3 ᠳ᠋ᠤᠭ᠋ᠠᠷ ᠰᠠᠷ᠎ᠠ ᠵᠢᠨ 19᠎ᠤ ᠠ᠋ᠳᠦᠷ ᠬᠥᠬᠡᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶ᠎ᠠ ᠬᠤᠲᠠ ᠵᠢᠨ ᠴᠢᠭᠡᠴᠢ ᠵᠠᠰᠠᠭ ᠰᠤᠶᠤᠯ ᠰᠤᠷᠭ᠋ᠠᠨ ᠬᠦᠮᠦᠵᠢᠯ᠎ᠤᠨ ᠰᠠᠭᠤᠷᠢᠨ ᠭᠠᠵᠠᠷ᠎ᠲᠤ 2019 ᠤᠨ᠎ᠤ ᠴᠢᠭᠡᠴᠢ ᠵᠠᠰᠠᠭ᠎ᠤᠨ ᠰᠡᠷᠡᠮᠵᠢᠯᠡᠭᠦᠯᠬᠦ ᠬᠦᠮᠦᠵᠢᠯ᠎ᠤᠨ ᠠᠵᠢᠯᠯᠠᠭ᠎ᠠ ᠥᠷᠨᠢᠭᠦᠯᠪᠡ᠃ ᠲᠤᠪᠴᠢᠶᠠᠨ᠎ᠤ ᠨᠠᠮ᠎ᠤᠨ ᠤᠳᠤᠷᠢᠳᠬᠤ ᠲᠤᠭᠤᠢ᠌ᠯᠠᠩ᠎ᠤᠨ ᠪᠦᠷᠢᠯᠳᠦᠬᠦᠨ᠂ ᠪᠠᠢ᠌ᠴᠠᠭ᠋ᠠᠨ ᠰᠤᠳᠤᠯᠤᠭᠴᠢ᠂ ᠪᠠᠢ᠌ᠭᠤᠯᠭ᠎ᠠ ᠵᠢᠨ ᠪᠦᠬᠦ ᠺᠠᠳ᠋ᠷ ᠵᠢᠴᠢ ᠲᠤᠪᠴᠢᠶᠠᠨ᠎ᠤ ᠬᠠᠷᠢᠶᠠᠨ᠎ᠤ ᠡᠯ᠎ᠡ ᠨᠢᠭᠡᠴᠢ ᠵᠢᠨ ᠤᠳᠤᠷᠢᠳᠬᠤ ᠪᠠᠭ᠎ᠤᠨ ᠪᠦᠷᠢᠯᠳᠦᠬᠦᠨ᠂ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶᠠᠨ᠎ᠤ ᠬᠡᠰᠢᠭᠦᠨ᠂ ᠨᠠᠮ᠂ ᠵᠠᠰᠠᠭ᠎ᠤᠨ ᠠᠵᠢᠯᠲᠠᠨ᠂ ᠠ᠋ᠳ᠋᠎ᠤᠨ ᠶᠠᠪᠤᠳᠠᠯ᠎ᠤᠨ ᠠᠵᠢᠯᠲᠠᠨ 130 ᠭᠠᠷᠤᠢ ᠬᠦᠮᠦᠨ ᠠ᠋ᠨᠡ ᠤᠳᠠᠭ᠋ᠠᠠᠤ ᠠᠵᠢᠯᠯᠠᠭ᠎ᠠ᠎ᠳᠤ ᠤᠷᠤᠯᠴᠠᠵᠠᠢ᠃ ᠬᠤᠲᠠ ᠵᠢᠨ ᠠᠷᠠᠳ᠎ᠤᠨ ᠶᠠᠪᠤᠳᠠᠯ᠎ᠤᠨ ᠲᠤᠪᠴᠢᠶᠠᠨ᠎ᠳᠤ ᠰᠠᠭᠤᠭ᠎ᠠ ᠬᠤᠲᠠ ᠵᠢᠨ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶ᠎ᠠ ᠬᠢᠨᠠᠨ ᠪᠠᠢ᠌ᠴᠠᠭ᠋ᠠᠬᠤ ᠵᠦᠪᠯᠡᠯ᠎ᠤᠨ ᠰᠠᠬᠢᠯᠭ᠎ᠠ ᠪᠠᠲᠦ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠲᠤᠭᠤᠢ᠌ᠯᠠᠩ᠎ᠤᠨ ᠳᠠᠷᠤᠭ᠎ᠠ ᠫᠸᠩ ᠵᠢᠶᠦᠢ᠍ᠨ ᠨᠦᠬᠦᠷ ᠠᠵᠢᠯᠯᠠᠭ᠋ᠠᠨ ᠠ᠋ᠷᠬᠢᠯᠡᠪᠡ᠃
ᠠ᠋ᠨᠡ ᠤᠳᠠᠭ᠋ᠠᠨ᠎ᠤ ᠰᠡᠷᠡᠮᠵᠢᠯᠡᠭᠦᠯᠬᠦ ᠬᠦᠮᠦᠵᠢᠯ᠎ᠤᠨ ᠠᠵᠢᠯᠯᠠᠭ᠎ᠠ᠎ᠳᠤ ᠥᠪᠡᠷᠳᠡᠭᠡᠨ ᠵᠠᠰᠠᠬᠤ ᠤᠷᠤᠨ᠎ᠤ ᠰᠠᠬᠢᠯᠭ᠎ᠠ ᠪᠠᠲᠦ ᠪᠠᠢ᠌ᠴᠠᠭ᠋ᠠᠬᠤ ᠬᠤᠷᠢᠶ᠎ᠠ ᠬᠢᠨᠠᠨ ᠪᠠᠢ᠌ᠴᠠᠭ᠋ᠠᠬᠤ ᠵᠦᠪᠯᠡᠯ᠎ᠤᠨ ᠤᠬᠠᠭᠤᠯᠬᠤ ᠬᠡᠯᠲᠡᠰ᠎ᠤᠨ ᠳᠠᠷᠤᠭ᠎ᠠ ᠬᠤᠤ ᠴᠤᠤ ᠲᠦᠨᠢ ᠤᠷᠢᠵᠦ 《ᠨᠠᠮ᠎ᠢ ᠪᠦᠬᠦ ᠲᠠᠯ᠎ᠠ᠎ᠪᠠᠷ ᠴᠢᠩᠭ᠎ᠠ ᠵᠠᠰᠠᠬᠤ ᠲᠤᠬᠠᠢ ᠰᠢᠨ᠎ᠡ ᠱᠠᠭ᠋ᠠᠠᠷᠳᠠᠯᠭᠠ ᠵᠢ ᠭᠦᠨᠵᠡᠭᠡᠢ ᠤᠢ᠌ᠯᠠᠭ᠋ᠠᠵᠦ᠂ ᠰᠢᠨ᠎ᠡ ᠴᠠᠭ ᠦᠶ᠎ᠡ ᠵᠢᠨ ᠲᠦᠷᠢᠮ ᠲᠤᠭᠲᠠᠭ᠋ᠠᠯ᠎ᠢ ᠵᠢᠷᠤᠮᠯᠠᠵᠦ ᠰᠠᠬᠢᠯᠭ᠎ᠠ ᠪᠠᠲᠦ ᠵᠢ ᠰᠠᠬᠢᠳᠠᠭ ᠨᠠᠮ᠎ᠤᠨ ᠬᠡᠰᠢᠭᠦᠨ ᠤᠳᠤᠷᠢᠳᠬᠤ ᠺᠠᠳ᠋ᠷ ᠪᠤᠯᠤᠶ᠎ᠠ》 ᠭᠡᠬᠦ ᠰᠡᠳᠦᠪ ᠵᠢᠡᠷ ᠬᠠᠪᠰᠤᠷᠤᠨ ᠵᠢᠯᠤᠭᠤᠳᠬᠤ ᠲᠠᠢ᠌ᠯᠤᠮᠵᠢ ᠬᠢᠯᠭᠡᠪᠡ᠃
