦᠬᠦ ᠠᠵᠢᠯ᠎ᠤᠨ ᠪᠤᠭᠤᠮᠲᠠ ᠰᠢᠪᠲᠤᠯᠤᠯᠲᠠ᠎ᠳᠤ ᠬᠦᠴᠤᠨ ᠵᠶ᠋ᠠᠨ ᠠ᠋ᠷᠭᠦᠶ᠎ᠠ》 ᠭᠡᠬᠦ ᠵᠡᠷᠭᠡ ᠨᠡᠢ᠌ᠭᠡᠮ᠎ᠤᠨ ᠠᠵᠢᠯ᠎ᠤᠨ ᠲᠦᠷᠦᠯ ᠵᠦᠢ᠍ᠯ ᠬᠦᠮᠦᠰ᠎ᠤᠨ ᠠᠩᠬᠠᠷᠤᠯ᠎ᠢ ᠲᠠᠲᠠᠵᠦ᠂ ᠨᠡᠢ᠌ᠭᠡᠮ᠎ᠤᠨ ᠠᠵᠢᠯᠲᠠᠨ ᠰᠠᠢ᠌ᠨ ᠲᠤᠷ᠎ᠠ ᠵᠢᠨ ᠦᠢ᠍ᠯᠡᠴᠢᠯᠡᠭᠴᠢ ᠲᠤᠬᠠᠢ ᠵᠢᠨ ᠲᠠᠯᠠᠪᠤᠷ᠎ᠲᠤ ᠤᠯᠠᠨ ᠲᠦᠮᠡᠨ᠎ᠤ ᠠ᠋ᠷᠡᠭᠡᠯᠵᠡᠯ᠎ᠢ ᠠᠯᠳᠠᠷᠭ᠋ᠠᠨ᠂ ᠲᠤᠰᠬᠠᠢ ᠮᠡᠷᠭᠡᠵᠢᠯ᠎ᠤᠨ ᠦᠢ᠍ᠯᠡᠴᠢᠯᠡᠭᠡ ᠬᠠᠠᠩᠭ᠋ᠠᠵᠠᠢ᠃ ᠠ᠋ᠨᠡ ᠤᠳᠠᠭ᠎ᠠ ᠵᠢᠨ ᠤᠬᠠᠭᠤᠯᠭ᠎ᠠ᠎ᠨᠢ ᠨᠡᠢ᠌ᠭᠡᠮ᠎ᠤᠨ ᠠᠵᠢᠯ ᠬᠢᠬᠦ ᠰᠠᠨᠠᠭ᠎ᠠ᠎ᠲᠠᠢ ᠮᠠᠰᠢ ᠤᠯᠠᠨ ᠬᠦᠮᠦᠰ᠎ᠲᠤ ᠥᠪᠡᠷ᠎ᠤᠨ ᠬᠢᠨᠢ ᠲᠤᠷ᠎ᠠ ᠪᠠᠬ᠎ᠠ᠎ᠲᠠᠢ ᠵᠤᠬᠢᠶᠠᠨ ᠪᠠᠢ᠌ᠭᠤᠯᠤᠯᠲᠠ ᠪᠤᠯᠤᠨ ᠲᠦᠷᠦᠯ ᠵᠦᠢ᠍ᠯ᠎ᠢ ᠤᠯᠵᠦ ᠥᠭᠭᠦᠭᠰᠡᠨ ᠵᠢᠡᠷ ᠲᠡᠭᠦᠨ᠎ᠳᠤ ᠤᠷᠤᠯᠴᠠᠬᠤ᠎ᠪᠠᠷ ᠱᠠᠭ᠋ᠠᠷᠳᠠᠵᠦ ᠪᠠᠢ᠌ᠯ᠎ᠠ᠃
      ᠤᠢ᠌ᠷ᠎ᠠ ᠵᠢᠨ ᠵᠢᠯ᠎ᠤᠳ᠎ᠲᠤ ᠬᠦᠯᠦᠨ ᠪᠤᠢ᠌ᠷ ᠬᠤᠲᠠ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠪᠠᠲᠤᠯᠠᠭ᠎ᠠ ᠵᠢᠨ ᠲᠤᠭᠲᠠᠯᠴᠠᠭ᠎ᠠ ᠵᠢ ᠲᠠᠰᠤᠷᠠᠯᠲᠠ ᠦᠭᠡᠢ ᠪᠦᠷᠢᠨᠰᠢᠭᠦᠯᠵᠦ᠂ ᠨᠡᠢ᠌ᠭᠡᠮ᠎ᠤᠨ ᠠᠵᠢᠯ᠎ᠤᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠭᠦᠯᠬᠦ ᠪᠠ ᠳᠠᠲᠠᠨ ᠠᠪᠴᠢᠷᠠᠬᠤ ᠲᠤᠭᠲᠠᠴᠠ ᠵᠢ ᠪᠠᠢ᠌ᠭᠤᠯᠵᠦ᠂ 《ᠬᠤᠲᠠ — ᠬᠤᠰᠢᠭᠤ ᠬᠤᠲᠠ ᠲᠤᠭᠤᠷᠢᠭ — ᠰᠢᠶᠠᠩ ᠪᠠᠯᠭ᠋ᠠᠰᠦ (ᠵᠡᠭᠡᠯᠢ ᠭᠤᠳᠤᠮᠵᠢ) — ᠨᠡᠢ᠌ᠭᠡᠮ ᠲᠤᠭᠤᠷᠢᠭ》 ᠳᠦᠷᠪᠡᠨ ᠱᠠᠲᠤᠨ᠎ᠤ ᠨᠡᠢ᠌ᠭᠡᠮ᠎ᠤᠨ ᠠᠵᠢᠯ᠎ᠤᠨ ᠶᠡᠷᠦᠩᠬᠡᠢ᠌ᠯᠡᠭᠰᠡᠨ ᠦᠢ᠍ᠯᠡᠴᠢᠯᠡᠭᠡᠨ᠎ᠤ ᠲᠠᠪᠴᠠᠩ᠎ᠢ ᠦᠨᠳᠦᠰᠦᠨ᠎ᠳᠡᠭᠡᠨ ᠪᠠᠢ᠌ᠭᠤᠯᠵᠦ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠢᠯᠠᠩᠭᠤᠶ᠎ᠠ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠠᠵᠢᠯ᠎ᠤᠨ ᠪᠠᠢ᠌ᠭᠤᠯᠤᠮᠵᠢ᠎ᠳᠤ ᠲᠠᠯᠠᠪᠤᠷ᠂ ᠪᠡᠯᠡ ᠮᠦᠩᠭᠦ᠂ ᠴᠢᠳᠠᠪᠤᠷᠢ ᠵᠢᠨ ᠪᠤᠯᠪᠠᠰᠤᠷᠠᠯ᠂ ᠠ᠋ᠬᠢ ᠪᠠᠶᠠᠯᠢᠭ᠎ᠤᠨ ᠬᠡᠯᠬᠢᠶᠡᠰᠦ ᠵᠢ ᠬᠠᠩᠭ᠋ᠠᠵᠦ᠂ ᠨᠡᠢ᠌ᠭᠡᠮ᠎ᠤᠨ ᠠᠵᠢᠯᠲᠠᠨ᠎ᠤ ᠵᠤᠬᠢᠶᠠᠨ ᠪᠠᠢ᠌ᠭᠤᠯᠤᠯᠲᠠ ᠵᠢᠨ ᠨᠡᠢ᠌ᠭᠡᠮ᠎ᠤᠨ ᠬᠠᠮᠢᠶᠠᠷᠤᠯᠲᠠ᠎ᠳᠤ ᠤᠷᠤᠯᠴᠠᠬᠤ᠂ ᠤᠯᠠᠨ ᠨᠡᠢ᠌ᠲᠡ ᠵᠢᠨ ᠦᠢ᠍ᠯᠡᠴᠢᠯᠡᠭᠡ ᠬᠠᠩᠭ᠋ᠠᠬᠤ ᠵᠢ ᠲᠡᠮᠵᠢᠵᠦ ᠵᠢᠯᠤᠭᠤᠳᠪᠠ᠃ 2014 ᠤᠨ᠎ᠠᠴᠠ ᠠ᠋ᠬᠢᠯᠡᠨ ᠲᠦᠪ᠎ᠤᠨ ᠠ᠋ᠳ᠋᠎ᠤᠨ ᠵᠠᠰᠠᠭ᠎ᠤᠨ ᠲᠦᠷᠦᠯ ᠵᠦᠢ᠍ᠯ ᠵᠢᠯ ᠪᠦᠷᠢ ᠬᠦᠯᠦᠨ ᠪᠤᠢ᠌ᠷ ᠬᠤᠲᠠ᠎ᠳᠤ 《ᠨᠤᠲᠤᠭᠰᠢᠵᠦ》᠂ ᠥᠪᠡᠷᠳᠡᠭᠡᠨ ᠵᠠᠰᠠᠬᠤ ᠤᠷᠤᠨ᠎ᠤ ᠱᠠᠲᠤᠨ᠎ᠤ ᠵᠠᠰᠠᠭ᠎ᠤᠨ ᠤᠷᠳᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡ ᠬᠤᠳᠠᠯᠳᠤᠨ ᠠᠪᠤᠭᠰᠠᠨ ᠲᠦᠷᠦᠯ ᠵᠦᠢ᠍ᠯ᠎ᠤᠨ ᠪᠡᠯᠡ ᠮᠦᠩᠭᠦ ᠭᠤᠷᠪᠠᠨ ᠵᠢᠯ ᠳᠠᠷᠠᠭ᠋ᠠᠯᠠᠨ 100 ᠲᠦᠮᠡ᠎ᠠᠴᠠ ᠲᠡᠭᠡᠭᠰᠢ ᠪᠤᠯᠵᠦ᠂ ᠬᠤᠲᠠ ᠵᠢᠨ ᠱᠠᠲᠤᠨ᠎ᠤ ᠵᠠᠰᠠᠭ᠎ᠤᠨ ᠤᠷᠳᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠦᠢ᠍ᠯᠡᠴᠢᠯᠡᠭᠡ ᠵᠢ ᠬᠤᠳᠠᠯᠳᠤᠨ ᠠᠪᠤᠭᠰᠠᠨ ᠲᠦᠷᠦᠯ ᠵᠦᠢ᠍ᠯ 2018 ᠤᠨ᠎ᠳᠤ ᠠᠩᠬ᠎ᠠ ᠤᠳᠠᠭ᠎ᠠ ᠤᠷᠤᠭᠰᠢᠲᠠᠢ ᠪᠡᠶᠡᠯᠡᠭᠳᠡᠪᠡ᠃ ᠳᠤᠮᠳᠠᠳᠦ ᠤᠯᠤᠰ᠎ᠤᠨ ᠨᠡᠢ᠌ᠭᠡᠮ᠎ᠤᠨ ᠠᠰᠠᠷᠠᠮᠵᠢ ᠵᠢᠨ ᠰᠠᠭᠤᠷᠢ ᠮᠦᠩᠭᠦᠨ᠎ᠤ ᠨᠡᠢ᠌ᠭᠡᠮᠯᠢᠭ᠂ ᠳᠤᠮᠳᠠᠳᠦ ᠤᠯᠤᠰ᠎ᠤᠨ ᠪᠠᠭ᠋ᠠᠴᠤᠳ ᠬᠡᠤᠬᠡᠳ᠎ᠤᠨ ᠰᠠᠭᠤᠷᠢ ᠮᠦᠩᠭᠦᠨ᠎ᠤ ᠨᠡᠢ᠌ᠭᠡᠮᠯᠢᠭ᠂ ᠲᠸᠩ ᠰᠢᠶᠦᠢ᠍ᠨ᠎ᠤ ᠨᠡᠢ᠌ᠲᠡ ᠵᠢᠨ ᠠᠰᠠᠷᠠᠮᠵᠢ᠂ ᠮᠠ ᠶᠦᠨ᠎ᠤ ᠨᠡᠢ᠌ᠲᠡ ᠵᠢᠨ ᠠᠰᠠᠷᠠᠮᠵᠢ᠂ ᠱᠸᠨᠵᠸᠨ᠎ᠤ ᠨᠢᠭᠦᠯᠡᠰᠦᠩᠭᠦᠢ ᠠ᠋ᠷᠡᠭᠦᠯ ᠬᠠᠮᠠᠭ᠋ᠠᠯᠠᠯ᠎ᠤᠨ ᠦᠢ᠍ᠯᠡᠰ᠎ᠤᠨ ᠬᠦᠭᠵᠢᠯᠲᠡ ᠵᠢᠨ ᠲᠦᠪ ᠵᠡᠷᠭᠡ ᠨᠡᠢ᠌ᠲᠡ ᠵᠢᠨ ᠠᠰᠠᠷᠠᠮᠵᠢ ᠵᠢᠨ ᠦᠢ᠍ᠯᠡᠴᠢᠯᠡᠭᠡᠨ᠎ᠤ ᠤᠯᠠᠨ ᠵᠤᠬᠢᠶᠠᠨ ᠪᠠᠢ᠌ᠭᠤᠯᠤᠯᠲᠠ ᠬᠦᠯᠦᠨ ᠪᠤᠢ᠌ᠷ ᠬᠤᠲᠠ᠎ᠯᠤᠭ᠎ᠠ ᠠᠮᠵᠢᠯᠲᠠᠲᠠᠢ᠎ᠪᠠᠷ ᠬᠤᠯᠪᠤᠭ᠎ᠠ ᠪᠠᠢ᠌ᠭᠤᠯᠪᠠ᠃ ᠤᠳᠤᠬᠠᠨ᠎ᠳᠤ ᠪᠦᠬᠦ ᠬᠤᠲᠠ᠎ᠳᠤ ᠨᠡᠢ᠌ᠭᠡᠮ᠎ᠤᠨ ᠠᠵᠢᠯ ᠪᠤᠯᠤᠨ ᠰᠠᠢ᠌ᠨ ᠲᠤᠷ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠨᠡᠢ᠌ᠲᠡ 31 ᠪᠤᠢ᠂ ᠨᠡᠢ᠌ᠭᠡᠮ᠎ᠤᠨ ᠠᠵᠢᠯ ᠬᠢᠭᠰᠡᠳ ᠪᠤᠯᠤᠨ ᠰᠠᠢ᠌ᠨ ᠲᠤᠷ᠎ᠠ ᠵᠢᠨ ᠦᠢ᠍ᠯᠡᠴᠢᠯᠡᠭᠴᠢ 10 ᠲᠦᠮᠡ ᠵᠢ ᠲᠠᠪᠠᠵᠠᠢ᠃  2019 ᠤᠨ᠎ᠤ 4 ᠳ᠋ᠤᠭᠡᠷ ᠰᠠᠷ᠎ᠠ᠎ᠳᠤ ᠬᠦᠯᠦᠨ ᠪᠤᠢ᠌ᠷ ᠬᠤᠲᠠ ᠵᠢᠨ ᠱᠠᠲᠤᠨ᠎ᠤ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠡᠢ᠌ᠲᠡ ᠵᠢᠨ ᠠᠰᠠᠷᠠᠮᠵᠢ ᠵᠢᠨ ᠵᠢᠱ᠌ᠢᠶ᠎ᠡ ᠦᠵᠡᠭᠦᠯᠬᠦ ᠬᠦᠷᠢᠶᠡᠯᠡᠩ ᠠᠩᠬ᠎ᠠ ᠤᠳᠠᠭ᠎ᠠ ᠠᠰᠢᠭᠯᠠᠯᠲᠠ᠎ᠳᠤ ᠤᠷᠤᠵᠦ᠂ ᠲᠦᠷᠦᠭᠦᠦ ᠪᠦᠯᠦᠭ ᠤᠷᠤᠵᠦ ᠰᠠᠭᠤᠬᠤ ᠨᠢᠭᠡᠴᠢ᠎ᠨᠢ ᠲᠤᠰᠬᠠᠢ ᠮᠡᠷᠭᠡᠵᠢᠯ᠎ᠤᠨ ᠨᠡᠢ᠌ᠭᠡᠮ᠎ᠤᠨ ᠠᠵᠢᠯ ᠪᠤᠯᠤᠨ ᠨᠡᠢ᠌ᠲᠡ ᠵᠢᠨ ᠠᠰᠠᠷᠠᠮᠵᠢ ᠨᠢᠭᠦᠯᠡᠰᠦᠩᠭᠦᠢ ᠵᠢᠨ ᠲᠦᠷᠦᠯ᠎ᠤᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ᠎ᠪᠠᠷ ᠭᠤᠤᠯᠳᠠᠯᠭ᠎ᠠ ᠪᠤᠯᠭ᠋ᠠᠨ᠎ᠡ᠃ ᠵᠢᠯ᠎ᠤᠨ ᠡᠴᠦᠰ᠎ᠠᠴᠠ ᠠ᠋ᠮᠦᠨ᠎ᠡ ᠪᠦᠬᠦ ᠬᠤᠲᠠ ᠵᠢᠨ 14 ᠬᠤᠰᠢᠭᠤ ᠬᠤᠲᠠ ᠲᠤᠭᠤᠷᠢᠭ ᠪᠦᠷ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠪᠦᠢ᠍ᠵᠢᠭᠤᠯᠬᠤ ᠲᠦᠪ ᠪᠤᠶᠤ ᠨᠡᠢ᠌ᠭᠡᠮ᠎ᠤᠨ ᠠᠵᠢᠯ᠎ᠤᠨ ᠦᠢ᠍ᠯᠡᠴᠢᠯᠡᠭᠡᠨ᠎ᠤ ᠥᠷᠲᠡᠭᠡ ᠪᠠᠢ᠌ᠭᠤᠯᠤᠨ᠎ᠠ᠃ ᠠ᠋ᠭᠦᠨ᠎ᠠᠴᠠ ᠭᠠᠳᠠᠨ᠎ᠠ᠂ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠨᠡᠢ᠌ᠭᠡᠮ᠎ᠤᠨ ᠠᠵᠢᠯ ᠬᠢᠭᠰᠡᠳ᠎ᠲᠤ ᠭᠤᠤᠯᠳᠠᠯᠭ᠎ᠠ᠎ᠲᠠᠢ ᠬᠦᠮᠦᠵᠢᠯ ᠪᠤᠯᠪᠠᠰᠤᠷᠠᠯ ᠬᠦᠷᠲᠡᠭᠡᠵᠦ᠂ ᠨᠡᠢ᠌ᠭᠡᠮ᠎ᠤᠨ ᠠᠵᠢᠯ᠎ᠤᠨ ᠱᠠᠩᠨᠠᠨ ᠵᠤᠷᠢᠬ᠍ᠵᠢᠭᠤᠯᠵᠦ ᠤᠷᠮᠠᠰᠢᠭᠤᠯᠬᠤ ᠠᠷᠭ᠎ᠠ ᠬᠡᠮᠵᠢᠶ᠎ᠡ ᠲᠤᠭᠲᠠᠭ᠋ᠠᠵᠦ᠂ ᠪᠦᠬᠦ ᠬᠤᠲᠠ ᠵᠢᠨ ᠨᠡᠢ᠌ᠭᠡᠮ᠎ᠤᠨ ᠠᠵᠢᠯ᠎ᠤᠨ ᠠ᠋ᠷᠡᠭᠦᠯ ᠲᠦᠷᠭᠡᠨ ᠬᠦᠭᠵᠢᠬᠦ ᠵᠢ ᠪᠦᠬᠦ ᠲᠠᠯ᠎ᠠ᠎ᠪᠠᠷ ᠠᠬᠢᠭᠤᠯᠤᠨ᠎ᠠ᠃


ᠢᠷᠡᠯᠲᠡ᠄
          
ᠬᠠᠮᠢᠶ᠎ᠡ ᠪᠦᠬᠦᠢ ᠰᠣᠨᠢᠨ
ᠬᠥᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 2019 ᠤᠨ᠎ᠤ ᠴᠢᠭᠡᠴᠢ ᠵᠠᠰᠠᠭ᠎ᠤᠨ ᠰᠡᠷᠡᠮᠵᠢᠯᠡᠭᠦᠯᠬᠦ ᠬᠦᠮᠦᠵᠢᠯ᠎ᠤᠨ ᠠᠵᠢᠯᠯᠠᠭ᠎ᠠ ᠥᠷᠨᠢᠭᠦᠯᠪᠡ
ᠠᠯᠠᠱ᠌ᠠ ᠠᠢ᠌ᠮᠠᠭ ᠬᠠᠩᠰᠢᠨ᠎ᠤ ᠠᠮᠤᠷ ᠲᠦᠪᠰᠢᠨ ᠲᠠᠬᠢᠯᠭ᠎ᠠ ᠬᠢᠬᠦ ᠠᠵᠢᠯ ᠵᠶ᠋ᠠᠨ ᠪᠠᠢ᠌ᠷᠢᠯᠠᠭᠤᠯᠵᠠᠢ
ᠤᠯᠠᠭ᠋ᠠᠨᠴᠠᠪ ᠬᠤᠲᠠ ᠠᠷᠠᠳ᠎ᠤᠨ ᠶᠠᠪᠤᠳᠠᠯ᠂ ᠴᠡᠷᠢᠭ᠎ᠠᠴᠠ ᠪᠠᠭᠤᠭᠰᠠᠳ᠎ᠤᠨ ᠬᠠᠮᠢᠶᠠᠷᠤᠯᠲᠠ ᠪᠤᠯᠤᠨ ᠵᠡᠮᠳᠡᠭᠴᠤᠳ᠎ᠤᠨ ᠬᠤᠯᠪᠤᠭ᠋ᠠᠨ᠎ᠤ ᠠᠵᠢᠯ᠎ᠤᠨ ᠬᠤᠷᠠᠯ ᠬᠤᠷᠠᠯᠳᠤᠭᠤᠯᠤᠯ᠎ᠠ
ᠤᠯᠠᠭ᠋ᠠᠨᠬᠠᠳᠠ ᠬᠤᠲᠠ 2019 ᠤᠨ᠎ᠤ ᠠᠷᠠᠳ᠎ᠤᠨ ᠶᠠᠪᠤᠳᠠᠯ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠠᠢ
ᠠᠯᠠᠱ᠌ᠠ ᠠᠢ᠌ᠮᠠᠭ᠎ᠤᠨ 12349 ᠵᠠᠰᠠᠭ᠎ᠤᠨ ᠶᠠᠪᠤᠳᠠᠯ᠎ᠤᠨ ᠯᠠᠪᠯᠠᠯᠭ᠎ᠠ ᠵᠢᠨ ᠠᠷᠠᠳ᠎ᠲᠤ ᠲᠦᠬᠦᠮ ᠦᠵᠡᠭᠦᠯᠬᠦ ᠬᠠᠯᠠᠮᠰᠢᠯ ᠤᠲᠠᠰᠦ ᠨᠡᠪᠲᠡᠷᠡᠪᠡ
 
            