3 ᠳ᠋ᠤᠭ᠋ᠠᠷ ᠰᠠᠷ᠎ᠠ ᠵᠢᠨ 27᠎ᠤ ᠠ᠋ᠳᠦᠷ ᠠᠯᠠᠱ᠌ᠠ ᠠᠢ᠌ᠮᠠᠭ᠎ᠤᠨ ᠵᠠᠬᠢᠷᠭ᠎ᠠ ᠵᠢᠨ ᠳᠡᠳ᠋ ᠳᠠᠷᠤᠭ᠎ᠠ᠂ ᠠᠢ᠌ᠮᠠᠭ᠎ᠤᠨ ᠤᠷᠤᠰᠢᠭᠤᠯᠭ᠎ᠠ ᠵᠢᠨ ᠬᠠᠮᠢᠶᠠᠷᠤᠯᠲᠠ ᠵᠢᠨ ᠠᠵᠢᠯ᠎ᠤᠨ ᠤᠳᠤᠷᠢᠳᠬᠤ ᠲᠤᠭᠤᠢ᠌ᠯᠠᠠᠩᠤᠨ ᠳᠠᠷᠤᠭ᠎ᠠ ᠰᠡᠴᠡᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ 2019 ᠤᠨ᠎ᠤ ᠠᠵᠢᠯ᠎ᠤᠨ ᠲᠤᠬᠠᠢ ᠬᠠᠷᠢᠭᠤ ᠮᠡᠳᠡᠭᠦᠯᠦᠯᠲᠡ ᠵᠢ ᠰᠤᠨᠤᠰᠤᠭᠰᠠᠨ ᠪᠦᠭᠡᠳ ᠬᠠᠩᠰᠢᠨ᠎ᠳᠤ ᠠᠮᠤᠷ ᠲᠦᠪᠰᠢᠨ ᠲᠠᠬᠢᠯᠭ᠎ᠠ ᠬᠢᠬᠦ ᠠᠵᠢᠯ᠎ᠤᠨ ᠲᠤᠬᠠᠢ ᠪᠠᠢ᠌ᠷᠢᠯᠠᠭᠤᠯᠤᠯᠲᠠ ᠬᠢᠵᠠᠢ᠃
ᠰᠡᠴᠡᠨ ᠪᠦᠬᠦ ᠠᠢ᠌ᠮᠠᠭ᠎ᠤᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠬᠠᠩᠰᠢᠨᠤ ᠠ᠋ᠳᠤᠷ᠎ᠤᠨ ᠠᠮᠤᠷ ᠲᠦᠪᠰᠢᠨ ᠲᠠᠬᠢᠯᠭ᠎ᠠ ᠬᠢᠬᠦ ᠠᠵᠢᠯ᠎ᠢ ᠶᠡᠬᠡᠲᠡ ᠴᠢᠬᠤᠯᠠᠴᠢᠯᠠᠨ ᠦᠵᠡᠬᠦ ᠬᠡᠷᠡᠭᠲᠠᠢ᠂ ᠭᠤᠤᠯ ᠬᠠᠷᠢᠭᠤᠴᠠᠯᠭ᠋ᠠᠠᠲᠠᠨ ᠨᠦᠬᠦᠳ ᠨᠢᠭᠡᠳᠦᠭᠡᠷ ᠹᠷᠤᠨᠲ᠎ᠲᠤ ᠭᠦᠨᠵᠡᠭᠡᠢ᠌ᠷᠡᠨ ᠵᠢᠯᠤᠭᠤᠳᠴᠤ᠂ ᠱᠠᠭ᠋ᠠᠷᠳᠠᠨ ᠪᠠᠢ᠌ᠴᠠᠭ᠋ᠠᠬᠤ ᠠᠵᠢᠯ ᠵᠶ᠋ᠠᠨ ᠴᠢᠩᠭ᠋ᠠᠳᠬᠠᠬᠤ ᠬᠡᠷᠡᠭᠲᠠᠢ᠃ ᠬᠠᠩᠰᠢ ᠵᠢᠨ ᠲᠠᠬᠢᠯᠭ᠎ᠠ ᠵᠢᠨ ᠡᠯ᠎ᠡ ᠵᠦᠢ᠍ᠯ᠎ᠤᠨ ᠠᠵᠢᠯ᠎ᠤᠨ ᠲᠤᠬᠢᠷᠠᠭᠤᠯᠤᠯᠲᠠ ᠵᠢ ᠨᠠᠷᠢᠯᠢᠬ᠍ᠵᠢᠭᠤᠯᠵᠦ᠂ ᠬᠠᠷᠢᠭᠤᠴᠠᠯᠭ᠎ᠠ᠎ᠪᠠᠨ ᠲᠤᠲᠤᠷᠬᠠᠢ ᠲᠤᠭᠲᠠᠭ᠋ᠠᠵᠦ᠂ ᠨᠡᠢ᠌ᠲᠡ ᠵᠢᠨ ᠪᠤᠩᠬᠤᠨ᠂ ᠤᠷᠤᠰᠢᠭᠤᠯᠭ᠎ᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ᠎ᠨᠤᠭᠤᠳ᠎ᠤᠨ ᠠᠮᠤᠷ ᠲᠦᠪᠰᠢᠨ᠎ᠤ ᠦᠢ᠍ᠯᠡᠴᠢᠯᠡᠭᠡᠨ᠎ᠤ ᠠᠵᠢᠯ᠎ᠢ ᠰᠠᠢ᠌ᠲᠤᠷ ᠠᠳᠬᠤᠵᠦ᠂ ᠠᠮᠤᠷ ᠲᠦᠪᠰᠢᠨ᠎ᠤ ᠬᠠᠮᠢᠶᠠᠷᠤᠯᠲᠠ ᠵᠢᠨ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠦᠨᠡᠨᠬᠦ ᠰᠠᠢ᠌ᠨ ᠨᠠᠢ᠌ᠳᠠᠪᠤᠷᠢᠵᠢᠭᠤᠯᠬᠤ ᠬᠡᠷᠡᠭᠲᠠᠢ᠃ ᠵᠠᠰᠠᠭ᠎ᠤᠨ ᠤᠷᠳᠤᠨ ᠲᠤᠯᠤᠭ᠋ᠠᠢ᠌ᠯᠠᠵᠦ᠂ ᠠᠷᠠᠳ᠎ᠤᠨ ᠶᠠᠪᠤᠳᠠᠯ᠂ ᠲᠤᠲᠤᠭ᠋ᠠᠳᠦ ᠵᠢ ᠬᠠᠮᠠᠭ᠋ᠠᠯᠠᠬᠤ᠂ ᠵᠠᠮ ᠬᠠᠷᠢᠯᠴᠠᠭ᠎ᠠ᠂ ᠤᠢ ᠮᠤᠳᠤ ᠡᠪᠡᠰᠦ ᠪᠡᠯᠴᠢᠭᠡᠷ᠎ᠤᠨ ᠬᠠᠮᠠᠭ᠋ᠠᠯᠠᠯᠲᠠ᠂ ᠵᠠᠬ᠎ᠠ ᠳᠡᠯᠭᠡᠭᠦᠷ᠎ᠤᠨ ᠬᠠᠮᠢᠶᠠᠷᠤᠯᠲᠠ᠂ ᠬᠤᠲᠠ ᠵᠢᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ ᠨᠠᠷᠢᠨ ᠨᠢᠬᠲᠠ ᠬᠠᠮᠵᠢᠯᠴᠠᠨ ᠪᠠᠴᠢᠮ ᠪᠠᠢ᠌ᠳᠠᠯ᠎ᠢ ᠠᠷᠭ᠋ᠠᠴᠠᠭ᠋ᠠᠨ ᠰᠢᠢ᠍ᠳᠪᠤᠷᠢᠯᠡᠬᠦ ᠲᠤᠭᠲᠠᠴᠠ ᠵᠢ ᠨᠠᠢ᠌ᠳᠠᠪᠤᠷᠢᠵᠢᠭᠤᠯᠵᠦ᠂ ᠠᠵᠢᠯ ᠲᠦᠷᠦᠯ᠎ᠤᠨ ᠬᠢᠨᠠᠯᠲᠠ ᠬᠠᠮᠢᠶᠠᠷᠤᠯᠲᠠ ᠵᠢᠨ ᠠ᠋ᠭᠦᠷᠭᠡ ᠬᠠᠷᠢᠭᠤᠴᠠᠯᠭ᠎ᠠ ᠵᠢ ᠰᠠᠢ᠌ᠲᠤᠷ ᠭᠦᠢ᠍ᠴᠡᠳᠭᠡᠵᠦ᠂ ᠬᠠᠷᠢᠭᠤᠴᠠᠯᠭ᠎ᠠ ᠨᠠᠢ᠌ᠳᠠᠪᠤᠷᠢᠵᠢᠭᠤᠯᠬᠤ ᠠᠵᠢᠯ ᠵᠶ᠋ᠠᠨ ᠴᠢᠩᠭ᠋ᠠᠳᠬᠠᠵᠦ᠂ ᠬᠠᠩᠰᠢ ᠵᠢᠨ ᠲᠠᠬᠢᠯᠭ᠎ᠠ ᠵᠢᠨ ᠠᠮᠤᠷ ᠲᠦᠪᠰᠢᠨ᠎ᠢ ᠪᠠᠲᠤᠯᠠᠬᠤ ᠠᠵᠢᠯ ᠵᠶ᠋ᠠᠨ ᠨᠢᠭᠡᠳᠦᠯᠲᠠᠢ ᠲᠦᠯᠦᠪᠯᠡᠨ ᠰᠠᠢ᠌ᠲᠤᠷ ᠬᠢᠵᠦ᠂ ᠠ᠋ᠨᠳᠡᠯ ᠭᠠᠷᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠠᠢ ᠭᠡᠵᠦ ᠵᠢᠭ᠋ᠠᠵᠦ ᠭᠠᠷᠭ᠋ᠠᠵᠠᠢ᠃
ᠬᠠᠩᠰᠢ ᠵᠢᠨ ᠬᠤᠭᠤᠴᠠᠭ᠋ᠠᠨ᠎ᠤ ᠠᠮᠤᠷ ᠲᠦᠪᠰᠢᠨ᠎ᠤ ᠠᠵᠢᠯ᠎ᠢ ᠦᠨᠡᠨᠬᠦ ᠰᠠᠢ᠌ᠨ ᠬᠢᠬᠦ ᠵᠢᠨ ᠲᠤᠯᠠᠳᠠ᠂ ᠠᠯᠠᠱ᠌ᠠ ᠠᠢ᠌ᠮᠠᠭ ᠪᠤᠯᠤᠨ ᠡᠯ᠎ᠡ ᠬᠤᠰᠢᠭᠤ ᠪᠦᠷ ᠬᠠᠩᠰᠢ ᠵᠢᠨ ᠲᠠᠬᠢᠯᠭ᠎ᠠ ᠵᠢᠨ ᠠᠵᠢᠯ᠎ᠤᠨ ᠤᠳᠤᠷᠢᠳᠬᠤ ᠲᠤᠭᠤᠢ᠌ᠯᠠᠩ ᠪᠠᠢ᠌ᠭᠤᠯᠵᠦ᠂ ᠬᠠᠩᠰᠢ ᠵᠢᠨ ᠲᠠᠬᠢᠯᠭ᠎ᠠ ᠵᠢᠨ ᠠᠵᠢᠯ᠎ᠤᠨ ᠠᠯᠪᠠᠨ ᠭᠡᠷ ᠭᠠᠷᠭ᠋ᠠᠵᠦ᠂ ᠵᠢᠵᠢᠭᠦᠷᠯᠡᠬᠦ ᠲᠦᠷᠢᠮ ᠲᠤᠭᠲᠠᠭ᠋ᠠᠵᠦ᠂ ᠪᠠᠴᠢᠮ ᠪᠠᠢ᠌ᠳᠠᠯ᠎ᠢ ᠠᠷᠭ᠋ᠠᠴᠠᠭ᠋ᠠᠬᠤ ᠵᠢᠵᠢᠭᠦᠷ᠎ᠤᠨ ᠠᠵᠢᠯ᠎ᠢ ᠴᠢᠩᠭ᠋ᠠᠳᠬᠠᠨ᠂ ᠬᠠᠩᠰᠢ ᠵᠢᠨ ᠲᠠᠬᠢᠯᠭ᠎ᠠ ᠬᠢᠬᠦ ᠬᠦᠮᠦᠨ ᠬᠠᠮᠤᠭ᠎ᠤᠨ ᠤᠯᠠᠨ ᠠ᠋ᠳᠦᠷ ᠪᠠ ᠬᠠᠩᠰᠢ ᠵᠢᠨ ᠬᠤᠭᠤᠴᠠᠭ᠋ᠠᠨ᠎ᠳᠤ ᠠ᠋ᠳᠦᠷᠵᠢᠨ ᠰᠦᠨᠢᠵᠢᠨ ᠵᠢᠵᠢᠭᠦᠷᠯᠡᠵᠦ᠂ ᠬᠠᠩᠰᠢ ᠵᠢᠨ ᠬᠤᠭᠤᠴᠠᠭ᠋ᠠᠨ᠎ᠤ ᠡᠯ᠎ᠡ ᠵᠦᠢ᠍ᠯ᠎ᠤᠨ ᠪᠠᠢ᠌ᠳᠠᠯ ᠪᠤᠯᠤᠨ ᠠᠰᠠᠭᠤᠳᠠᠯ᠎ᠢ ᠴᠠᠭ ᠲᠤᠬᠠᠢᠳᠤᠨᠢ ᠰᠢᠢ᠍ᠳᠪᠤᠷᠢᠯᠡᠵᠦ᠂ ᠬᠠᠩᠰᠢ ᠵᠢᠨ ᠬᠤᠭᠤᠴᠠᠭ᠋ᠠᠨ᠎ᠳᠤ ᠠᠮᠤᠷ ᠲᠦᠪᠰᠢᠨ ᠪᠠᠢ᠌ᠬᠤ ᠵᠢ ᠦᠨᠡᠨᠬᠦ ᠪᠠᠲᠤᠯᠠᠪᠠ᠃ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ 《ᠠᠯᠠᠱ᠌ᠠ ᠠᠢ᠌ᠮᠠᠭ᠎ᠤᠨ 2019 ᠤᠨ᠎ᠤ ᠬᠠᠩᠰᠢ ᠵᠢᠨ ᠲᠠᠬᠢᠯᠭ᠎ᠠ ᠵᠢᠨ ᠠᠵᠢᠯ᠎ᠤᠨ ᠲᠦᠰᠦᠪ》 ᠪᠤᠯᠤᠨ 《2019 ᠤᠨ᠎ᠤ ᠬᠠᠩᠰᠢ ᠵᠢᠨ ᠠ᠋ᠳᠦᠷ ᠠᠵᠢᠭᠯᠠᠯᠲᠠ ᠵᠢᠨ ᠴᠡᠭ ᠭᠠᠷᠭ᠋ᠠᠬᠤ ᠲᠦᠰᠦᠯ》᠎ᠢ ᠲᠤᠭᠲᠠᠭ᠋ᠠᠨ ᠲᠠᠷᠬᠠᠭ᠋ᠠᠪᠠ; ᠠᠢ᠌ᠮᠠᠭ᠎ᠤᠨ ᠤᠶᠤᠨ᠎ᠤ ᠪᠤᠯᠪᠠᠰᠤᠨ᠎ᠤ ᠪᠠᠢ᠌ᠭᠤᠯᠤᠯᠲᠠ ᠵᠢᠨ ᠠᠯᠪᠠᠨ ᠭᠡᠷ᠎ᠲᠠᠢ ᠬᠠᠮᠲᠤᠷᠠᠨ ᠠᠯᠠᠱ᠌ᠠ ᠠᠢ᠌ᠮᠠᠭ᠎ᠤᠨ ᠠ᠋ᠳᠦᠷ᠎ᠤᠨ ᠰᠤᠨᠢᠨ᠂ ᠠᠯᠠᠱ᠌ᠠ ᠵᠢᠨ ᠠᠷᠠᠳ᠎ᠤᠨ ᠶᠠᠪᠤᠳᠠᠯ᠎ᠤᠨ ᠸᠢᠴᠠᠲ᠎ᠤᠨ ᠤᠯᠠᠨ ᠨᠡᠢ᠌ᠲᠡ ᠵᠢᠨ ᠳ᠋ᠤᠭ᠋ᠠᠷ᠂ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠦᠯᠵᠢᠶᠡᠨ᠎ᠤ ᠦᠷᠲᠡᠭᠡ ᠵᠡᠷᠭᠡ ᠵᠠᠭᠤᠴᠢᠯᠠᠭᠤᠷ ᠳᠡᠭᠡᠷ᠎ᠡ 《ᠪᠤᠯᠪᠠᠰᠤᠨ ᠵᠢᠡᠷ ᠲᠠᠬᠢᠯᠭ᠎ᠠ ᠬᠢᠬᠦ ᠰᠠᠨᠠᠭ᠋ᠠᠴᠢᠯᠠᠭ᠎ᠠ ᠵᠢᠨ ᠪᠢᠴᠢᠭ》 ᠨᠡᠢ᠌ᠲᠡᠯᠡᠨ᠂ 《ᠭᠠᠰᠢᠭᠤᠳᠠᠭᠰᠠᠨ ᠰᠡᠳᠭᠢᠯᠭᠡ᠎ᠪᠠᠨ ᠲᠤᠷᠭ᠋ᠠᠨ ᠪᠦᠴᠡ᠎ᠪᠠᠷ ᠢᠯᠡᠳᠭᠡᠬᠦ》 ᠵᠡᠷᠭᠡ ᠠᠵᠢᠯᠯᠠᠭ᠎ᠠ ᠵᠢ ᠤᠬᠠᠭᠤᠯᠵᠦ᠂ ᠬᠠᠩᠰᠢ ᠵᠢᠨ ᠲᠠᠬᠢᠯᠭ᠎ᠠ ᠵᠢᠨ ᠤᠷᠭᠢᠯ᠎ᠠᠴᠠ ᠵᠠᠢ᠌ᠯᠠᠵᠦ ᠲᠠᠬᠢᠯᠭ᠎ᠠ ᠬᠢᠬᠦ᠂ ᠰᠦᠯᠵᠢᠶᠡᠨ ᠳᠡᠭᠡᠷ᠎ᠡ ᠲᠠᠬᠢᠯᠭ᠎ᠠ ᠬᠢᠬᠦ᠂ ᠰᠤᠷᠭᠤᠭ ᠴᠡᠴᠡᠭ ᠵᠢᠡᠷ ᠲᠠᠬᠢᠯᠭ᠎ᠠ ᠬᠢᠬᠦ ᠵᠢ ᠬᠡᠷᠡᠭᠵᠢᠭᠦᠯᠵᠦ᠂ ᠪᠤᠯᠪᠠᠰᠤᠨ ᠵᠢᠡᠷ ᠳᠣᠣᠷ᠎ᠠ ᠨᠡᠭᠦᠷᠡᠰᠦᠲᠦᠢ᠍ᠷᠦᠭᠴᠢ ᠵᠢᠨ ᠲᠠᠬᠢᠯᠭ᠎ᠠ ᠬᠢᠬᠦ ᠤᠨᠤᠯᠵᠢᠬᠤᠨ᠎ᠢ ᠢᠳᠡᠭ ᠢᠳᠡᠭ ᠵᠢᠡᠷ ᠨᠡᠢ᠌ᠭᠡᠮ ᠨᠡᠢ᠌ᠲᠡ ᠵᠢᠨ ᠤᠬᠠᠮᠰᠠᠷᠲᠦ ᠠᠵᠢᠯᠯᠠᠭ᠎ᠠ ᠪᠤᠯᠭ᠋ᠠᠬᠤ᠎ᠪᠠᠷ ᠴᠢᠷᠮᠠᠢ᠌ᠪᠠ᠃