3 ᠳ᠋ᠤᠭ᠋ᠠᠷ ᠰᠠᠷ᠎ᠠ ᠵᠢᠨ 29᠎ᠤ ᠠ᠋ᠳᠦᠷ ᠤᠯᠠᠭ᠋ᠠᠨᠬᠠᠳᠠ ᠬᠤᠲᠠ ᠠᠷᠠᠳ᠎ᠤᠨ ᠶᠠᠪᠤᠳᠠᠯ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠠᠢ᠃ ᠬᠤᠲᠠ ᠵᠢᠨ ᠵᠠᠰᠠᠭ᠎ᠤᠨ ᠤᠷᠳᠤᠨ᠎ᠤ ᠳᠡᠳ᠋ ᠳᠠᠷᠤᠭ᠎ᠠ ᠱᠸᠩ ᠰᠢᠶᠤᠤ ᠶᠢᠤ ᠬᠤᠷᠠᠯ᠎ᠳᠤ ᠤᠷᠤᠯᠴᠠᠨ ᠶᠠᠷᠢᠶ᠎ᠠ ᠲᠠᠯᠪᠢᠵᠦ᠂ ᠬᠤᠲᠠ ᠵᠢᠨ ᠵᠠᠰᠠᠭ᠎ᠤᠨ ᠤᠷᠳᠤᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ ᠰᠦᠨ ᠭᠤᠸᠠᠩ ᠲᠦᠩ ᠬᠤᠷᠠᠯ᠎ᠢ ᠠ᠋ᠷᠬᠢᠯᠡᠪᠡ᠃ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠳᠠᠷᠤᠭ᠎ᠠ ᠶᠠᠨ ᠴᠢᠩ ᠴᠢᠩ 2018 ᠤᠨ᠎ᠤ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠠᠵᠢᠯ᠎ᠢ ᠳ᠋ᠦᠩᠨᠡᠭᠰᠡᠨ ᠪᠦᠭᠡᠳ 2019 ᠤᠨ᠎ᠤ ᠠᠵᠢᠯ᠎ᠤᠨ ᠠ᠋ᠭᠦᠷᠭᠡ᠎ᠪᠠᠨ ᠪᠠᠢ᠌ᠷᠢᠯᠠᠭᠤᠯᠵᠠᠢ᠃
ᠱᠸᠩ ᠰᠢᠶᠤᠤ ᠶᠢᠤ ᠶᠠᠷᠢᠶᠠᠨ᠎ᠳᠠᠭᠠᠨ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ᠎ᠬᠢᠨ ᠭᠤᠤᠯᠳᠠᠯᠭ᠎ᠠ ᠵᠢ ᠲᠤᠪᠤᠢ᠌ᠯᠭ᠋ᠠᠨ᠂ ᠬᠠᠷᠢᠭᠤᠴᠠᠯᠭ᠎ᠠ ᠵᠢ ᠪᠤᠳᠠᠲᠠᠢ᠌ᠵᠢᠭᠤᠯᠵᠦ᠂ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ ᠠᠷᠠᠳ᠎ᠤᠨ ᠠᠮᠢᠳᠤᠷᠠᠯ᠎ᠢ ᠪᠠᠲᠤᠯᠠᠬᠤ ᠠᠵᠢᠯ᠎ᠤᠨ ᠰᠢᠨ᠎ᠡ ᠦᠷ᠎ᠡ ᠪᠦᠲᠦᠮᠵᠢ ᠵᠢ ᠣᠯᠬᠤ᠎ᠪᠠᠷ ᠬᠦᠴᠦᠯᠡᠨ ᠴᠢᠷᠮᠠᠢ᠌ᠬᠤ ᠬᠡᠷᠡᠭᠲᠠᠢ᠃ ᠶᠠᠳᠠᠭᠤ᠎ᠠᠴᠠ ᠠᠩᠭᠢᠵᠢᠷᠠᠭᠤᠯᠬᠤ᠎ᠳᠤ ᠲᠤᠰᠠ ᠬᠢᠬᠦ ᠵᠢ ᠴᠢᠬᠤᠯᠠ ᠶᠡᠬᠡ ᠬᠠᠷᠢᠭᠤᠴᠠᠯᠭ᠎ᠠ ᠪᠤᠯᠭ᠋ᠠᠵᠦ᠂ ᠶᠠᠳᠠᠭᠤ᠎ᠠᠴᠠ ᠠᠩᠭᠢᠵᠢᠷᠠᠭᠤᠯᠬᠤ ᠠᠵᠢᠯ᠎ᠤᠨ ᠪᠤᠭᠤᠮᠲᠠ ᠰᠢᠪᠲᠤᠯᠬᠤ ᠲᠠᠢ᠌ᠯᠠᠯᠳᠤᠭ᠋ᠠᠨ᠎ᠤ ᠪᠦᠬᠦ ᠲᠠᠯ᠎ᠠ ᠵᠢᠨ ᠢᠯᠠᠯᠲᠠ ᠵᠢ ᠤᠯᠬᠤ ᠵᠢ ᠮᠠᠭ᠋ᠠᠳ ᠪᠠᠲᠤᠯᠠᠵᠦ᠂ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ ᠶᠠᠪᠤᠳᠠᠯ᠎ᠢ ᠦᠨᠳᠦᠰᠦᠨ ᠵᠤᠷᠢᠯᠲᠠ ᠠ᠋ᠭᠦᠷᠭᠡ ᠬᠠᠷᠢᠭᠤᠴᠠᠯᠭ᠎ᠠ ᠪᠤᠯᠭ᠋ᠠᠵᠦ᠂ ᠠᠷᠠᠳ ᠤᠯᠠᠨ᠎ᠤ ᠬᠦᠷᠲᠡᠮᠵᠢ ᠵᠢᠨ ᠲᠦᠷᠦᠭᠳᠡᠯ᠎ᠢ ᠲᠠᠰᠤᠷᠠᠯᠲᠠ ᠦᠭᠡᠢ ᠨᠡᠮᠡᠭᠳᠡᠭᠦᠯᠬᠦ ᠬᠡᠷᠡᠭᠲᠠᠢ᠃ ᠦᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠦᠨᠳᠦᠰᠦᠨ ᠬᠦᠳᠡᠯᠭᠡᠭᠴᠢ ᠬᠦᠴᠦ ᠪᠤᠯᠭ᠋ᠠᠵᠦ᠂ ᠨᠡᠢ᠌ᠭᠡᠮ᠎ᠤᠨ ᠪᠠᠲᠤᠯᠠᠭ᠎ᠠ ᠵᠢᠨ ᠲᠤᠤᠷ᠎ᠢ ᠨᠢᠬᠲᠠ ᠰᠦᠯᠵᠢᠵᠦ ᠰᠠᠢ᠌ᠨ ᠪᠡᠬᠢᠯᠡᠵᠦ᠂ ᠠᠮᠤᠷ ᠲᠦᠪᠰᠢᠨ ᠲᠤᠭᠲᠠᠭᠤᠨ ᠵᠶ᠋ᠠᠷ ᠬᠦᠭᠵᠢᠭᠦᠯᠤᠨ᠂ ᠬᠦᠨᠳᠦ ᠶᠡᠬᠡ ᠠᠶᠤᠯ ᠲᠦᠭᠰᠢᠭᠦᠷᠢ ᠵᠢ ᠴᠢᠩᠭ᠎ᠠ ᠰᠡᠷᠭᠡᠢ᠌ᠯᠡᠬᠦ ᠬᠡᠷᠡᠭᠲᠠᠢ᠃ ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠠᠵᠢᠯ᠎ᠢ ᠦᠷᠭᠡᠵᠢᠭᠦᠯᠤᠨ ᠭᠦᠨᠵᠡᠭᠡᠢ᠌ᠷᠡᠭᠦᠯᠵᠤ᠂ ᠤᠳᠠᠭ᠋ᠠᠨ ᠲᠠᠭ᠋ᠠᠭ᠋ᠠᠮᠠᠭ᠋ᠠᠢ ᠠᠬᠢᠭᠤᠯᠬᠤ ᠬᠡᠷᠡᠭᠲᠠᠢ ᠭᠡᠵᠦ ᠴᠢᠬᠤᠯᠠᠴᠢᠯᠠᠵᠠᠢ᠃
ᠬᠤᠷᠠᠯ᠎ᠠᠴᠠ 2019 ᠤᠨ᠎ᠳᠤ ᠪᠦᠬᠦ ᠬᠤᠲᠠ ᠵᠢᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠠ᠋ᠷᠬᠡᠪᠰᠢ ᠲᠦᠪ ᠬᠤᠷᠢᠶ᠎ᠠ᠂ ᠥᠪᠡᠷᠳᠡᠭᠡᠨ ᠵᠠᠰᠠᠬᠤ ᠤᠷᠤᠨ ᠪᠤᠯᠤᠨ ᠬᠤᠲᠠ ᠵᠢᠨ ᠨᠠᠮ᠎ᠤᠨ ᠬᠤᠷᠢᠶ᠎ᠠ ᠵᠠᠰᠠᠭ᠎ᠤᠨ ᠤᠷᠳᠤᠨ᠎ᠤ ᠰᠢᠢ᠍ᠳᠪᠤᠷᠢᠲᠦ ᠪᠤᠳᠤᠯᠭ᠎ᠠ ᠵᠢᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠲᠤᠤᠱᠯᠠᠠᠭᠤᠯᠤᠨ ᠨᠠᠢ᠌ᠳᠠᠪᠤᠷᠢᠵᠢᠭᠤᠯᠵᠦ᠂ ᠡᠯ᠎ᠡ ᠵᠦᠢ᠍ᠯ᠎ᠤᠨ ᠭᠤᠤᠯᠳᠠᠯᠭ᠎ᠠ᠎ᠲᠠᠢ ᠠᠵᠢᠯ ᠵᠢᠡᠨ ᠯᠠᠪᠳᠠᠭᠤᠨ ᠪᠠᠲᠤᠲᠠᠢ ᠠᠬᠢᠭᠤᠯᠬᠤ ᠬᠡᠷᠡᠭᠲᠠᠢ ᠭᠡᠵᠡᠢ᠃
ᠨᠠᠰᠤᠲᠠᠳ᠎ᠢ ᠠᠰᠠᠷᠠᠬᠤ ᠬᠦᠷᠢᠶᠡᠯᠡᠩ᠎ᠤᠨ ᠦᠢ᠍ᠯᠡᠴᠢᠯᠡᠭᠡᠨ᠎ᠤ ᠶᠠᠰᠦ ᠴᠢᠨᠠᠷ᠎ᠤᠨ ᠪᠠᠢ᠌ᠭᠤᠯᠤᠯᠲᠠ ᠵᠢᠨ ᠲᠤᠰᠬᠠᠢ ᠠᠵᠢᠯᠯᠠᠭ᠎ᠠ ᠵᠢ ᠭᠦᠨᠵᠡᠭᠡᠢ ᠦᠷᠨᠢᠭᠦᠯᠦᠨ᠂ ᠨᠠᠰᠤᠲᠠᠳ᠎ᠢ ᠠᠰᠠᠷᠠᠬᠤ ᠦᠢ᠍ᠯᠡᠴᠢᠯᠡᠭᠡᠨ᠎ᠤ ᠪᠠᠷᠢᠮᠵᠢᠶᠠᠨ᠎ᠤ ᠪᠠᠢ᠌ᠭᠤᠯᠤᠯᠲᠠ ᠪᠤᠯᠤᠨ ᠨᠠᠰᠤᠲᠠᠳ᠎ᠢ ᠠᠰᠠᠷᠠᠬᠤ ᠬᠦᠷᠢᠶᠡᠯᠡᠩ᠎ᠢ ᠲᠦᠪᠯᠡᠷᠡᠩᠭᠦᠢ ᠴᠡᠭᠴᠡᠯᠡᠨ ᠵᠠᠰᠠᠬᠤ ᠠᠵᠢᠯ ᠵᠶ᠋ᠠᠨ ᠲᠦᠷᠭᠡᠳᠭᠡᠨ᠂ ᠤᠨᠴᠠ ᠬᠦᠴᠢᠷᠳᠡᠯ᠎ᠲᠠᠢ ᠬᠦᠮᠦᠰ᠎ᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠵᠢᠨ ᠪᠦᠬᠦᠨ᠎ᠢ ᠪᠠᠲᠤᠯᠠᠬᠤ ᠴᠢᠳᠠᠪᠤᠷᠢ ᠵᠢ ᠲᠡᠭᠡᠭᠰᠢᠯᠡᠭᠦᠯᠬᠦ ᠬᠡᠷᠡᠭᠲᠠᠢ᠃ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠰᠢᠨᠡᠴᠢᠯᠡᠯᠲᠡ ᠵᠢ ᠦᠷᠭᠦᠯᠵᠢᠯᠡᠨ ᠴᠢᠩᠭ᠋ᠠᠳᠬᠠᠵᠦ᠂ ᠨᠠᠮ᠎ᠤᠨ ᠵᠤᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ ᠲᠤᠤᠷᠠᠬᠢ ᠦᠨᠳᠦᠰᠦᠨ ᠱᠠᠲᠤᠨ᠎ᠤ ᠤᠯᠠᠨ ᠲᠦᠮᠡᠨ᠎ᠤ ᠥᠪᠡᠷᠳᠡᠭᠡᠨ ᠵᠠᠰᠠᠬᠤ ᠲᠤᠭᠲᠠᠴᠠ ᠵᠢ ᠤᠯᠠᠮ ᠲᠡᠭᠦᠯᠳᠡᠷᠵᠢᠭᠦᠯᠦᠨ᠂ ᠭᠠᠴᠠᠭ᠎ᠠ ᠲᠤᠰᠬᠤᠨ᠎ᠤ 《ᠬᠤᠶᠠᠷ ᠵᠦᠪᠯᠡᠯ》᠎ᠤᠨ ᠬᠤᠭᠤᠴᠠᠭ᠎ᠠ ᠰᠤᠯᠢᠬᠤ ᠵᠢᠨ 《ᠠ᠋ᠷᠬᠢᠨ ᠪᠠᠢ᠌ᠴᠠᠭ᠋ᠠᠵᠦ ᠦᠵᠡᠬᠦ》 ᠠᠵᠢᠯ᠎ᠢ ᠰᠠᠢ᠌ᠲᠤᠷ ᠬᠢᠬᠦ ᠬᠡᠷᠡᠭᠲᠠᠢ᠃ 《ᠬᠠᠷ᠎ᠠ ᠪᠦᠯᠦᠭᠲᠡᠨ ᠬᠠᠷᠬᠢᠰ ᠬᠦᠴᠦᠨ》᠎ᠢ ᠠᠷᠢᠯᠭ᠋ᠠᠬᠤ ᠲᠤᠰᠬᠠᠢ ᠲᠡᠮᠡᠴᠡᠯ᠎ᠢ ᠰᠠᠢ᠌ᠲᠤᠷ ᠦᠷᠨᠢᠭᠦᠯᠦᠨ᠂ ᠲᠤᠰᠬᠤᠨ᠎ᠤ ᠱᠠᠲᠤᠨ᠎ᠤ ᠬᠡᠷᠡᠭ ᠶᠠᠪᠤᠳᠠᠯ᠎ᠢ ᠠᠷᠠᠳᠴᠢᠯᠠᠯ ᠵᠢᠡᠷ ᠬᠠᠮᠢᠶᠠᠷᠬᠤ ᠪᠠ ᠲᠤᠰᠬᠤᠨ᠎ᠤ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠴᠢᠩᠭ᠋ᠠᠳᠬᠠᠬᠤ ᠬᠡᠷᠡᠭᠲᠠᠢ᠃ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ ᠵᠶ᠋ᠠᠷ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢ ᠬᠦᠲᠦᠯᠦᠨ ᠠ᠋ᠷᠡᠭᠦᠯ ᠰᠠᠢ᠌ᠨ ᠠ᠋ᠮᠬᠢ ᠵᠢᠷᠤᠮ᠎ᠲᠠᠢ ᠬᠦᠭᠵᠢᠭᠦᠯᠬᠦ ᠬᠡᠷᠡᠭᠲᠠᠢ᠃ ᠤᠷᠤᠰᠢᠭᠤᠯᠭ᠎ᠠ ᠵᠢᠨ ᠦᠭᠡᠷᠡᠴᠢᠯᠡᠯᠲᠡ ᠵᠢ ᠢᠲᠡᠪᠬᠢᠲᠠᠢ ᠠᠬᠢᠭᠤᠯᠤᠨ᠂ ᠠᠷᠠᠳ ᠤᠯᠠᠨ᠎ᠤ ᠤᠷᠤᠰᠢᠭᠤᠯᠭ᠎ᠠ ᠵᠢᠨ ᠦᠢ᠍ᠯᠡᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠡᠩ ᠰᠠᠢ᠌ᠨ ᠬᠠᠩᠭ᠋ᠠᠬᠤ ᠬᠡᠷᠡᠭᠲᠠᠢ᠃ ᠤᠷᠤᠭ ᠬᠤᠷᠢᠮ᠎ᠤᠨ ᠵᠠᠩ ᠲᠠᠳᠬᠠᠯ᠎ᠤᠨ ᠦᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠤᠷᠤᠭ ᠳᠠᠩᠰᠠᠯᠠᠯᠲᠠ ᠵᠢᠨ ᠪᠠᠢ᠌ᠭᠤᠯᠤᠮᠵᠢ ᠵᠢᠨ ᠲᠦᠷᠢᠮᠵᠢᠭᠰᠡᠨ ᠬᠠᠮᠢᠶᠠᠷᠤᠯᠲᠠ ᠵᠢ ᠴᠢᠩᠭ᠋ᠠᠳᠬᠠᠬᠤ ᠬᠡᠷᠡᠭᠲᠠᠢ᠃ ᠬᠡᠤᠬᠡᠳ᠎ᠤᠨ ᠠᠰᠠᠷᠠᠮᠵᠢ ᠵᠢᠨ ᠲᠦᠷᠦ ᠵᠢᠨ ᠪᠤᠳᠤᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ 《ᠬᠡᠤᠬᠡᠳ᠎ᠤᠨ ᠭᠡᠷ》᠎ᠤᠨ ᠪᠠᠢ᠌ᠭᠤᠯᠤᠯᠲᠠ ᠵᠢᠨ ᠠ᠋ᠷᠴᠢᠮ᠎ᠢ ᠴᠢᠩᠭ᠋ᠠᠷᠠᠭᠤᠯᠵᠦ᠂ ᠭᠡᠷ᠎ᠲᠡᠭᠡᠨ ᠬᠤᠴᠤᠷᠤᠭᠰᠠᠨ (ᠬᠦᠴᠢᠷᠳᠡᠯ᠎ᠲᠠᠢ) ᠬᠡᠤᠬᠡᠳ᠎ᠤᠨ ᠠᠮᠢᠳᠤᠷᠠᠯ᠎ᠢ ᠪᠠᠲᠤᠯᠠᠬᠤ ᠪᠠ ᠪᠦᠬᠦᠨ᠎ᠢ ᠬᠠᠷᠠᠭ᠋ᠠᠯᠵᠠᠨ ᠬᠠᠮᠢᠶᠠᠷᠬᠤ ᠬᠠᠷᠢᠭᠤᠴᠠᠯᠭ᠎ᠠ ᠵᠢ ᠦᠨᠡᠨᠬᠦ ᠰᠠᠢ᠌ᠲᠤᠷ ᠭᠦᠢ᠍ᠴᠡᠳᠭᠡᠬᠦ ᠬᠡᠷᠡᠭᠲᠠᠢ᠃ ᠭᠠᠵᠠᠷ᠎ᠤᠨ ᠨᠡᠷ᠎ᠡ ᠵᠢᠨ ᠬᠠᠮᠢᠶᠠᠷᠤᠯᠲᠠ ᠵᠢᠨ ᠠᠵᠢᠯ᠎ᠢ ᠯᠠᠪᠳᠠᠭᠤᠨ ᠠᠬᠢᠭᠤᠯᠵᠦ᠂ ᠳᠦᠷᠢᠮᠵᠢᠯ ᠦᠭᠡᠢ ᠭᠠᠵᠠᠷ᠎ᠤᠨ ᠨᠡᠷ᠎ᠡ᠎ᠤᠨ ᠪᠠᠢ᠌ᠴᠠᠭ᠋ᠠᠨ ᠴᠡᠭᠴᠡᠯᠡᠬᠦ ᠠᠵᠢᠯ᠎ᠢ ᠭᠦᠨᠵᠡᠭᠡᠢ ᠦᠷᠨᠢᠭᠦᠯᠵᠦ᠂ ᠬᠤᠶᠠᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠭᠠᠵᠠᠷ᠎ᠤᠨ ᠨᠡᠷ᠎ᠡ ᠵᠢ ᠨᠡᠢ᠌ᠲᠡᠮ ᠪᠠᠢ᠌ᠴᠠᠭ᠋ᠠᠬᠰᠠᠨ ᠦᠷ᠎ᠡ ᠪᠦᠲᠦᠭᠡᠯ᠎ᠢ ᠬᠤᠪᠢᠷᠠᠭᠤᠯᠤᠨ ᠠᠰᠢᠬᠯᠠᠬᠤ ᠠᠵᠢᠯ᠎ᠢ ᠦᠷᠭᠦᠯᠵᠢᠯᠡᠨ ᠠᠬᠢᠭᠤᠯᠬᠤ ᠬᠡᠷᠡᠭᠲᠠᠢ ᠭᠡᠵᠦ ᠱᠠᠭ᠋ᠠᠷᠳᠠᠵᠠᠢ᠃
ᠬᠤᠷᠠᠯ᠎ᠠᠴᠠ ᠬᠤᠷᠢᠭ᠎ᠠ ᠴᠡᠭᠡᠷ᠎ᠤᠨ ᠰᠡᠳᠭᠢᠬᠦᠢ ᠵᠢ ᠪᠠᠷᠢᠮᠲᠠᠯᠠᠨ᠂ ᠬᠦᠨᠳᠦ ᠶᠡᠬᠡ ᠠᠶᠤᠯ ᠲᠦᠭᠰᠢᠭᠦᠷᠢ ᠵᠢ ᠴᠢᠩᠭ᠎ᠠ ᠰᠡᠷᠭᠡᠢ᠌ᠯᠡᠬᠦ ᠬᠡᠷᠡᠭᠲᠠᠢ᠃ ᠪᠦᠬᠦ ᠬᠤᠲᠠ ᠵᠢᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ ᠭᠠᠵᠠᠷ ᠤᠷᠤᠨ᠎ᠤ᠎ᠪᠠᠨ ᠠᠷᠠᠳ᠎ᠤᠨ ᠶᠠᠪᠤᠳᠠᠯ᠎ᠤᠨ ᠬᠦᠷᠢᠶᠡᠨ᠎ᠳᠤ ᠤᠷᠤᠰᠢᠵᠦ ᠪᠠᠢ᠌ᠬᠤ ᠠᠶᠤᠯ ᠲᠦᠭᠰᠢᠭᠦᠷᠢ ᠵᠢᠨ ᠳᠠᠯᠲᠠ ᠭᠡᠮ᠎ᠢ ᠪᠦᠬᠦ ᠲᠠᠯ᠎ᠠ᠎ᠪᠠᠷ ᠠ᠋ᠮᠬᠢ ᠵᠢᠷᠤᠮ᠎ᠲᠠᠢ ᠪᠠᠢ᠌ᠴᠠᠭ᠋ᠠᠨ᠂ ᠰᠡᠷᠭᠡᠢ᠌ᠯᠡᠯᠲᠡ᠎ᠪᠠᠨ ᠴᠢᠩᠭ᠋ᠠᠳᠬᠠᠵᠤ᠂ ᠬᠡᠷᠡᠭ᠎ᠢ ᠭᠠᠷᠬᠤ᠎ᠠᠴᠠ᠎ᠨᠢ ᠠ᠋ᠮᠦᠨ᠎ᠡ ᠰᠡᠷᠭᠡᠢ᠌ᠯᠡᠬᠦ ᠬᠡᠷᠡᠭᠲᠠᠢ᠃ ᠠᠷᠠᠳ᠎ᠤᠨ ᠶᠠᠪᠤᠳᠠᠯ᠎ᠤᠨ ᠬᠡᠪᠴᠢᠶ᠎ᠡ ᠬᠦᠷᠢᠶᠡᠨ᠎ᠤ ᠦᠭᠡᠷᠡᠴᠢᠯᠡᠯᠲᠡ ᠰᠢᠨᠡᠴᠢᠯᠡᠯᠲᠡ ᠵᠢ ᠴᠢᠩᠭ᠋ᠠᠳᠬᠠᠵᠦ᠂ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠦᠢ᠍ᠯᠡᠴᠢᠯᠡᠭᠡᠨ᠎ᠤ ᠪᠠᠲᠤᠯᠠᠪᠤᠷᠢ ᠵᠢ ᠰᠠᠢ᠌ᠲᠤᠷ ᠳᠡᠭᠡᠭᠰᠢᠯᠡᠭᠦᠯᠬᠦ ᠬᠡᠷᠡᠭᠲᠠᠢ ᠭᠡᠵᠦ ᠴᠢᠬᠤᠯᠠᠴᠢᠯᠠᠪᠠ᠃
ᠡᠯ᠎ᠡ ᠬᠤᠰᠢᠭᠤ ᠰᠢᠶᠠᠨ ᠲᠤᠭᠤᠷᠢᠭ᠎ᠤᠨ ᠬᠤᠪᠢᠳᠠᠨ ᠬᠠᠮᠢᠶᠠᠷᠴᠤ ᠪᠠᠢ᠌ᠬᠤ ᠬᠣᠰᠢᠭᠤ᠂ ᠰᠢᠶᠠᠨ᠂ ᠲᠤᠭᠤᠷᠢᠭ᠎ᠤᠨ ᠳᠡᠳ᠋ ᠳᠠᠷᠤᠭ᠎ᠠ᠂ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠳᠠᠷᠤᠭ᠎ᠠ᠂ ᠠᠯᠪᠠᠨ ᠭᠡᠷ᠎ᠤᠨ ᠠ᠋ᠷᠬᠢᠯᠡᠭᠴᠢ᠂ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠤ ᠤᠳᠤᠷᠢᠳᠬᠤ ᠪᠠᠭ᠎ᠤᠨ ᠪᠦᠷᠢᠯᠳᠦᠬᠦᠨ᠂ ᠡᠯ᠎ᠡ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠵᠢᠴᠢ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠬᠠᠷᠢᠭᠤᠴᠠᠯᠭ᠋ᠠᠲᠠᠨ ᠬᠤᠷᠠᠯ᠎ᠳᠤ ᠤᠷᠤᠯᠴᠠᠵᠠᠢ᠃
