ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠡᠷᠲᠡᠭᠡᠨ ᠵᠠᠰᠠᠬᠤ ᠣᠷᠣᠨ᠎ᠤ ᠳᠦᠷᠢᠮᠵᠢᠵᠤ ᠵᠢᠷᠤᠮᠵᠢᠭ᠋ᠠᠳᠤᠢ ᠭᠠᠵᠠᠷ᠎ᠤᠨ ᠨᠡᠷ᠎ᠡ ᠵᠢ ᠴᠡᠪᠡᠷᠯᠡᠨ ᠴᠡᠭᠴᠡᠯᠡᠬᠦ ᠠᠵᠢᠯ᠎ᠢ ᠪᠠᠢ᠌ᠷᠢᠯᠠᠭᠤᠯᠬᠤ ᠸᠢᠳᠢᠤ᠋ ᠬᠤᠷᠠᠯ ᠬᠦᠬᠡᠬᠣᠲᠠ᠎ᠳᠤ ᠬᠤᠷᠠᠯᠳᠤᠪᠠ
ᠨᠡᠶᠢᠲᠡᠯᠡᠭᠰᠡᠨ ᠴᠠᠭ᠄ 2019-04-03

             

      ᠠᠷᠠᠳ᠎ᠤᠨ ᠶᠠᠪᠤᠳᠠᠯ᠎ᠤᠨ ᠶᠠᠮᠤᠨ᠂ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠂ ᠪᠠᠢ᠌ᠭ᠋ᠠᠯᠢ ᠵᠢᠨ ᠠ᠋ᠬᠢ ᠪᠠᠶᠠᠯᠢᠭ᠎ᠤᠨ ᠶᠠᠮᠤᠨ᠂ ᠵᠠᠮ ᠲᠡᠭᠡᠭᠡᠪᠤᠷᠢ᠎ᠤᠨ ᠶᠠᠮᠤᠨ᠂ ᠤᠯᠤᠰ᠎ᠤᠨ ᠵᠠᠬ᠎ᠠ ᠳᠡᠯᠭᠡᠭᠦᠷ᠎ᠢ ᠬᠢᠨᠠᠨ ᠬᠠᠮᠢᠶᠠᠷᠬᠤ ᠶᠡᠷᠤᠩᠬᠡᠢ ᠳᠣᠪᠴᠢᠶ᠎ᠠ ᠬᠠᠮᠲᠤᠷᠠᠨ ᠳᠠᠷᠬᠠᠭ᠋ᠠᠭᠰᠠᠨ 〈〈ᠳᠦᠷᠢᠮᠵᠢᠵᠤ ᠵᠢᠷᠤᠮᠵᠢᠭ᠋ᠠᠳᠤᠢ ᠭᠠᠵᠠᠷ᠎ᠤᠨ ᠨᠡᠷ᠎ᠡ ᠵᠢ ᠤᠯᠠᠮ ᠨᠢᠭᠡ ᠠᠯᠬᠤᠮ ᠴᠡᠪᠡᠷᠯᠡᠨ ᠴᠡᠭᠴᠡᠯᠡᠬᠦ ᠳᠤᠬᠠᠢ ᠮᠡᠳᠡᠭᠳᠡᠯ〉〉᠎ᠢ ᠦᠨᠳᠤᠰᠤᠯᠡᠨ᠂ ᠦᠪᠣᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠳᠦᠷᠢᠮᠵᠢᠵᠤ ᠵᠢᠷᠤᠮᠵᠢᠭ᠋ᠠᠳᠤᠢ ᠭᠠᠵᠠᠷ᠎ᠤᠨ ᠨᠡᠷ᠎ᠡ ᠵᠢ ᠴᠡᠪᠡᠷᠯᠡᠨ ᠴᠡᠭᠴᠡᠯᠡᠬᠦ ᠠᠵᠢᠯ᠎ᠤᠨ ᠠᠯᠪᠠᠨ ᠭᠡᠷ 3 ᠳ᠋ᠤᠭ᠋ᠠᠷ ᠰᠠᠷ᠎ᠠ ᠵᠢᠨ 22᠎ᠤᠨ ᠠ᠋ᠳᠤᠷ ᠬᠦᠬᠡᠬᠣᠲᠠ᠎ᠳᠤ ᠬᠤᠷᠠᠯ ᠬᠤᠷᠠᠯᠳᠤᠪᠠ᠃ ᠦᠪᠡᠷᠳᠡᠭᠡᠨ ᠵᠠᠰᠠᠬᠤ ᠣᠷᠣᠨ᠎ᠤ ᠳᠦᠷᠢᠮᠵᠢᠵᠤ ᠵᠢᠷᠤᠮᠵᠢᠭ᠋ᠠᠳᠤᠢ ᠭᠠᠵᠠᠷ᠎ᠤᠨ ᠨᠡᠷ᠎ᠡ ᠵᠢ ᠴᠡᠪᠡᠷᠯᠡᠨ ᠴᠡᠭᠴᠡᠯᠡᠬᠦ ᠠᠵᠢᠯ᠎ᠤᠨ ᠠᠯᠪᠠᠨ ᠭᠡᠷ᠎ᠤᠨ ᠠ᠋ᠷᠬᠢᠯᠡᠭᠴᠢ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠰᠤᠶᠤᠯ ᠬᠤᠷᠠᠯ᠎ᠳᠤ ᠣᠷᠣᠯᠴᠠᠭᠰᠠᠨ ᠪᠦᠭᠡᠳ ᠶᠠᠷᠢᠶ᠎ᠠ ᠲᠠᠯᠪᠢᠪᠠ᠃ ᠦᠪᠡᠷᠳᠡᠭᠡᠨ ᠵᠠᠰᠠᠬᠤ ᠣᠷᠣᠨ᠎ᠤ ᠪᠦᠷᠢᠯᠳᠤᠭᠦᠨ ᠨᠢᠭᠡᠴᠢ ᠵᠢᠨ ᠲᠦᠯᠣᠭᠡᠯᠡᠭᠴᠢ ᠬᠤᠷᠠᠯ᠎ᠳᠤ ᠣᠷᠣᠯᠴᠠᠭᠰᠠᠨ ᠪᠠ ᠪᠦᠬᠦ ᠣᠷᠣᠨ᠎ᠤ 12 ᠠᠢ᠌ᠮᠠᠭ ᠬᠣᠲᠠ ᠵᠢᠴᠢ ᠠ᠋ᠷᠢᠶᠡᠨ ᠬᠣᠲᠠ᠂ ᠮᠠᠨᠵᠤᠤᠷ ᠬᠤᠲᠠ ᠵᠢᠨ ᠳᠦᠷᠢᠮᠵᠢᠵᠤ ᠵᠢᠷᠤᠮᠵᠢᠭ᠋ᠠᠳᠤᠢ ᠭᠠᠵᠠᠷ᠎ᠤᠨ ᠨᠡᠷ᠎ᠡ ᠵᠢ ᠴᠡᠪᠡᠷᠯᠡᠨ ᠴᠡᠭᠴᠡᠯᠡᠬᠦ ᠠᠵᠢᠯ᠎ᠤᠨ ᠠᠯᠪᠠᠨ ᠭᠡᠷ᠎ᠤᠨ ᠪᠦᠷᠢᠯᠳᠤᠭᠦᠨ ᠨᠠᠷ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠬᠤᠪᠢᠶᠠᠷᠢ ᠬᠤᠷᠠᠯ᠎ᠤᠨ ᠲᠠᠯᠠᠪᠡᠢ᠎ᠳᠤ ᠬᠤᠷᠠᠯ᠎ᠳᠤ ᠣᠷᠣᠯᠴᠠᠵᠠᠢ᠃
      ᠬᠤᠷᠠᠯ ᠳᠡᠭᠡᠷ᠎ᠡ 〈〈ᠦᠪᠣᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠳᠦᠷᠢᠮᠵᠢᠵᠤ ᠵᠢᠷᠤᠮᠵᠢᠭ᠋ᠠᠳᠤᠢ ᠭᠠᠵᠠᠷ᠎ᠤᠨ ᠨᠡᠷ᠎ᠡ ᠵᠢ ᠤᠯᠠᠮ ᠨᠢᠭᠡ ᠠᠯᠬᠤᠮ ᠴᠡᠪᠡᠷᠯᠡᠨ ᠴᠡᠭᠴᠡᠯᠡᠬᠦ ᠠᠵᠢᠯ᠎ᠤᠨ ᠬᠡᠷᠡᠭᠵᠢᠭᠦᠯᠬᠦ ᠳᠦᠰᠤᠪ〉〉᠎ᠢ ᠣᠩᠰᠢᠨ ᠨᠡᠢ᠌ᠲᠡᠯᠡᠵᠤ᠂ ᠰᠤᠶᠤᠯ ᠨᠦᠬᠦᠷ ᠳᠦᠷᠢᠮᠵᠢᠵᠤ ᠵᠢᠷᠤᠮᠵᠢᠭ᠋ᠠᠳᠤᠢ ᠭᠠᠵᠠᠷ᠎ᠤᠨ ᠨᠡᠷ᠎ᠡ ᠵᠢ ᠴᠡᠪᠡᠷᠯᠡᠨ ᠴᠡᠭᠴᠡᠯᠡᠬᠦ ᠠᠵᠢᠯ᠎ᠤᠨ ᠴᠢᠬᠤᠯᠨ ᠠᠭᠤᠯᠭ᠎ᠠ᠂ ᠠ᠋ᠭᠦᠷᠭᠡ ᠱᠠᠭ᠋ᠠᠷᠳᠠᠯᠭ᠎ᠠ᠂ ᠵᠣᠬᠢᠶᠠᠨ ᠪᠠᠢ᠌ᠭᠤᠯᠵᠤ ᠤᠳᠤᠷᠢᠳᠬᠤ ᠵᠡᠷᠭᠡ ᠠᠵᠢᠯ᠎ᠤᠨ ᠲᠣᠭᠣᠷᠢᠨ᠎ᠳᠤ ᠲᠣᠳᠣᠷᠬᠠᠢ᠌ᠯᠠᠯᠲᠠ ᠬᠢᠬᠦ ᠵᠢᠨ ᠬᠠᠮᠲᠤ ᠳᠠᠷᠠᠭ᠋ᠠᠴᠢ ᠵᠢᠨ ᠠᠵᠢᠯ ᠵᠶ᠋ᠠᠨ ᠬᠡᠷᠬᠢᠨ ᠬᠢᠬᠦ ᠳᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠴᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠪᠤᠭᠤᠲᠤ ᠬᠣᠲᠠ ᠵᠢᠨ ᠠᠷᠠᠳ ᠎ᠤᠨ ᠶᠠᠪᠤᠳᠠᠯ ᠎ᠤᠨ ᠳᠣᠪᠴᠢᠶ᠎ᠠ 2019 ᠣᠨ ᠎ᠤ ᠠᠷᠠᠳ ᠎ᠤᠨ ᠶᠠᠪᠤᠳᠠᠯ ᠎ᠤᠨ ᠠᠵᠢᠯ ᠵᠢᠴᠢ ᠨᠠᠮ ᠎ᠤᠨ ᠰᠤᠷᠲᠠᠯ ᠴᠢᠭᠡᠴᠢ ᠵᠠᠰᠠᠭ ᠎ᠤᠨ ᠪᠠᠢ᠌ᠭᠤᠯᠤᠯᠲᠠ ᠵᠢᠨ ᠠᠵᠢᠯ ᠎ᠤᠨ ᠬᠤᠷᠠᠯ ᠬᠤᠷᠠᠯᠳᠤᠪᠠ
ᠠ᠋ᠷᠢᠶᠡᠨ ᠬᠣᠲᠠ ᠵᠢᠨ ᠠᠷᠠᠳ᠎ᠤᠨ ᠶᠠᠪᠤᠳᠠᠯ ᠨᠡᠢ᠌ᠬᠡᠮ᠎ᠤᠨ ᠪᠠᠲᠤᠯᠠᠭ᠎ᠠ ᠵᠢᠨ ᠳᠣᠪᠴᠢᠶ᠎ᠠ ᠬᠣᠯᠪᠤᠭᠳᠠᠯ ᠪᠦᠬᠦᠢ ᠨᠢᠭᠡᠴᠢ᠎ᠲᠠᠢ ᠬᠠᠮᠲᠤ᠎ᠪᠠᠷ ᠭᠣᠣᠯ ᠰᠡᠳᠣᠪᠲᠤ ᠨᠠᠮ᠎ᠤᠨ ᠠ᠋ᠳᠤᠷ᠎ᠤᠨ ᠠᠵᠢᠯᠯᠠᠭ᠋ᠠᠨ᠎ᠢ ᠦᠷᠨᠢᠭᠦᠯᠵᠠᠢ
ᠠᠯᠠᠱ᠌ᠠ ᠠᠢ᠌ᠮᠠᠭ 2019 ᠤᠨ᠎ᠤ ᠠᠷᠠᠳ᠎ᠤᠨ ᠶᠠᠪᠤᠳᠠᠯ᠎ᠤᠨ ᠠᠵᠢᠯ᠎ᠤᠨ ᠬᠤᠷᠠᠯ ᠬᠤᠷᠠᠯᠳᠤᠭᠤᠯᠪᠠ
ᠬᠦᠯᠦᠨ ᠪᠤᠢ᠌ᠷ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 2019 ᠤᠨ᠎ᠤ ᠤᠯᠠᠨ ᠤᠯᠤᠰ᠎ᠤᠨ ᠨᠡᠢ᠌ᠭᠡᠮ᠎ᠤᠨ ᠠᠵᠢᠯᠲᠠᠨ᠎ᠤ ᠠ᠋ᠳᠦᠷ᠎ᠤᠨ ᠭᠤᠤᠯ ᠰᠡᠳᠦᠪᠲᠦ ᠤᠬᠠᠭᠤᠯᠭ᠎ᠠ ᠵᠢᠨ ᠠᠵᠢᠯᠯᠠᠭ᠎ᠠ ᠦᠷᠨᠢᠭᠦᠯᠪᠡ
ᠬᠥᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ 2019 ᠤᠨ᠎ᠤ ᠴᠢᠭᠡᠴᠢ ᠵᠠᠰᠠᠭ᠎ᠤᠨ ᠰᠡᠷᠡᠮᠵᠢᠯᠡᠭᠦᠯᠬᠦ ᠬᠦᠮᠦᠵᠢᠯ᠎ᠤᠨ ᠠᠵᠢᠯᠯᠠᠭ᠎ᠠ ᠥᠷᠨᠢᠭᠦᠯᠪᠡ
 
            