3 ᠳ᠋ᠤᠭ᠋ᠠᠷ ᠰᠠᠷ᠎ᠠ ᠵᠢᠨ 22᠎ᠤᠨ ᠠ᠋ᠳᠤᠷ ᠠᠷᠠᠳ᠎ᠤᠨ ᠶᠠᠪᠤᠳᠠᠯ᠎ᠤᠨ ᠲᠢᠩᠬᠢᠮ 2019 ᠣᠨ᠎ᠤ ᠬᠠᠪᠤᠷ᠎ᠤᠨ ᠤᠯᠠᠷᠢᠯ᠎ᠤᠨ ᠭᠠᠯ ᠤᠨᠲᠠᠷᠠᠭ᠋ᠠᠵᠤ ᠠᠶᠤᠯ᠎ᠢ ᠰᠡᠷᠭᠡᠢ᠌ᠯᠡᠬᠦ ᠠᠵᠢᠯ᠎ᠤᠨ ᠬᠤᠷᠠᠯ ᠬᠤᠷᠠᠯᠳᠤᠬᠤ ᠵᠢᠨ ᠬᠠᠮᠲᠤ ᠤᠬᠠᠭᠤᠯᠭ᠎ᠠ ᠵᠢᠨ ᠠᠵᠢᠯᠯᠠᠭ᠋ᠠᠨ ᠦᠷᠨᠢᠭᠦᠯᠵᠠᠢ᠃ ᠲᠢᠩᠬᠢᠮ᠎ᠤᠨ ᠪᠠᠢ᠌ᠭᠤᠯᠭ᠎ᠠ ᠵᠢᠨ ᠺᠠᠳ᠋ᠷ ᠠᠵᠢᠯᠲᠠᠨ ᠵᠢᠴᠢ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠤᠭᠦᠨ᠂ ᠭᠠᠯ ᠤᠨᠲᠠᠷᠠᠭ᠋ᠠᠵᠤ ᠠᠶᠤᠯ᠎ᠢ ᠰᠡᠷᠭᠡᠢ᠌ᠯᠡᠬᠦ ᠠᠵᠢᠯ᠎ᠤᠨ ᠬᠠᠷᠢᠭᠤᠴᠠᠯᠭ᠋ᠠᠲᠠᠨ᠂ ᠳᠤᠰᠬᠠᠢ ᠭᠠᠯ ᠤᠨᠲᠠᠷᠠᠭ᠋ᠠᠭᠴᠢ ᠨᠠᠷ ᠬᠤᠷᠠᠯ᠎ᠳᠤ ᠣᠷᠣᠯᠴᠠᠪᠠ᠃
ᠬᠤᠷᠠᠯ᠎ᠳᠤ ᠦᠪᠡᠷᠳᠡᠭᠡᠨ ᠵᠠᠰᠠᠬᠤ ᠣᠷᠣᠨ᠎ᠤ ᠭᠠᠯ ᠤᠨᠲᠠᠷᠠᠭ᠋ᠠᠵᠤ ᠠᠶᠤᠯ᠎ᠢ ᠰᠡᠷᠭᠡᠢ᠌ᠯᠡᠬᠦ ᠤᠬᠠᠭᠤᠯᠬᠤ ᠲᠦᠪ᠎ᠤᠨ ᠯᠢᠤ ᠶᠦᠨ ᠰᠤᠷᠭ᠋ᠠᠭᠴᠢ ᠵᠢ ᠤᠷᠢᠵᠤ ᠭᠠᠯ ᠤᠨᠲᠠᠷᠠᠭ᠋ᠠᠵᠤ ᠠᠶᠤᠯ᠎ᠢ ᠰᠡᠷᠭᠡᠢ᠌ᠯᠡᠬᠦ ᠤᠬᠠᠭᠤᠯᠭ᠎ᠠ ᠬᠢᠯᠭᠡᠪᠡ᠃
