ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠ᠋ᠷᠢᠶᠡᠨ ᠬᠣᠲᠠ ᠵᠢᠨ ᠠᠷᠠᠳ᠎ᠤᠨ ᠶᠠᠪᠤᠳᠠᠯ ᠨᠡᠢ᠌ᠬᠡᠮ᠎ᠤᠨ ᠪᠠᠲᠤᠯᠠᠭ᠎ᠠ ᠵᠢᠨ ᠳᠣᠪᠴᠢᠶ᠎ᠠ ᠬᠣᠯᠪᠤᠭᠳᠠᠯ ᠪᠦᠬᠦᠢ ᠨᠢᠭᠡᠴᠢ᠎ᠲᠠᠢ ᠬᠠᠮᠲᠤ᠎ᠪᠠᠷ ᠭᠣᠣᠯ ᠰᠡᠳᠣᠪᠲᠤ ᠨᠠᠮ᠎ᠤᠨ ᠠ᠋ᠳᠤᠷ᠎ᠤᠨ ᠠᠵᠢᠯᠯᠠᠭ᠋ᠠᠨ᠎ᠢ ᠦᠷᠨᠢᠭᠦᠯᠵᠠᠢ
ᠨᠡᠶᠢᠲᠡᠯᠡᠭᠰᠡᠨ ᠴᠠᠭ᠄ 2019-04-03

           

     3 ᠳ᠋ᠤᠭ᠋ᠠᠷ ᠰᠠᠷ᠎ᠠ ᠪᠤᠯ ᠯᠸᠢ ᠹᠸᠩ᠎ᠠᠴᠠ ᠰᠤᠷᠤᠯᠴᠠᠬᠤ ᠰᠠᠷ᠎ᠠ ᠮᠦᠨ᠃ 3 ᠳ᠋ᠤᠭ᠋ᠠᠷ ᠰᠠᠷ᠎ᠠ ᠵᠢᠨ 26᠎ᠤ ᠠ᠋ᠳᠤᠷ ᠠ᠋ᠷᠢᠶᠡᠨ ᠬᠣᠲᠠ ᠵᠢᠨ ᠠᠷᠠᠳ᠎ᠤᠨ ᠶᠠᠪᠤᠳᠠᠯ ᠨᠡᠢ᠌ᠬᠡᠮ᠎ᠤᠨ ᠪᠠᠲᠤᠯᠠᠭ᠎ᠠ ᠵᠢᠨ ᠳᠣᠪᠴᠢᠶᠠᠨ᠎ᠤ ᠪᠠᠢ᠌ᠭᠤᠯᠭ᠎ᠠ ᠵᠢᠨ ᠨᠠᠮ᠎ᠤᠨ ᠠ᠋ᠭᠦᠷ ᠬᠣᠲᠠ ᠵᠢᠨ ᠵᠠᠰᠠᠭ᠎ᠤᠨ ᠤᠷᠳᠤᠨ᠎ᠤ ᠠᠯᠪᠠᠨ ᠭᠡᠷ᠎ᠤᠨ ᠨᠠᠮ᠎ᠤᠨ ᠠ᠋ᠭᠦᠷ᠎ᠲᠠᠢ ᠬᠠᠮᠲᠤᠷᠠᠨ ᠨᠡᠢ᠌ᠬᠡᠮ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠪ᠎ᠲᠤ ᠬᠦᠷᠴᠤ 〈〈ᠬᠤᠪᠢᠰᠬᠠᠯᠲᠤ ᠤᠯᠠᠮᠵᠢᠯᠠᠯ ᠵᠶ᠋ᠠᠨ ᠵᠠᠯᠭ᠋ᠠᠮᠵᠢᠯᠠᠨ᠂ ᠯᠸᠢ ᠹᠸᠩ᠎ᠤᠨ ᠵᠣᠷᠢᠭ ᠰᠠᠨᠠᠭ᠎ᠠ ᠵᠢ ᠦᠢ᠍ᠯᠡᠳᠤᠯᠭᠡᠵᠢᠭᠦᠯᠵᠤ᠂ ᠨᠠᠮ᠎ᠤᠨ ᠠ᠋ᠭᠦᠷ ᠵᠶ᠋ᠠᠷ ᠵᠶ᠋ᠠᠨ ᠬᠢᠷᠢ ᠲᠡᠩᠴᠡᠭᠰᠡᠨ ᠨᠠᠮ᠎ᠤᠨ ᠬᠡᠰᠢᠭᠦᠨ ᠪᠣᠯᠬᠤ〉〉 ᠭᠣᠣᠯ ᠰᠡᠳᠤᠪᠲᠤ ᠨᠠᠮ᠎ᠤᠨ ᠠ᠋ᠳᠤᠷ᠎ᠤᠨ ᠠᠵᠢᠯᠯᠠᠭ᠋ᠠᠨ ᠦᠷᠨᠢᠭᠦᠯᠪᠡ᠃
