3 ᠳ᠋ᠤᠭ᠋ᠠᠷ ᠰᠠᠷ᠎ᠠ ᠵᠢᠨ 28᠎ᠤ ᠠ᠋ᠳᠦᠷ ᠤᠯᠠᠭ᠋ᠠᠨᠴᠠᠪ ᠬᠤᠲᠠ ᠠᠷᠠᠳ᠎ᠤᠨ ᠶᠠᠪᠤᠳᠠᠯ᠂ ᠴᠡᠷᠢᠭ᠎ᠠᠴᠠ ᠪᠠᠭᠤᠭᠰᠠᠳ᠎ᠤᠨ ᠬᠠᠮᠢᠶᠠᠷᠤᠯᠲᠠ ᠪᠤᠯᠤᠨ ᠵᠡᠮᠳᠡᠭᠴᠤᠳ᠎ᠤᠨ ᠬᠤᠯᠪᠤᠭ᠋ᠠᠨ᠎ᠤ ᠠᠵᠢᠯ᠎ᠤᠨ ᠬᠤᠷᠠᠯ ᠬᠤᠷᠠᠯᠳᠤᠭᠤᠯᠤᠨ᠂ 2018 ᠤᠨ᠎ᠤ ᠠᠵᠢᠯ ᠵᠢᠡᠨ ᠳ᠋ᠦᠩᠨᠡᠵᠦ᠂ 2019 ᠤᠨ᠎ᠤ ᠬᠠᠷᠠᠯᠲᠠ ᠠ᠋ᠭᠦᠷᠭᠡ᠎ᠪᠠᠨ ᠪᠠᠢ᠌ᠷᠢᠯᠠᠭᠤᠯᠪᠠ᠃ ᠬᠤᠲᠠ ᠵᠢᠨ ᠵᠠᠰᠠᠭ᠎ᠤᠨ ᠤᠷᠳᠤᠨ᠎ᠤ ᠳᠡᠳ᠋ ᠳᠠᠷᠤᠭ᠎ᠠ ᠸᠠᠩ ᠭᠦᠸᠸ ᠰᠢᠶᠠᠩ ᠬᠤᠷᠠᠯ᠎ᠳᠤ ᠤᠷᠤᠯᠴᠠᠵᠠᠢ᠃
ᠬᠤᠷᠠᠯ᠎ᠠᠴᠠ 2018 ᠤᠨ᠎ᠳᠤ ᠪᠦᠬᠦ ᠬᠤᠲᠠ ᠵᠢᠨ ᠬᠤᠲᠠ ᠬᠦᠳᠡᠭᠡ ᠵᠢᠨ ᠨᠡᠢ᠌ᠭᠡᠮ᠎ᠤᠨ ᠳᠤᠰᠠᠯᠠᠮᠵᠢ ᠵᠢᠨ ᠲᠤᠭᠲᠠᠯᠴᠠᠭ᠎ᠠ ᠤᠯᠠᠮ ᠲᠡᠭᠦᠯᠳᠡᠷᠵᠢᠵᠦ᠂ ᠦᠨᠳᠦᠰᠦᠨ ᠱᠠᠲᠤᠨ᠎ᠤ ᠵᠠᠰᠠᠭ᠎ᠤᠨ ᠠ᠋ᠷᠬᠡ ᠪᠤᠯᠤᠨ ᠨᠡᠢ᠌ᠭᠡᠮ ᠲᠤᠭᠤᠷᠢᠭ᠎ᠤᠨ ᠪᠠᠢ᠌ᠭᠤᠯᠤᠯᠲᠠ᠂ ᠵᠠᠰᠠᠯᠲᠠ ᠵᠢᠨ ᠴᠢᠳᠠᠪᠤᠷᠢ ᠲᠡᠭᠡᠭᠰᠢᠯᠡᠵᠦ᠂ ᠬᠠᠷᠠᠭ᠋ᠠᠯᠵᠠᠨ ᠲᠦᠪᠬᠢᠨᠡᠭᠦᠯᠬᠦ᠂ ᠬᠤᠶᠠᠷ᠎ᠢ ᠬᠦᠷᠢᠶᠡᠯᠡᠬᠦ᠂ ᠭᠠᠮᠰᠢᠭ᠎ᠠᠴᠠ ᠠᠪᠤᠷᠠᠬᠤ᠂ ᠦᠲᠡᠭᠦᠰᠢ ᠬᠠᠷᠠᠭ᠋ᠠᠯᠵᠠᠬᠤ ᠵᠡᠷᠭᠡ ᠵᠢᠨ ᠠᠵᠢᠯ ᠠ᠋ᠷᠴᠢᠮᠵᠢᠪᠡ᠃ ᠵᠡᠮᠳᠡᠭᠴᠤᠳ᠎ᠤᠨ ᠬᠤᠯᠪᠤᠭ᠎ᠠ ᠲᠦᠷᠦᠭᠦᠯᠡᠨ ᠪᠦᠬᠦ ᠤᠷᠤᠨ᠎ᠤ ᠲᠠᠪᠤᠳᠤᠭ᠋ᠠᠷ ᠬᠤᠭᠤᠴᠠᠭ᠋ᠠᠨ᠎ᠤ ᠵᠡᠮᠳᠡᠭᠴᠤᠳ᠎ᠤᠨ ᠲᠠᠮᠢᠷ᠎ᠤᠨ ᠴᠤᠭᠯᠠᠭ᠋ᠠᠨ᠎ᠢ ᠠᠮᠵᠢᠯᠲᠠ᠎ᠲᠠᠢ ᠠ᠋ᠷᠬᠢᠯᠡᠵᠦ᠂ 《ᠬᠠᠢ᠌ᠷ᠎ᠠ ᠰᠡᠳᠭᠢᠯ ᠵᠢᠡᠷ ᠵᠡᠮᠳᠡᠭᠴᠤᠳᠢ ᠲᠤᠰᠠᠯᠠᠬᠤ》 ᠵᠤᠭᠤᠰ ᠬᠠᠨᠳᠢᠪᠯᠠᠬᠤ ᠠᠵᠢᠯᠯᠠᠭ᠎ᠠ ᠵᠢ ᠵᠤᠬᠢᠶᠠᠨ ᠪᠠᠢ᠌ᠭᠤᠯᠵᠦ᠂ ᠵᠡᠮᠳᠡᠭᠴᠤᠳᠢ ᠠ᠋ᠷᠡᠭᠦᠯᠵᠢᠭᠦᠯᠬᠦ᠂ ᠨᠠᠢ᠌ᠳᠠᠨ ᠠᠰᠠᠷᠠᠭᠤᠯᠬᠤ᠂ ᠰᠤᠷᠭ᠋ᠠᠨ ᠬᠦᠮᠦᠵᠢᠭᠦᠯᠬᠦ ᠵᠡᠷᠭᠡ ᠠᠵᠢᠯ ᠦᠢ᠍ᠯᠡᠰ ᠠ᠋ᠷᠡᠭᠦᠯ ᠵᠢᠡᠷ ᠬᠦᠭᠵᠢᠪᠡ᠃ ᠴᠡᠷᠢᠭ᠎ᠠᠴᠠ ᠪᠠᠠᠭᠤᠭᠰᠠᠳᠤᠨ ᠬᠠᠮᠢᠶᠠᠷᠤᠯᠲᠠ ᠦᠢ᠍ᠯᠡᠴᠢᠯᠡᠭᠡᠡᠤ ᠠᠵᠢᠯ ᠲᠠᠰᠤᠷᠠᠯᠲᠠ ᠦᠭᠡᠢ ᠠ᠋ᠷᠴᠢᠮᠵᠢᠵᠦ᠂ ᠴᠡᠷᠢᠭ᠎ᠠᠴᠠ ᠪᠠᠭᠤᠭᠰᠠᠳ᠎ᠢ ᠬᠠᠷᠠᠭ᠋ᠠᠯᠵᠠᠬᠤ᠂ ᠲᠦᠪᠬᠢᠨᠡᠭᠦᠯᠬᠦ᠂ ᠬᠠᠪᠰᠤᠷᠴᠤ ᠲᠡᠳᠭᠦᠬᠦ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠪᠠ ᠭᠡᠵᠦ ᠵᠢᠭ᠋ᠠᠵᠦ ᠭᠠᠷᠭ᠋ᠠᠵᠠᠢ᠃
