ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠯᠠᠱ᠌ᠠ ᠠᠢ᠌ᠮᠠᠭ᠎ᠤᠨ 12349 ᠵᠠᠰᠠᠭ᠎ᠤᠨ ᠶᠠᠪᠤᠳᠠᠯ᠎ᠤᠨ ᠯᠠᠪᠯᠠᠯᠭ᠎ᠠ ᠵᠢᠨ ᠠᠷᠠᠳ᠎ᠲᠤ ᠲᠦᠬᠦᠮ ᠦᠵᠡᠭᠦᠯᠬᠦ ᠬᠠᠯᠠᠮᠰᠢᠯ ᠤᠲᠠᠰᠦ ᠨᠡᠪᠲᠡᠷᠡᠪᠡ
ᠨᠡᠶᠢᠲᠡᠯᠡᠭᠰᠡᠨ ᠴᠠᠭ᠄ 2019-04-03

                 
      ᠣᠷᠴᠢᠮᠬᠠᠨ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠤᠪᠴᠢᠶ᠎ᠠ᠎ᠲᠠᠢ ᠬᠠᠮᠲᠤᠷᠠᠨ 12349 ᠠᠷᠠᠳ᠎ᠲᠤ ᠲᠦᠬᠦᠮ ᠦᠵᠡᠭᠦᠯᠬᠦ ᠬᠠᠯᠠᠮᠰᠢᠯ ᠤᠲᠠᠰᠦ ᠵᠢ ᠠᠰᠢᠬᠯᠠᠨ ᠵᠠᠰᠠᠭ᠎ᠤᠨ ᠶᠠᠪᠤᠳᠠᠯ᠎ᠤᠨ ᠲᠤᠬᠠᠢ ᠯᠠᠪᠯᠠᠯᠭ᠎ᠠ ᠵᠢᠨ ᠠᠵᠢᠯ᠎ᠤᠨ ᠴᠢᠳᠠᠮᠵᠢ ᠵᠢ ᠨᠡᠮᠡᠵᠦ ᠭᠠᠷᠭ᠋ᠠᠪᠠ᠃ ᠢᠩᠬᠢᠭᠡᠳ ᠠᠷᠠᠳ᠎ᠤᠨ ᠶᠠᠪᠤᠳᠠᠯ᠎ᠳᠤ ᠬᠤᠯᠪᠤᠭᠳᠠᠭᠰᠠᠨ ᠬᠡᠷᠡᠭ ᠶᠠᠪᠤᠳᠠᠯ᠎ᠢ ᠭᠦᠢ᠍ᠴᠡᠳᠭᠡᠬᠦ ᠶᠠᠪᠤᠴᠠ ᠵᠢᠴᠢ ᠬᠠᠩᠭ᠋ᠠᠬᠤ ᠴᠢᠬᠤᠯᠠᠲᠠᠢ ᠮᠠᠲᠸᠷᠢᠶᠠᠯ᠂ ᠬᠡᠷᠡᠭ ᠶᠠᠪᠤᠳᠠᠯ ᠭᠦᠢ᠍ᠴᠡᠳᠭᠡᠬᠦ ᠴᠤᠩᠬᠤ ᠵᠢᠨ ᠤᠷᠤᠨ ᠪᠠᠢ᠌ᠷᠢ ᠵᠡᠷᠭᠡ ᠵᠢ ᠠᠰᠠᠭᠤᠨ ᠯᠠᠪᠯᠠᠬᠤ 12349 ᠰᠦᠢ᠍ᠳᠭᠡᠯ ᠵᠠᠷᠤᠳᠠᠯ ᠦᠭᠡᠢ ᠨᠡᠢ᠌ᠲᠡ ᠵᠢᠨ ᠠᠰᠠᠠᠷᠠᠮᠵᠢ ᠵᠢᠨ ᠬᠠᠯᠠᠮᠰᠢᠯ ᠤᠲᠠᠰᠦ ᠵᠢ ᠤᠲᠠᠰᠦᠳᠠᠪᠠᠯ ᠪᠦᠷ ᠴᠠᠭ ᠲᠤᠬᠠᠢ᠎ᠳᠤᠨᠢ ᠲᠠᠢ᠌ᠯᠪᠤᠷᠢᠯᠠᠵᠦ ᠬᠠᠷᠢᠭᠤᠯᠵᠦ ᠦᠭᠭᠦ ᠪᠤᠯᠵᠠᠢ᠃
     12349 ᠨᠡᠢ᠌ᠲᠡ ᠵᠢᠨ ᠠᠰᠠᠷᠠᠮᠵᠢ ᠵᠢᠨ ᠠᠷᠠᠳ᠎ᠲᠤ ᠲᠦᠬᠦᠮ ᠦᠵᠡᠭᠦᠯᠬᠦ ᠬᠠᠯᠠᠮᠰᠢᠯ ᠤᠲᠠᠰᠦ ᠪᠤᠯ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠭᠤᠤᠯᠯᠠᠨ ᠬᠠᠮᠢᠶᠠᠷᠴᠤ ᠪᠠᠢ᠌ᠭ᠎ᠠ ᠠᠷᠠᠳ᠎ᠤᠨ ᠠᠮᠢᠳᠤᠷᠠᠯ᠎ᠳᠤ ᠦᠢ᠍ᠯᠡᠴᠢᠯᠡᠬᠦ ᠲᠠᠪᠴᠠᠩ ᠪᠤᠯᠤᠨ᠎ᠠ᠃ ᠠᠯᠠᠱ᠌ᠠ ᠠᠢ᠌ᠮᠠᠭ᠎ᠤᠨ ᠭᠠᠵᠠᠷ ᠨᠤᠲᠤᠭ ᠦᠷᠭᠡᠨ ᠠᠭᠤᠳᠠᠮ᠂ ᠬᠦᠮᠦᠨ ᠠᠮᠠ ᠰᠡᠢ᠌ᠷᠡᠭ᠂ ᠤᠯᠠᠨ ᠲᠦᠮᠡᠨ᠎ᠤ ᠬᠡᠷᠡᠭ ᠶᠠᠪᠤᠳᠠᠯ ᠭᠦᠢ᠍ᠴᠡᠳᠭᠡᠬᠦ᠎ᠳᠤ ᠪᠡᠷᠬᠡ᠂ ᠬᠡᠷᠡᠭᠰᠡᠬᠦ ᠴᠠᠭ᠎ᠨᠢ ᠤᠷᠲᠦ ᠪᠠᠢ᠌ᠳᠠᠭ ᠪᠣᠯᠬᠣᠷ ᠬᠡᠷᠡᠭ ᠶᠠᠪᠤᠳᠠᠯ ᠭᠦᠢ᠍ᠴᠡᠳᠭᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠲᠦᠯᠦᠭᠡ 2019 ᠤᠨ᠎ᠠᠴᠠ ᠨᠠᠰᠢ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ 12349 ᠨᠡᠢ᠌ᠲᠡ ᠵᠢᠨ ᠠᠰᠠᠷᠠᠮᠵᠢ ᠵᠢᠨ ᠠᠷᠠᠳ᠎ᠲᠤ ᠲᠦᠬᠦᠮ ᠦᠵᠡᠭᠦᠯᠬᠦ ᠬᠠᠯᠠᠮᠰᠢᠯ ᠤᠲᠠᠰᠦ ᠭᠠᠷᠭ᠋ᠠᠭᠰᠠᠨ ᠮᠦᠷᠳᠡᠭᠡᠨ ᠠᠵᠢᠯᠲᠠᠳ᠎ᠲᠠᠭᠠᠨ ᠲᠤᠬᠠᠢ᠌ᠯᠠᠭᠰᠠᠨ ᠠᠵᠢᠯ᠎ᠤᠨ ᠪᠤᠯᠪᠠᠰᠤᠷᠠᠯ ᠬᠢᠵᠦ᠂ ᠬᠡᠷᠡᠭ ᠶᠠᠪᠤᠳᠠᠯ ᠭᠦᠢ᠍ᠴᠡᠳᠭᠡᠬᠦ ᠶᠠᠪᠤᠴᠠ᠂ ᠲᠤᠭ᠎ᠠ ᠪᠠᠷᠢᠮᠲᠠ ᠵᠢᠨ ᠬᠦᠮᠦᠷᠭᠡ ᠪᠠᠢ᠌ᠭᠤᠯᠵᠦ᠂ ᠲᠤᠬᠠᠢ᠌ᠯᠠᠭᠰᠠᠨ ᠠᠵᠢᠯ᠎ᠤᠨ ᠮᠡᠳᠡᠯᠭᠡ ᠵᠢᠨ ᠤᠷᠤᠯᠳᠤᠭ᠋ᠠᠨ ᠶᠠᠪᠤᠭᠤᠯᠵᠦ᠂ ᠠᠵᠢᠯᠲᠠᠳ᠎ᠤᠨ ᠲᠤᠬᠠᠢ᠌ᠯᠠᠭᠰᠠᠨ ᠠᠵᠢᠯ᠎ᠤᠨ ᠤᠷ᠎ᠠ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ᠎ᠤᠨ ᠶᠠᠪᠤᠳᠠᠯ᠎ᠤᠨ ᠠᠰᠠᠭᠤᠨ ᠯᠠᠪᠯᠠᠬᠤ ᠤᠴᠢᠷ᠎ᠢ ᠨᠢᠭᠡ ᠯᠡ ᠳᠡᠭᠡᠷ᠎ᠡ ᠰᠢᠢ᠍ᠳᠪᠤᠷᠢᠯᠡᠬᠦ ᠪᠤᠯᠪᠠ᠃
      ᠲᠤᠰ ᠲᠠᠪᠴᠠᠩ ᠵᠢᠡᠷ ᠨᠡᠩ ᠠᠷᠪᠢᠨ ᠤᠯᠠᠨ ᠲᠦᠮᠡᠨ᠎ᠤ ᠵᠠᠰᠠᠭ᠎ᠤᠨ ᠶᠠᠪᠤᠳᠠᠯ᠎ᠤᠨ ᠯᠠᠪᠯᠠᠯᠭ᠎ᠠ ᠬᠢᠬᠦ᠎ᠳᠤ ᠲᠦᠬᠦᠮ ᠦᠵᠡᠭᠦᠯᠬᠦ ᠵᠢᠨ ᠲᠤᠯᠠᠳᠠ᠂ 12349 ᠵᠢᠨ ᠠᠵᠢᠯᠲᠠᠨ ᠠᠯᠠᠱ᠌ᠠ ᠠᠢ᠌ᠮᠠᠭ᠎ᠤᠨ ᠷᠠᠳᠢᠣ᠋ ᠲᠸᠯᠸᠢᠰ ᠬᠤᠷᠢᠶᠠᠨ᠎ᠤ 《ᠠᠵᠢᠯ ᠲᠦᠷᠦᠯ᠎ᠤᠨ ᠰᠤᠷᠲᠠᠯ᠎ᠤᠨ ᠬᠠᠯᠠᠮᠰᠢᠯ ᠤᠲᠠᠰᠦ》 ᠨᠡᠪᠲᠡᠷᠡᠭᠦᠯᠭᠡ᠎ᠳᠤ ᠰᠠᠭᠤᠵᠦ ᠰᠢᠭᠤᠳ ᠨᠡᠪᠲᠡᠷᠡᠭᠦᠯᠭᠡ ᠬᠢᠵᠦ᠂ ᠮᠤᠩᠭᠤᠯ ᠬᠢᠲᠠᠳ ᠬᠤᠶᠠᠷ ᠬᠡᠯᠨ᠎ᠪᠠᠷ ᠦᠢ᠍ᠯᠡᠴᠢᠯᠡᠵᠤ ᠪᠤᠢ᠃ ᠠ᠋ᠭᠦᠨ᠎ᠤ ᠬᠠᠮᠲᠦ ᠠᠢ᠌ᠮᠠᠭ᠎ᠤᠨ ᠷᠠᠳᠢᠣ᠋ ᠲᠸᠯᠸᠢᠰ ᠬᠤᠷᠢᠶᠠᠨ᠎ᠤ ᠮᠤᠩᠭᠤᠯ ᠬᠡᠯᠡᠨ᠎ᠤ ᠨᠡᠪᠲᠡᠷᠡᠭᠦᠯᠭᠡ ᠵᠢᠨ 《ᠠᠮᠢᠳᠤᠷᠠᠯ᠎ᠤᠨ ᠬᠠᠯᠠᠮᠰᠢᠯ ᠤᠲᠠᠰᠦ》 ᠨᠡᠪᠲᠡᠷᠡᠭᠦᠯᠭᠡ᠎ᠲᠠᠢ ᠬᠠᠮᠲᠤᠷᠠᠨ 《ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠨᠡᠪᠲᠡᠷᠡᠭᠦᠯᠭᠡ ᠭᠠᠷᠭ᠋ᠠᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠤᠨ ᠠᠰᠢᠬᠯᠠᠮᠵᠢ ᠵᠢ ᠤᠯᠠᠮ ᠦᠷᠭᠡᠳᠭᠡᠬᠦ᠎ᠪᠠᠷ ᠪᠡᠯᠡᠳᠭᠡᠵᠦ ᠪᠠᠢ᠌ᠨ᠎ᠠ᠃


ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠠᠤᠯᠢ ᠴᠠᠭ᠋ᠠᠵᠠ ᠳᠦᠷᠢᠮ ᠲᠤᠭᠲᠠᠭ᠋ᠠᠯ᠎ᠢ ᠵᠦᠷᠢᠴᠡᠨ ᠬᠤᠪᠢ᠎ᠪᠠᠷ ᠵᠢᠡᠨ 《ᠤᠷᠤᠨ ᠰᠠᠭᠤᠴᠠ ᠵᠢᠨ ᠮᠠᠶᠢᠭ᠎ᠲᠠᠢ》 ᠪᠤᠩᠬᠤᠨ ᠪᠠᠢ᠌ᠭᠤᠯᠤᠭᠰᠠᠨ ᠵᠡᠷᠭᠡ ᠣᠨᠴᠠᠭ᠋ᠠᠢ ᠠᠰᠠᠭᠤᠳᠠᠯ᠎ᠢ ᠲᠤᠰᠬᠠᠢ ᠪᠠᠢ᠌ᠴᠠᠭ᠋ᠠᠵᠦ ᠦᠢ᠍ᠯᠠᠭ᠋ᠠᠭᠰᠠᠨ ᠪᠠ 2019 ᠤᠨ᠎ᠤ ᠬᠠᠩᠰᠢ ᠵᠢᠨ ᠠ᠋ᠳᠦᠷ᠎ᠤᠨ ᠲᠠᠬᠢᠯᠭ᠎ᠠ ᠵᠢᠨ ᠠᠵᠢᠯ ᠵᠶ᠋ᠠᠨ ᠪᠠᠢ᠌ᠷᠢᠯᠠᠭᠤᠯᠪᠠ
ᠨᠡᠢ᠌ᠭᠡᠮ᠎ᠤᠨ ᠬᠡᠷᠡᠭ ᠶᠠᠪᠤᠲᠠᠯ᠎ᠤᠨ ᠭᠠᠵᠠᠷ᠎ᠨᠢ ᠭᠤᠤᠯ ᠰᠡᠲᠤᠪᠲᠤ ᠨᠠᠮ᠎ᠤᠨ ᠠ᠋ᠲᠤᠷ᠎ᠤᠨ ᠠᠵᠢᠯᠯᠠᠭ᠎ᠠ ᠦᠷᠨᠢᠬᠥᠯᠪᠡ
ᠤᠯᠠᠭ᠋ᠠᠨᠬᠠᠲᠠ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ 《ᠲᠦᠷᠪᠡᠨ ᠨᠣᠶᠠᠨᠴᠢ ᠰᠤᠷᠲᠠᠯ》᠎ᠤᠨ ᠠᠰᠠᠭᠤᠳᠠᠯ᠎ᠢ ᠵᠠᠰᠠᠨ ᠴᠡᠭᠴᠡᠯᠡᠵᠤ ᠪᠠᠢ᠌ᠭᠤᠯᠭ᠎ᠠ ᠵᠢᠨ ᠤᠯᠤᠰ ᠲᠦᠷᠤ ᠵᠢᠨ ᠠᠮᠢ ᠠᠬᠤᠢ ᠵᠢ ᠴᠡᠪᠡᠷᠰᠢᠭᠦᠯᠬᠦ ᠠᠵᠢᠯ᠎ᠤᠨ ᠲᠠᠢ᠌ᠴᠢᠯᠠᠯᠲᠠ ᠵᠢᠨ ᠬᠤᠷᠠᠯ ᠬᠢᠪᠡ
ᠰᠢᠯᠢ ᠵᠢᠨ ᠭᠤᠤᠯ ᠠᠢ᠌ᠮᠠᠭ ᠭᠠᠵᠠᠷ᠎ᠤᠨ ᠨᠡᠷ᠎ᠡ ᠵᠢᠨ ᠲᠦᠷᠢᠮᠵᠢᠯ ᠦᠭᠡᠢ ᠠᠰᠠᠭᠤᠲᠠᠯ᠎ᠢ ᠬᠠᠯᠠᠨ ᠦᠭᠡᠷᠡᠴᠢᠯᠡᠬᠥ ᠠᠵᠢᠯ᠎ᠤᠨ ᠬᠤᠷᠠᠯ ᠬᠢᠪᠡ
ᠤᠯᠠᠭ᠋ᠠᠨᠴᠠᠪ ᠬᠤᠲᠠ ᠵᠢᠨ ᠠᠷᠠᠳ᠎ᠤᠨ ᠶᠠᠪᠤᠲᠠᠯ᠎ᠤᠨ ᠲᠤᠪᠴᠢᠶ᠎ᠠ 2019 ᠤᠨ᠎ᠤ ᠨᠠᠮ᠎ᠤᠨ ᠪᠠᠢ᠌ᠭᠤᠯᠤᠯᠲᠠ ᠪᠤᠯᠤᠨ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠢᠪᠡ
 
            