      ᠠᠵᠢᠯᠯᠠᠭ᠋ᠠᠨ᠎ᠳᠤ᠂ ᠨᠠᠮ᠎ᠤᠨ ᠬᠡᠰᠢᠭᠦᠨ᠎ᠤ ᠲᠦᠯᠣᠭᠡᠯᠡᠭᠴᠢ ᠨᠢᠭᠡᠪᠤᠷᠢ ᠠ᠋ᠭᠡᠯᠵᠢ᠎ᠪᠠᠷ 〈〈ᠯᠸᠢ ᠹᠸᠩ᠎ᠤᠨ ᠠ᠋ᠳᠤᠷ᠎ᠤᠨ ᠲᠡᠮᠳᠡᠭᠯᠡᠯ〉〉᠎ᠳᠤ᠎ᠬᠢ ᠨᠢᠭᠡ ᠪᠠᠳᠠᠭ ᠰᠤᠩᠭᠤᠳᠠᠭ ᠦᠭᠦᠯᠡᠪᠤᠷᠢ ᠵᠢ ᠤᠩᠰᠢᠭᠰᠠᠨ ᠪᠦᠭᠡᠳ ᠨᠡᠢ᠌ᠬᠡᠮ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠪ᠎ᠲᠤ ᠰᠠᠭᠤᠭ᠎ᠠ ᠨᠠᠰᠤᠲᠠᠨ᠎ᠢ ᠤᠷᠢᠵᠤ ᠯᠸᠢ ᠹᠸᠩ᠎ᠤᠨ ᠦᠯᠢᠭᠡᠷ᠎ᠢ ᠶᠠᠷᠢᠭᠤᠯᠤᠭᠰᠠᠨ ᠪᠠᠢ᠌ᠨ᠎ᠠ᠃ ᠲᠡᠳᠡ ᠪᠠᠰᠠ ᠨᠠᠰᠤᠲᠠᠢ᠌ᠴᠤᠳ᠎ᠲᠤ ᠦᠨᠳᠡᠭᠡ᠎ᠲᠠᠢ ᠪᠣᠭᠣᠷᠰᠣᠭ᠂ ᠦᠨᠢᠶᠡᠨ ᠰᠦ ᠵᠡᠷᠭᠡ ᠪᠡᠯᠡᠭ ᠬᠦᠷᠭᠡᠵᠤ᠂ ᠨᠠᠮ᠎ᠤᠨ ᠬᠡᠰᠢᠭᠦᠳ ᠵᠶ᠋ᠠᠨ ᠵᠣᠬᠢᠶᠠᠨ ᠪᠠᠢ᠌ᠭᠤᠯᠵᠤ᠂ ᠨᠠᠰᠤᠲᠠᠢ᠌ᠴᠤᠳ᠎ᠢ ᠬᠠᠪᠰᠤᠷᠤᠨ ᠭᠡᠷ ᠦᠷᠤᠭᠡ ᠵᠢ᠎ᠨᠢ ᠳᠡᠭᠰᠢᠯᠡᠨ ᠴᠡᠪᠡᠷᠯᠡᠵᠠᠢ᠃
ᠠ᠋ᠨ᠋ᠨ ᠤᠳᠠᠭ᠋ᠠᠨ᠎ᠤ ᠭᠣᠣᠯ ᠰᠡᠳᠤᠪᠲᠤ ᠨᠠᠮ᠎ᠤᠨ ᠠ᠋ᠳᠤᠷ᠎ᠤᠨ ᠠᠵᠢᠯᠯᠠᠭ᠋ᠠᠨ᠎ᠨᠢ ᠯᠸᠢ ᠹᠸᠩ᠎ᠠᠴᠠ ᠰᠤᠷᠤᠯᠴᠠᠬᠤ ᠠᠵᠢᠯᠯᠠᠭ᠋ᠠᠨ᠎ᠤ ᠬᠡᠯᠪᠡᠷᠢ ᠮᠠᠶᠢᠭ᠎ᠢ ᠠ᠋ᠯᠪᠡᠭ ᠪᠠᠶᠠᠯᠢᠭ ᠪᠣᠯᠭ᠋ᠠᠨ᠂ ᠨᠠᠮ᠎ᠤᠨ ᠠ᠋ᠭᠦᠷ᠎ᠤᠨ ᠨᠦᠯᠤᠭᠡᠯᠡᠬᠦ ᠬᠦᠴᠤᠨ᠎ᠢ ᠦᠷᠭᠡᠳᠬᠡᠵᠤ᠂ ᠬᠠᠮᠲᠤ ᠵᠢᠨ ᠬᠦᠴᠤᠨ ᠵᠶ᠋ᠠᠷ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠰᠢᠨᠡᠴᠢᠯᠡᠭᠰᠡᠨ ᠪᠠᠢ᠌ᠨ᠎ᠠ᠃


ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ 2019 ᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠬᠦᠯᠦᠨ ᠪᠤᠢ᠌ᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 2019 ᠤᠨ᠎ᠤ ᠤᠯᠠᠨ ᠤᠯᠤᠰ᠎ᠤᠨ ᠨᠡᠢ᠌ᠭᠡᠮ᠎ᠤᠨ ᠠᠵᠢᠯᠲᠠᠨ᠎ᠤ ᠠ᠋ᠳᠦᠷ᠎ᠤᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠪᠡ
ᠬᠥᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 2019 ᠤᠨ᠎ᠤ ᠴᠢᠭᠡᠴᠢ ᠵᠠᠰᠠᠭ᠎ᠤᠨ ᠰᠡᠷᠡᠮᠵᠢᠯᠡᠭᠦᠯᠬᠦ ᠬᠦᠮᠦᠵᠢᠯ᠎ᠤᠨ ᠠᠵᠢᠯᠯᠠᠭ᠎ᠠ ᠥᠷᠨᠢᠭᠦᠯᠪᠡ
ᠠᠯᠠᠱ᠌ᠠ ᠠᠢ᠌ᠮᠠᠭ ᠬᠠᠩᠰᠢᠨ᠎ᠤ ᠠᠮᠤᠷ ᠲᠦᠪᠰᠢᠨ ᠲᠠᠬᠢᠯᠭ᠎ᠠ ᠬᠢᠬᠦ ᠠᠵᠢᠯ ᠵᠶ᠋ᠠᠨ ᠪᠠᠢ᠌ᠷᠢᠯᠠᠭᠤᠯᠵᠠᠢ
ᠤᠯᠠᠭ᠋ᠠᠨᠴᠠᠪ ᠬᠤᠲᠠ ᠠᠷᠠᠳ᠎ᠤᠨ ᠶᠠᠪᠤᠳᠠᠯ᠂ ᠴᠡᠷᠢᠭ᠎ᠠᠴᠠ ᠪᠠᠭᠤᠭᠰᠠᠳ᠎ᠤᠨ ᠬᠠᠮᠢᠶᠠᠷᠤᠯᠲᠠ ᠪᠤᠯᠤᠨ ᠵᠡᠮᠳᠡᠭᠴᠤᠳ᠎ᠤᠨ ᠬᠤᠯᠪᠤᠭ᠋ᠠᠨ᠎ᠤ ᠠᠵᠢᠯ᠎ᠤᠨ ᠬᠤᠷᠠᠯ ᠬᠤᠷᠠᠯᠳᠤᠭᠤᠯᠤᠯ᠎ᠠ
 
            