ᠬᠤᠷᠠᠯ᠎ᠠᠴᠠ 2019 ᠤᠨ᠎ᠳᠤ ᠡᠯ᠎ᠡ ᠭᠠᠵᠠᠷ᠎ᠤᠨ ᠬᠤᠯᠪᠤᠭᠳᠠᠯ ᠪᠦᠬᠦᠢ ᠰᠠᠯᠠᠭ᠎ᠠ ᠮᠥᠴᠢᠷ᠎ᠤᠳ ᠠᠷᠠᠳ᠎ᠤᠨ ᠠᠮᠢᠳᠤᠷᠠᠯ᠎ᠤᠨ ᠨᠠᠭ᠋ᠠᠲᠦ ᠵᠠᠬ᠎ᠠ ᠵᠢᠨ ᠪᠠᠲᠤᠯᠠᠭ᠎ᠠ ᠵᠢ ᠤᠯᠠᠮ ᠴᠢᠩᠭ᠋ᠠᠳᠬᠠᠵᠦ᠂ ᠨᠡᠢ᠌ᠭᠡᠮ᠎ᠤᠨ ᠳᠤᠰᠠᠯᠠᠮᠵᠢ ᠵᠢᠨ ᠲᠦᠷᠢᠮᠵᠢᠭᠰᠡᠨ ᠬᠠᠮᠢᠶᠠᠷᠤᠯᠲᠠ ᠵᠢᠨ ᠲᠦᠪᠰᠢᠨ᠎ᠢ ᠲᠡᠭᠡᠭᠰᠢᠯᠡᠭᠦᠯᠵᠦ᠂ ᠶᠠᠳᠠᠭᠤ ᠵᠢ ᠲᠡᠳᠭᠦᠵᠦ ᠨᠡᠭᠡᠭᠡᠡ ᠬᠦᠭᠵᠢᠭᠦᠯᠬᠦ ᠶᠠᠪᠤᠴᠠ᠎ᠳᠠᠬᠢ ᠨᠡᠢ᠌ᠭᠡᠮ᠎ᠤᠨ ᠳᠤᠰᠠᠯᠠᠮᠵᠢ ᠵᠢᠨ ᠪᠦᠬᠦᠨ᠎ᠢ ᠪᠠᠲᠤᠯᠠᠬᠤ ᠦᠢ᠍ᠯᠡᠳᠦᠯ ᠵᠶ᠋ᠠᠨ ᠴᠢᠩᠭ᠋ᠠᠳᠬᠠᠬᠤ ᠬᠡᠷᠡᠭᠲᠠᠢ; ᠨᠠᠰᠤᠲᠠᠳ᠎ᠤᠨ ᠠᠰᠠᠷᠠᠬᠤ ᠦᠢ᠍ᠯᠡᠴᠢᠯᠡᠭᠡᠨ᠎ᠤ ᠲᠤᠭᠲᠠᠯᠴᠠᠭ᠎ᠠ ᠵᠢᠨ ᠲᠤᠲᠠᠭᠤᠳᠠᠯᠢ ᠭᠦᠢ᠍ᠴᠡᠳ ᠨᠦᠬᠦᠪᠤᠷᠢᠯᠡᠵᠦ᠂ ᠨᠡᠢ᠌ᠭᠡᠮ ᠲᠤᠭᠤᠷᠢᠭ᠎ᠤᠨ ᠭᠡᠷ᠎ᠲᠤ᠎ᠨᠢ ᠠᠰᠠᠷᠠᠬᠤ ᠠᠵᠢᠯ᠎ᠤᠨ ᠲᠥᠪᠰᠢᠨ᠎ᠢ ᠲᠡᠭᠡᠭᠰᠢᠯᠡᠭᠦᠯᠵᠦ᠂ ᠨᠠᠰᠤᠲᠠᠳ᠎ᠢ ᠠᠰᠠᠷᠠᠬᠤ ᠪᠠᠢ᠌ᠭᠤᠯᠤᠮᠵᠢ ᠵᠢᠨ ᠬᠠᠮᠢᠶᠠᠷᠤᠯᠲᠠ ᠪᠤᠯᠤᠨ ᠦᠢ᠍ᠯᠡᠴᠢᠯᠡᠭᠡ ᠵᠢ ᠵᠢᠷᠤᠮᠵᠢᠭᠤᠯᠵᠦ᠂ ᠨᠠᠰᠤᠲᠠᠢ᠌ᠴᠤᠳ᠎ᠤᠨ ᠭᠡᠨᠡᠳᠲᠡ ᠵᠢᠨ ᠠ᠋ᠨᠳᠡᠯ ᠬᠡᠮᠳᠦᠯ᠎ᠤᠨ ᠲᠠᠭ᠋ᠠᠳᠬᠠᠯ᠎ᠢ ᠶᠡᠬᠡᠪᠡᠷ ᠬᠡᠷᠡᠭᠵᠢᠭᠦᠯᠬᠦ ᠬᠡᠷᠡᠭᠲᠠᠢ; ᠦᠨᠳᠦᠰᠦᠨ ᠱᠠᠲᠤᠨ᠎ᠤ ᠵᠠᠰᠠᠭ᠎ᠤᠨ ᠠ᠋ᠷᠬᠡ ᠵᠢᠨ ᠪᠠᠢ᠌ᠭᠤᠯᠤᠯᠲᠠ ᠪᠤᠯᠤᠨ ᠬᠤᠲᠠ ᠬᠦᠳᠡᠭᠡ ᠵᠢᠨ ᠨᠡᠢ᠌ᠭᠡᠮ ᠲᠤᠭᠤᠷᠢᠭ᠎ᠤᠨ ᠵᠠᠰᠠᠯᠲᠠ ᠰᠢᠨᠡᠴᠢᠯᠡᠯᠲᠡ ᠵᠢ ᠦᠷᠭᠦᠯᠵᠢᠯᠡᠨ ᠴᠢᠩᠭ᠋ᠠᠳᠬᠠᠵᠦ᠂ ᠨᠡᠢ᠌ᠭᠡᠮ᠎ᠤᠨ ᠬᠡᠷᠡᠭ ᠶᠠᠪᠤᠳᠠᠯ ᠪᠤᠯᠤᠨ ᠬᠡᠤᠬᠡᠳ᠎ᠤᠨ ᠠᠰᠠᠷᠠᠮᠵᠢ ᠵᠢᠨ ᠠᠵᠢᠯ᠎ᠢ ᠯᠠᠪᠳᠠᠭᠤᠨ ᠪᠠᠲᠤᠲᠠᠢ ᠪᠣᠯᠭ᠋ᠠᠵᠤ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ ᠵᠢᠨ ᠦᠭᠡᠷᠡᠴᠢᠯᠡᠯᠲᠡ ᠰᠢᠨᠡᠴᠢᠯᠡᠯᠲᠡ ᠵᠢ ᠶᠡᠬᠡᠪᠡᠷ ᠠᠬᠢᠭᠤᠯᠬᠤ ᠬᠡᠷᠡᠭᠲᠠᠢ᠃ ᠵᠡᠮᠳᠡᠭᠴᠤᠳᠢ ᠨᠠᠷᠢᠨ ᠤᠨᠤᠴᠠᠲᠠᠢ᠎ᠪᠠᠷ ᠶᠠᠳᠠᠭᠤ᠎ᠠᠴᠠ ᠠᠩᠭᠢᠵᠢᠷᠠᠭᠤᠯᠤᠨ᠂ ᠵᠡᠮᠳᠡᠭᠴᠤᠳᠢ ᠲᠡᠳᠭᠦᠨ ᠲᠤᠰᠠᠯᠠᠬᠤ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠵᠦ᠂ ᠠ᠋ᠷᠡᠭᠦᠯᠵᠢᠭᠦᠯᠦᠨ ᠲᠤᠰᠠᠯᠠᠬᠤ ᠠ᠋ᠷᠴᠢᠮ᠎ᠢ ᠴᠢᠩᠭ᠋ᠠᠷᠠᠭᠤᠯᠤᠨ᠂ ᠵᠡᠮᠳᠡᠭᠴᠤᠳ᠎ᠤᠨ ᠪᠡᠭᠡᠵᠢᠩ ᠥᠪᠤᠷ ᠮᠤᠩᠭᠤᠯ ᠠᠵᠢᠯ ᠲᠦᠷᠦᠯ ᠵᠢᠡᠷ ᠵᠢᠡᠨ ᠬᠠᠪᠰᠤᠷᠤᠨ ᠲᠡᠳᠭᠦᠬᠦ ᠠᠵᠢᠯ᠎ᠢ ᠰᠠᠢ᠌ᠲᠤᠷ ᠬᠢᠬᠦ ᠬᠡᠷᠡᠭᠲᠠᠢ; ᠵᠡᠮᠳᠡᠭᠴᠤᠳ᠎ᠤᠨ ᠤᠯᠠᠨ ᠨᠡᠢ᠌ᠲᠡ ᠵᠢᠨ ᠦᠨᠳᠦᠰᠦᠨ ᠦᠢ᠍ᠯᠡᠴᠢᠯᠡᠭᠡᠨ᠎ᠤ ᠲᠤᠤᠷ᠎ᠤᠨ ᠪᠠᠢ᠌ᠭᠤᠯᠤᠯᠲᠠ ᠵᠢ ᠴᠢᠩᠭ᠋ᠠᠳᠬᠠᠵᠦ᠂ ᠵᠡᠮᠳᠡᠭ᠎ᠢ ᠰᠡᠷᠭᠡᠢ᠌ᠯᠡᠬᠦ ᠪᠠ ᠠ᠋ᠷᠡᠭᠦᠯᠵᠢᠭᠦᠯᠬᠦ ᠠᠵᠢᠯ᠎ᠢ ᠰᠠᠢ᠌ᠲᠤᠷ ᠬᠢᠵᠦ᠂ ᠵᠡᠮᠳᠡᠭᠴᠤᠳ᠎ᠤᠨ ᠬᠤᠯᠪᠤᠭ᠋ᠠᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠠᠢ᠃ ᠴᠡᠷᠢᠭ᠎ᠠᠴᠠ ᠪᠠᠭᠤᠭᠰᠠᠳ᠎ᠤᠨ ᠦᠢ᠍ᠯᠡᠴᠢᠯᠡᠭᠡ ᠪᠠᠲᠤᠯᠠᠭ᠎ᠠ ᠵᠢᠨ ᠲᠤᠭᠲᠠᠯᠴᠠᠭ᠎ᠠ ᠵᠢᠨ ᠪᠠᠢ᠌ᠭᠤᠯᠤᠯᠲᠠ ᠵᠢ ᠲᠦᠷᠭᠡᠳᠭᠡᠨ᠂ ᠴᠡᠷᠢᠭ᠎ᠠᠴᠠ ᠪᠠᠭᠤᠭᠰᠠᠳ᠎ᠤᠨ ᠦᠢ᠍ᠯᠡᠴᠢᠯᠡᠭᠡ ᠬᠠᠮᠢᠶᠠᠷᠤᠯᠲᠠ ᠵᠢ ᠴᠢᠩᠭ᠋ᠠᠳᠬᠠᠵᠦ᠂ ᠪᠦᠬᠦ ᠬᠤᠲᠠ ᠵᠢᠨ ᠴᠡᠷᠢᠭ᠎ᠠᠴᠠ ᠪᠠᠭᠤᠭᠰᠠᠳ ᠪᠠ ᠪᠤᠰᠤᠳ ᠬᠠᠷᠠᠭ᠋ᠠᠯᠵᠠᠯ ᠦᠵᠡᠭᠦᠯᠬᠦ ᠬᠦᠮᠦᠰ᠎ᠤᠨ ᠮᠡᠳᠡᠭᠡ ᠵᠠᠩᠭᠢ ᠵᠢᠨ ᠲᠤᠭ᠎ᠠ ᠪᠠᠷᠢᠮᠲᠠ ᠵᠢ ᠬᠤᠷᠢᠶᠠᠩᠭᠤᠢ᠌ᠯᠠᠬᠤ᠂ ᠪᠡᠶ᠎ᠡ᠎ᠪᠠᠨ ᠲᠠᠭ᠋ᠠᠭ᠋ᠠᠵᠦ ᠠᠵᠢᠯ ᠤᠯᠤᠭᠰᠠᠨ ᠴᠡᠷᠢᠭ᠎ᠠᠴᠠ ᠪᠠᠭᠤᠭᠰᠠᠨ ᠪᠠᠢ᠌ᠯᠳᠤᠭᠴᠢ ᠵᠢᠨ ᠠᠵᠢᠯ ᠮᠡᠷᠭᠡᠵᠢᠯ᠎ᠤᠨ ᠰᠤᠷᠭ᠋ᠠᠨ ᠬᠦᠮᠦᠵᠢᠯ ᠪᠤᠯᠤᠨ ᠤᠷ᠎ᠠ ᠴᠢᠳᠠᠪᠤᠷᠢ ᠵᠢᠨ ᠪᠤᠯᠪᠠᠰᠤᠷᠠᠯ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠠᠢ; ᠬᠠᠷᠠᠭ᠋ᠠᠯᠵᠠᠯ ᠦᠵᠡᠭᠦᠯᠬᠦ ᠤᠯᠭᠤᠮᠵᠢ ᠵᠢᠨ ᠪᠠᠲᠤᠯᠠᠭ᠎ᠠ ᠵᠢ ᠵᠢᠷᠤᠮᠵᠢᠭᠤᠯᠵᠦ᠂ ᠬᠠᠷᠠᠭ᠋ᠠᠯᠵᠠᠯ ᠦᠵᠡᠭᠦᠯᠬᠦ ᠬᠦᠮᠦᠰ᠎ᠤᠨ ᠠᠰᠠᠷᠠᠮᠵᠢ ᠪᠤᠯᠤᠨ ᠠᠮᠢᠳᠤᠷᠠᠯ᠎ᠤᠨ ᠨᠦᠬᠦᠪᠤᠷᠢ ᠵᠢᠨ ᠪᠠᠷᠢᠮᠵᠢᠶ᠎ᠠ ᠵᠢ ᠦᠷᠭᠦᠯᠵᠢᠯᠡᠨ ᠳᠡᠭᠡᠭᠰᠢᠯᠡᠭᠦᠯᠵᠦ᠂ ᠭᠤᠤᠯᠳᠠᠯᠭ᠎ᠠ᠎ᠲᠠᠢ ᠬᠠᠷᠠᠭ᠋ᠠᠯᠵᠠᠬᠤ ᠬᠦᠮᠦᠰ᠎ᠤᠨ ᠠᠮᠢᠳᠤᠷᠠᠯ᠂ ᠡᠮ ᠠ᠋ᠮᠨᠡᠯᠭᠡ᠂ ᠤᠷᠤᠨ ᠰᠠᠭᠤᠴᠠ ᠵᠢᠨ ᠪᠠᠲᠤᠯᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠦ᠂ ᠠᠬᠠᠮᠠᠳ ᠢᠷᠠᠭᠤ ᠠᠯᠳᠠᠷᠲᠦ ᠴᠡᠷᠢᠭ᠎ᠤᠨ ᠪᠡᠶ᠎ᠡ ᠵᠢᠨ ᠪᠠᠢ᠌ᠴᠠᠭ᠋ᠠᠯᠲᠠ ᠵᠡᠷᠭᠡ ᠬᠤᠯᠪᠤᠭᠳᠠᠯ ᠪᠦᠬᠦᠢ ᠲᠦᠷᠦ ᠵᠢᠨ ᠪᠤᠳᠤᠯᠭ᠎ᠠ ᠵᠢ ᠨᠠᠢ᠌ᠳᠠᠪᠤᠷᠢᠵᠢᠭᠤᠯᠬᠤ ᠠᠵᠢᠯ᠎ᠢ ᠰᠠᠢ᠌ᠲᠤᠷ ᠬᠢᠬᠦ ᠬᠡᠷᠡᠭᠲᠠᠢ ᠭᠡᠵᠠᠢ᠃