3 ᠳ᠋ᠤᠭ᠋ᠠᠷ ᠰᠠᠷ᠎ᠠ ᠵᠢᠨ 7᠎ᠤ ᠠ᠋ᠳᠦᠷ ᠠᠯᠠᠱ᠌ᠠ ᠠᠢ᠌ᠮᠠᠭ᠎ᠤᠨ ᠵᠠᠬᠢᠷᠭ᠎ᠠ ᠵᠢᠨ ᠵᠦᠪᠰᠢᠶᠡᠷᠡᠯ ᠵᠢᠡᠷ᠂ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠪᠦᠬᠦ ᠠᠢ᠌ᠮᠠᠭ᠎ᠤᠨ 2019 ᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ ᠬᠤᠷᠠᠯᠳᠤᠭᠤᠯᠪᠠ᠃ ᠬᠤᠷᠠᠯ ᠳᠡᠭᠡᠷ᠎ᠡ ᠪᠦᠬᠦ ᠤᠷᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ᠎ᠤᠨ ᠵᠤᠷᠢᠭ ᠰᠠᠨᠠᠭ᠎ᠠ ᠵᠢ ᠤᠯᠠᠮᠵᠢᠯᠠᠵᠦ᠂ 2018 ᠤᠨ᠎ᠤ ᠠᠷᠠᠳ᠎ᠤᠨ ᠶᠠᠪᠤᠳᠠᠯ᠎ᠤᠨ ᠠᠵᠢᠯ ᠵᠢᠡᠨ ᠳ᠋ᠦᠩᠨᠡᠵᠦ᠂ 2019 ᠤᠨ᠎ᠤ ᠠᠵᠢᠯ᠎ᠤᠨ ᠠ᠋ᠭᠦᠷᠭᠡ᠎ᠪᠠᠨ ᠪᠠᠢ᠌ᠷᠢᠯᠠᠭᠤᠯᠪᠠ᠃ ᠡᠯ᠎ᠡ ᠬᠤᠰᠢᠭᠤᠨ (ᠲᠤᠭᠤᠷᠢᠭ)᠎ᠤ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠭᠤᠤᠯ ᠬᠠᠷᠢᠭᠤᠴᠠᠯᠭ᠋ᠠᠲᠠᠨ᠂ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠢ ᠬᠤᠪᠢᠳᠠᠨ ᠬᠠᠮᠢᠶᠠᠷᠴᠤ ᠪᠠᠢ᠌ᠬᠤ ᠳᠡᠳ᠋ ᠲᠤᠪᠴᠢᠶᠠᠨ ᠲᠠᠷᠤᠭ᠎ᠠ᠂ ᠨᠡᠢ᠌ᠭᠡᠮ᠎ᠤᠨ ᠳᠤᠰᠠᠯᠠᠮᠵᠢ ᠵᠢᠨ ᠠᠵᠢᠯ᠎ᠤᠨ ᠲᠦᠪ᠎ᠤᠨ ᠠ᠋ᠷᠬᠢᠯᠡᠭᠴᠢ ᠪᠤᠯᠤᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠪᠦᠬᠦ ᠺᠠᠳ᠋ᠷ ᠠᠵᠢᠯᠲᠠᠨ ᠬᠤᠷᠠᠯ᠎ᠳᠤ ᠤᠷᠤᠯᠴᠠᠵᠠᠢ᠃ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠳᠠᠷᠤᠭ᠎ᠠ ᠸᠠᠩ ᠢᠩ ᠰᠢᠶᠠᠩ ᠨᠦᠬᠦᠷ ᠠᠵᠢᠯ᠎ᠤᠨ ᠮᠡᠳᠡᠭᠦᠯᠦᠯᠲᠡ ᠬᠢᠵᠠᠢ᠃
ᠬᠤᠷᠠᠯ᠎ᠠᠴᠠ 2019 ᠤᠨ᠎ᠳᠤ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ ᠵᠢᠨ ᠨᠡᠢ᠌ᠭᠡᠮ᠎ᠤᠨ ᠳᠤᠰᠠᠯᠠᠮᠵᠢ ᠵᠢᠨ ᠪᠦᠬᠦᠨ᠎ᠢ ᠪᠠᠲᠤᠯᠠᠬᠤ ᠠᠵᠢᠯ᠎ᠢ ᠦᠷᠭᠦᠯᠵᠢᠯᠡᠨ ᠰᠠᠢ᠌ᠲᠤᠷ ᠠᠳᠬᠤᠵᠦ᠂ ᠨᠡᠢ᠌ᠭᠡᠮ᠎ᠤᠨ ᠳᠤᠰᠠᠯᠠᠮᠵᠢ ᠵᠢᠨ ᠲᠤᠭᠲᠠᠯᠴᠠᠭ᠎ᠠ ᠵᠢᠨ ᠪᠠᠢ᠌ᠭᠤᠯᠤᠯᠲᠠ ᠵᠢ ᠲᠠᠰᠤᠷᠠᠯᠲᠠ ᠦᠭᠡᠢ ᠴᠢᠩᠭ᠋ᠠᠳᠬᠠᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠡᠤ ᠴᠢᠳᠠᠮᠵᠢ ᠪᠤᠯᠤᠨ ᠬᠢᠷᠢ ᠲᠦᠪᠰᠢᠨ᠎ᠢ ᠬᠦᠴᠦᠯᠡᠨ ᠲᠡᠭᠡᠭᠰᠢᠯᠡᠭᠦᠯᠵᠦ᠂ ᠦᠨᠳᠦᠰᠦᠨ ᠱᠠᠲᠤᠨ᠎ᠤ ᠵᠠᠰᠠᠭ᠎ᠤᠨ ᠠ᠋ᠷᠬᠡ᠂ ᠨᠡᠢ᠌ᠭᠡᠮ ᠲᠤᠭᠤᠷᠢᠭ᠎ᠤᠨ ᠵᠠᠰᠠᠯᠲᠠ ᠪᠤᠯᠤᠨ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠢᠨᠡᠴᠢᠯᠡᠯᠲᠡ ᠵᠢ ᠦᠷᠭᠦᠯᠵᠢᠯᠡᠨ ᠠᠬᠢᠭᠤᠯᠵᠦ᠂ ᠨᠡᠢ᠌ᠭᠡᠮ᠎ᠤᠨ ᠬᠡᠷᠡᠭ ᠶᠠᠪᠤᠳᠠᠯ᠎ᠤᠨ ᠬᠠᠮᠢᠶᠠᠷᠤᠯᠲᠠ ᠪᠤᠯᠤᠨ ᠬᠡᠤᠬᠡᠳ᠎ᠤᠨ ᠠᠰᠠᠷᠠᠮᠵᠢ ᠵᠢᠨ ᠠᠵᠢᠯ᠎ᠢ ᠴᠢᠩᠭ᠋ᠠᠳᠬᠠᠵᠦ᠂ ᠤᠷᠤᠨ᠎ᠤ ᠬᠤᠪᠢᠶᠠᠷᠢᠯᠠᠯ᠎ᠳᠠᠬᠢ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠠᠵᠢᠯ᠎ᠢ ᠯᠠᠪᠳᠠᠭᠤᠨ ᠲᠤᠬᠢᠲᠠᠢ ᠠᠬᠢᠭᠤᠯᠤᠨ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ᠂ ᠨᠡᠢ᠌ᠭᠡᠮ᠎ᠤᠨ ᠠᠵᠢᠯ᠂ ᠨᠢᠭᠦᠯᠡᠰᠦᠩᠭᠦᠢ ᠪᠠ ᠰᠠᠢ᠌ᠨ ᠲᠤᠷ᠎ᠠ ᠵᠢᠨ ᠦᠢ᠍ᠯᠡᠴᠢᠯᠡᠭᠡᠨ᠎ᠤ ᠠ᠋ᠮᠬᠢ ᠵᠢᠷᠤᠮ᠎ᠲᠠᠢ ᠬᠦᠭᠵᠢᠬᠦ ᠵᠢ ᠬᠦᠲᠦᠯᠦᠨ ᠵᠢᠯᠤᠭᠤᠳᠤᠨ᠎ᠠ ᠭᠡᠵᠦ ᠲᠤᠲᠤᠷᠬᠠᠢ ᠲᠤᠭᠲᠠᠭ᠋ᠠᠵᠠᠢ᠃
ᠬᠤᠷᠠᠯ᠎ᠠᠴᠠ 2019 ᠤᠨ᠎ᠳᠤ ᠠᠷᠠᠳ᠎ᠤᠨ ᠶᠠᠪᠤᠳᠠᠯ᠎ᠤᠨ ᠠᠵᠢᠯ ᠦᠢ᠍ᠯᠡᠰ᠎ᠤᠨ ᠥᠭᠡᠷᠡᠴᠢᠯᠡᠯᠲᠡ ᠰᠢᠨᠡᠴᠢᠯᠡᠯᠲᠡ ᠵᠢ ᠭᠦᠨᠵᠡᠭᠡᠢ᠌ᠷᠡᠭᠦᠯᠵᠦ᠂ ᠪᠠᠢ᠌ᠭᠤᠯᠤᠮᠵᠢ ᠵᠢᠨ ᠦᠭᠡᠷᠡᠴᠢᠯᠡᠯᠲᠡ ᠵᠢᠨ ᠳᠠᠷᠠᠭ᠎ᠠ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠲᠤ ᠤᠯᠭᠤᠭᠰᠠᠨ ᠠ᠋ᠭᠦᠷᠭᠡ ᠲᠤᠰᠢᠶᠠᠯ᠎ᠤᠨ ᠰᠢᠨ᠎ᠡ ᠪᠠᠢ᠌ᠷᠢ ᠲᠤᠭᠲᠠᠭ᠋ᠠᠯᠲᠠ ᠵᠢ ᠦᠨᠳᠦᠰᠦᠯᠡᠨ᠂ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠠᠵᠢᠯ᠎ᠤᠨ ᠪᠠᠭᠤᠷᠠᠢ ᠲᠠᠯ᠎ᠠ᠂ ᠠᠵᠢᠯ᠎ᠤᠨ ᠲᠤᠲᠠᠭᠤᠳᠠᠯ᠂ ᠬᠦᠭᠵᠢᠯᠲᠡ ᠵᠢᠨ ᠪᠤᠭᠤᠮᠢ ᠵᠡᠷᠭᠡ ᠠᠰᠠᠭᠤᠳᠠᠯ᠎ᠢ ᠨᠠᠷᠢᠨ ᠬᠢᠨᠠᠮᠠᠭ᠋ᠠᠢ ᠪᠠᠢ᠌ᠴᠠᠭ᠋ᠠᠨ᠂ ᠠᠷᠠᠳ᠎ᠤᠨ ᠶᠠᠪᠤᠳᠠᠯ᠎ᠤᠨ 《ᠪᠠᠭᠤᠯᠭ᠋ᠠᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠵᠢ ᠰᠠᠢ᠌ᠵᠢᠷᠠᠭᠤᠯᠬᠤ ᠬᠡᠷᠡᠭᠲᠠᠢ᠃ ᠠᠷᠠᠳ᠎ᠤᠨ ᠶᠠᠪᠤᠳᠠᠯ᠎ᠤᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠴᠢᠩᠬᠭ᠋ᠠᠳᠬᠠᠵᠦ᠂ ᠠᠷᠠᠳ᠎ᠤᠨ ᠶᠠᠪᠤᠳᠠᠯ᠎ᠤᠨ ᠮᠡᠳᠡᠭᠡ ᠵᠠᠩᠭᠢᠵᠢᠯᠲᠠ ᠵᠢᠨ ᠪᠠᠢ᠌ᠭᠤᠯᠤᠯᠲᠠ ᠵᠢ ᠨᠢᠭᠡᠳᠦᠯᠲᠠᠢ ᠲᠦᠯᠦᠪᠯᠡᠨ᠂ ᠮᠡᠳᠡᠭᠡ ᠵᠠᠩᠭᠢ ᠵᠢᠨ ᠮᠡᠷᠭᠡᠵᠢᠯ ᠪᠤᠯᠤᠨ ᠠᠷᠠᠳ᠎ᠤᠨ ᠶᠠᠪᠤᠳᠠᠯ᠎ᠤᠨ ᠠᠵᠢᠯ᠎ᠤᠨ ᠭᠦᠨᠵᠡᠭᠡᠢ ᠠᠭᠤᠰᠤᠯᠴᠠᠭ᠎ᠠ ᠵᠢ ᠲᠦᠷᠭᠡᠳᠭᠡᠬᠦ ᠬᠡᠷᠡᠭᠲᠠᠢ᠃ ᠦᠨᠳᠦᠰᠦᠨ ᠱᠠᠲᠤᠨ᠎ᠤ ᠰᠠᠭᠤᠷᠢ ᠠᠵᠢᠯ᠎ᠢ ᠦᠷᠭᠦᠯᠵᠢᠯᠡᠨ ᠪᠡᠬᠢᠵᠢᠭᠦᠯᠦᠨ ᠴᠢᠩᠭ᠋ᠠᠳᠬᠠᠵᠦ᠂ ᠠᠵᠢᠯ᠎ᠤᠨ ᠶᠠᠪᠤᠴᠠ᠂ ᠦᠷ᠎ᠡ ᠪᠦᠲᠦᠮᠵᠢ᠎ᠪᠠᠨ ᠰᠢᠯᠢᠳᠡᠭᠵᠢᠭᠦᠯᠤᠨ ᠨᠡᠮᠡᠭᠳᠡᠭᠦᠯᠵᠦ᠂ ᠬᠤᠯᠪᠤᠭᠳᠠᠯ ᠪᠦᠬᠦᠢ ᠠᠵᠢᠯ᠎ᠢ ᠦᠨᠳᠦᠰᠦᠨ ᠱᠠᠲᠤᠨ᠎ᠳᠤ ᠨᠠᠢ᠌ᠳᠠᠪᠤᠷᠢᠵᠢᠭᠤᠯᠬᠤ ᠵᠢ ᠪᠦᠬᠦ ᠬᠦᠴᠦ᠎ᠪᠠᠷ ᠵᠢᠡᠨ ᠠᠬᠢᠭᠤᠯᠬᠤ ᠬᠡᠷᠡᠭᠲᠠᠢ᠃ ᠠᠶᠤᠯᠭᠦᠢ ᠦᠢ᠍ᠯᠡᠳᠪᠤᠷᠢᠯᠡᠯ ᠪᠤᠯᠤᠨ ᠵᠠᠬᠢᠳᠠᠯ ᠰᠤᠷᠪᠤᠯᠵᠢᠯᠠᠭ᠎ᠠ ᠵᠢᠨ ᠲᠤᠭᠲᠠᠭᠤᠨ ᠪᠠᠢ᠌ᠳᠠᠯ᠎ᠢ ᠬᠠᠮᠠᠭ᠋ᠠᠯᠠᠬᠤ ᠠᠵᠢᠯ᠎ᠢ ᠠ᠋ᠷᠡᠰ ᠰᠢᠭᠤᠷᠬᠠᠢ᠎ᠪᠠᠷ ᠰᠠᠢ᠌ᠲᠤᠷ ᠬᠢᠵᠦ᠂ ᠬᠠᠷᠢᠶ᠎ᠠ ᠭᠠᠵᠠᠷ᠎ᠤᠨ ᠬᠠᠮᠢᠶᠠᠷᠤᠯᠲᠠ ᠪᠤᠯᠤᠨ ᠠᠵᠢᠯ ᠲᠦᠷᠦᠯ᠎ᠤᠨ ᠬᠠᠮᠢᠶᠠᠷᠤᠯᠲᠠ ᠵᠢᠨ ᠵᠠᠷᠴᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ ᠠᠶᠤᠯ ᠲᠦᠭᠰᠢᠭᠦᠷᠢ ᠵᠢᠨ ᠳᠠᠯᠲᠠ ᠭᠡᠮ᠎ᠢ ᠪᠦᠬᠦ ᠲᠠᠯ᠎ᠠ᠎ᠪᠠᠷ ᠵᠢᠬᠰᠠᠭ᠋ᠠᠨ ᠪᠠᠢ᠌ᠴᠠᠭ᠋ᠠᠵᠦ ᠠᠷᠢᠯᠭ᠋ᠠᠨ᠂ ᠠᠵᠢᠯ᠎ᠤᠨ ᠠ᠋ᠬᠡ ᠲᠠᠩᠰᠨ ᠭᠠᠷᠭ᠋ᠠᠨ᠂ ᠠᠰᠠᠭᠤᠳᠠᠯ᠎ᠢ ᠤᠯᠵᠦ ᠮᠡᠳᠡᠮᠡᠭᠴᠡ ᠵᠠᠯᠠᠷᠠᠭᠤᠯᠵᠦ᠂ ᠦᠨᠴᠣᠭ᠌ ᠪᠤᠯᠤᠩ᠎ᠳᠤ ᠴᠤ᠌ ᠳᠠᠯᠲᠠ ᠭᠡᠮ ᠦᠯᠡᠳᠡᠭᠡᠬᠦ ᠦᠭᠡᠢ ᠪᠠᠢ᠌ᠴᠠᠭ᠋ᠠᠵᠤ ᠵᠠᠯᠠᠷᠠᠭᠤᠯᠬᠤ ᠵᠢ ᠪᠠᠲᠤᠯᠠᠬᠤ ᠬᠡᠷᠡᠭᠲᠠᠢ ᠭᠡᠵᠦ ᠴᠢᠬᠤᠯᠠᠴᠢᠯᠠᠵᠠᠢ᠃
ᠬᠤᠷᠠᠯ᠎ᠠᠴᠠ 2019 ᠤᠨ᠎ᠤ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠠᠵᠢᠯ᠎ᠢ ᠰᠠᠢ᠌ᠨ ᠬᠢᠬᠦ᠎ᠳᠤ᠂ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠦᠷᠭᠡᠵᠢᠭᠦᠯᠤᠨ ᠭᠦᠨᠵᠡᠭᠡᠢ᠌ᠷᠡᠭᠦᠯᠬᠦ ᠵᠢ ᠭᠤᠢ᠌ᠪᠢᠰᠢ ᠦᠭᠡᠢ᠎ᠪᠠᠷ ᠠᠬᠢᠭᠤᠯᠬᠤ ᠬᠡᠷᠡᠭᠲᠠᠢ᠃ ᠲᠦᠪ᠎ᠤᠨ ᠨᠠᠢ᠍ᠮᠠᠨ ᠵᠣᠷᠪᠣᠰ ᠲᠤᠭᠲᠠᠭ᠋ᠠᠯ᠎ᠢ ᠭᠦᠨᠵᠡᠭᠡᠢ ᠲᠤᠤᠱᠯᠠᠭᠤᠯᠤᠨ ᠨᠠᠠᠢ᠌ᠳᠠᠪᠤᠷᠢᠵᠢᠭᠤᠯᠵᠦ᠂ ᠠᠵᠢᠯ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠵᠦ᠂ 《ᠳᠦᠷᠪᠡᠨ ᠰᠤᠷᠲᠠᠯ》᠎ᠢ ᠦᠷᠭᠦᠯᠵᠢᠯᠡᠨ ᠴᠡᠭᠴᠡᠯᠡᠵᠦ ᠵᠠᠰᠠᠬᠤ ᠬᠡᠷᠡᠭᠲᠠᠢ᠃ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠪᠤᠯᠤᠨ ᠢᠯᠵᠠᠷᠠᠯ᠎ᠢ ᠠ᠋ᠰᠡᠷᠭᠦᠴᠡᠬᠦ ᠠᠵᠢᠯ᠎ᠢ ᠤᠯᠠᠮ ᠴᠢᠩᠭ᠋ᠠᠳᠬᠠᠵᠦ᠂ ᠠᠷᠠᠳ᠎ᠤᠨ ᠶᠠᠪᠤᠳᠠᠯ᠎ᠤᠨ ᠰᠢᠰᠲᠸᠮ᠎ᠤᠨ ᠢᠯᠵᠠᠷᠠᠯ᠎ᠢ ᠠ᠋ᠰᠡᠷᠬᠦᠴᠡᠨ ᠠᠷᠢᠭᠤᠨ ᠴᠢᠭᠡᠴᠢ ᠵᠢ ᠠ᠋ᠷᠬᠢᠮᠯᠡᠬᠦ ᠬᠦᠮᠦᠵᠢᠯ ᠪᠤᠯᠤᠨ ᠠᠷᠢᠭᠤᠨ ᠴᠢᠭᠡᠴᠢ᠎ᠪᠠᠷ ᠵᠠᠰᠠᠭ ᠪᠠᠷᠢᠬᠤ ᠵᠢᠨ ᠠᠶᠤᠯ ᠲᠦᠭᠰᠢᠭᠦᠷᠢ ᠵᠢ ᠰᠡᠷᠭᠡᠢ᠌ᠯᠡᠨ ᠬᠤᠷᠢᠬᠯᠠᠬᠤ ᠲᠤᠭᠲᠠᠴᠠ ᠵᠢ ᠪᠦᠷᠢᠨᠰᠢᠭᠦᠯᠬᠦ ᠬᠡᠷᠡᠭᠲᠠᠢ᠃ ᠠᠵᠢᠯᠯᠠᠵᠤ ᠪᠠᠢ᠌ᠭ᠎ᠠ ᠬᠦᠮᠤᠰ᠎ᠲᠤ ᠳᠤᠰᠬᠠᠢ᠌ᠵᠢᠯᠳᠠ᠂ ᠰᠢᠰᠲᠸᠮᠵᠢᠯᠲᠡ ᠵᠢᠨ ᠪᠤᠯᠪᠠᠰᠤᠷᠠᠯ ᠬᠦᠷᠲᠡᠭᠡᠬᠦ ᠠ᠋ᠷᠴᠢᠮ ᠵᠶ᠋ᠠᠨ ᠴᠢᠩᠭ᠋ᠠᠷᠠᠭᠤᠯᠤᠨ᠂ ᠺᠠᠳ᠋ᠷᠴᠤᠳ᠎ᠤᠨ ᠵᠣᠷᠢᠭᠲᠠᠢ᠎ᠪᠠᠷ ᠬᠠᠷᠢᠭᠤᠴᠠᠯᠭ᠎ᠠ ᠠ᠋ᠭᠦᠷᠭᠡᠯᠡᠨ ᠠᠮᠵᠢᠯᠲᠠ ᠪᠦᠲᠦᠭᠡᠯ ᠭᠠᠷᠭ᠋ᠠᠬᠤ ᠵᠢ ᠤᠷᠮᠠᠰᠢᠭᠤᠯᠤᠨ ᠵᠤᠷᠢᠬ᠍ᠵᠢᠭᠤᠯᠵᠦ᠂ ᠦᠨᠡᠨᠴᠢ ᠰᠢᠳᠤᠷᠭᠤ ᠠᠷᠢᠭᠤᠨ ᠴᠢᠭᠡᠴᠢ᠎ᠪᠠᠷ ᠠ᠋ᠭᠦᠷᠭᠡ ᠬᠠᠷᠢᠭᠤᠴᠠᠯᠭ᠎ᠠ ᠠ᠋ᠭᠦᠷᠭᠡᠯᠡᠨ᠂ ᠬᠡᠪ ᠪᠣᠯᠪᠠᠰᠤᠷᠠᠯ᠎ᠲᠠᠢ᠂ ᠲᠤᠰᠬᠠᠢ ᠮᠡᠷᠭᠡᠵᠢᠯ᠎ᠢ ᠡᠵᠡᠮᠰᠢᠭᠰᠡᠨ ᠠᠷᠠᠳ᠎ᠤᠨ ᠶᠠᠪᠤᠳᠠᠯ᠎ᠤᠨ ᠺᠠᠳ᠋ᠷᠴᠤᠳ᠎ᠤᠨ ᠠ᠋ᠩᠨᠡᠭᠡ ᠵᠢ ᠴᠤᠭᠴᠠᠯᠠᠨ ᠪᠠᠢ᠌ᠭᠤᠯᠬᠤ ᠬᠡᠷᠡᠭᠲᠠᠢ᠃ 《ᠳᠦᠷᠪᠡᠨ ᠵᠦᠢ᠍ᠯ᠎ᠤᠨ ᠨᠣᠶᠠᠨᠴᠢ ᠰᠤᠷᠲᠠᠯ》᠎ᠤᠨ ᠠᠰᠠᠭᠤᠳᠠᠯ᠎ᠢ ᠭᠦᠨᠵᠡᠭᠡᠢ ᠴᠡᠭᠴᠡᠯᠡᠨ ᠵᠠᠰᠠᠵᠤ᠂ ᠠᠯᠪᠠᠨ ᠪᠠᠢ᠌ᠭᠤᠯᠭ᠎ᠠ ᠵᠢᠨ ᠤᠯᠤᠰ ᠲᠦᠷᠦ ᠵᠢᠨ ᠠᠮᠢ ᠠᠬᠤᠢ ᠵᠢ ᠴᠡᠪᠡᠷᠰᠢᠭᠦᠯᠤᠨ᠂ ᠠᠷᠠᠳ᠎ᠤᠨ ᠶᠠᠪᠤᠳᠠᠯ᠎ᠤᠨ ᠬᠦᠷᠢᠶᠡᠨ᠎ᠳᠠᠬᠢ ᠠᠵᠢᠯ ᠵᠢᠡᠨ ᠦᠯᠤ ᠬᠢᠬᠦ᠂ ᠠᠯᠭᠤᠷᠯᠠᠬᠤ᠂ ᠬᠠᠭᠤᠷᠮᠠᠭ ᠵᠶ᠋ᠠᠷ ᠠᠵᠢᠯᠯᠠᠬᠤ᠂ ᠰᠠᠨᠠᠭ᠎ᠠ ᠳᠤᠷ᠎ᠠ᠎ᠪᠠᠷ ᠵᠶ᠋ᠠᠨ ᠦᠢ᠍ᠯᠡᠳᠬᠦ ᠵᠡᠷᠭᠡ ᠲᠤᠪᠤᠢ᠌ᠮ᠎ᠠ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠳᠭᠡᠵᠦ᠂ ᠦᠨᠡᠨ ᠠᠳᠬᠤᠵᠦ ᠪᠤᠳᠠᠲᠠᠢ ᠬᠢᠬᠦ᠂ ᠠᠵᠢᠯ ᠦᠢ᠍ᠯᠡᠰ ᠵᠢᠡᠨ ᠳᠡᠭᠡᠳᠤᠯᠡᠨ ᠴᠢᠷᠮᠠᠢ᠌ᠯᠭ᠎ᠠ ᠵᠢᠳᠭᠦᠯ ᠭᠠᠷᠭ᠋ᠠᠬᠤ᠂ ᠬᠠᠷᠢᠭᠤᠴᠠᠯᠭ᠎ᠠ ᠠ᠋ᠭᠦᠷᠭᠡᠯᠡᠨ ᠠᠮᠵᠢᠯᠲᠠ ᠪᠦᠲᠦᠭᠡᠯ ᠤᠯᠬᠤ ᠰᠠᠢ᠌ᠨ ᠠᠭᠤᠷ ᠠᠮᠢᠰᠬᠤᠯ᠎ᠢ ᠶᠡᠬᠡᠪᠡᠷ ᠪᠤᠢ ᠪᠤᠯᠭ᠋ᠠᠵᠦ᠂ ᠪᠦᠬᠦ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠠᠵᠢᠯ ᠦᠢ᠍ᠯᠡᠰ᠎ᠤᠨ ᠠ᠋ᠷᠡᠭᠦᠯ ᠬᠦᠭᠵᠢᠯᠲᠡ᠎ᠳᠤ ᠰᠠᠬᠢᠯᠭ᠎ᠠ ᠪᠠᠲᠦ ᠪᠤᠯᠤᠨ ᠠᠵᠢᠯ᠎ᠤᠨ ᠣᠪᠣᠷ ᠰᠤᠷᠲᠠᠯ᠎ᠤᠨ ᠪᠠᠲᠤᠯᠠᠭ᠎ᠠ ᠬᠠᠩᠭ᠋ᠠᠬᠤ ᠬᠡᠷᠡᠭᠲᠠᠢ ᠭᠡᠵᠦ ᠱᠠᠭ᠋ᠠᠷᠳᠠᠵᠠᠢ᠃