ᠲᠤᠭᠤᠢ᠌ᠯᠠᠩ᠎ᠤᠨ ᠳᠠᠷᠤᠭ᠎ᠠ ᠫᠸᠩ ᠵᠢᠶᠦᠢ᠍ᠨ ᠳ᠋ᠦᠩᠨᠡᠯᠲᠡ ᠵᠢᠨ ᠶᠠᠷᠢᠶᠠᠨ᠎ᠳᠠᠭᠠᠨ᠂ ᠠᠷᠠᠳ᠎ᠤᠨ ᠶᠠᠪᠤᠳᠠᠯ᠎ᠤᠨ ᠰᠢᠰᠲᠸᠮ᠎ᠤᠨ ᠨᠠᠮ᠎ᠤᠨ ᠬᠡᠰᠢᠭᠦᠨ ᠺᠠᠳ᠋ᠷᠴᠤᠳ 《ᠳᠦᠷᠪᠡᠨ ᠤᠬᠠᠮᠰᠠᠷ》᠎ᠢ ᠪᠠᠲᠦ ᠪᠤᠢ ᠪᠤᠯᠭ᠋ᠠᠵᠦ᠂ 《ᠲᠦᠷᠪᠡᠨ ᠢᠲᠡᠭᠡᠯ》 ᠵᠢᠡᠨ ᠪᠠᠲᠤᠳᠬᠠᠵᠦ᠂ 《ᠬᠤᠶᠠᠷ᠎ᠢ ᠬᠠᠠᠮᠠᠭ᠋ᠠᠯᠠᠬᠤ》 ᠵᠢ ᠠ᠋ᠷᠡᠰ ᠪᠡᠶᠡᠯᠡᠭᠦᠯᠬᠦ ᠭᠡᠷᠡᠭᠲᠠᠢ᠃ 2019 ᠤᠨ᠎ᠳᠤ ᠥᠷᠨᠢᠭᠦᠯᠵᠤ ᠪᠠᠢ᠌ᠭ᠎ᠠ ᠬᠡᠯᠪᠡᠷᠢᠴᠢ ᠦᠵᠡᠯ᠂ ᠨᠤᠶᠠᠨᠴᠢ ᠰᠤᠷᠲᠠᠯ᠎ᠢ ᠲᠤᠰᠬᠠᠢ ᠴᠡᠭᠴᠡᠯᠡᠨ ᠵᠠᠰᠠᠬᠤ ᠠᠵᠢᠯᠯᠠᠭ᠎ᠠ᠎ᠲᠠᠢ᠎ᠪᠠᠨ ᠤᠶᠠᠯᠳᠤᠭᠤᠯᠤᠨ᠂ 《ᠳᠦᠷᠪᠡᠨ ᠵᠦᠢ᠍ᠯ᠎ᠤᠨ ᠨᠣᠶᠠᠨᠴᠢ ᠰᠤᠷᠲᠠᠯ》᠎ᠤᠨ ᠠᠰᠠᠭᠤᠳᠠᠯ᠂ ᠬᠠᠷ᠎ᠠ ᠪᠦᠯᠦᠭᠲᠡᠨ ᠬᠠᠷᠭᠢᠰ ᠬᠦᠴᠦᠨ᠎ᠲᠠᠢ ᠬᠤᠯᠪᠤᠭᠳᠠᠭᠰᠠᠨ ᠢᠯᠵᠠᠷᠠᠯ ᠵᠡᠷᠭᠡ ᠵᠢ ᠴᠡᠭᠴᠡᠯᠡᠨ ᠵᠠᠰᠠᠬᠤ ᠬᠡᠷᠡᠭᠲᠠᠢ᠃ ᠲᠤᠪᠴᠢᠶᠠᠨ᠎ᠤ ᠬᠠᠷᠢᠶ᠎ᠠ ᠦᠨᠳᠦᠰᠦᠨ ᠱᠠᠲᠤᠨ᠎ᠤ ᠨᠠᠮ᠎ᠤᠨ ᠵᠤᠬᠢᠶᠠᠨ ᠪᠠᠢ᠌ᠭᠤᠯᠤᠯᠲᠠ᠎ᠨᠤᠭᠤᠳ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠢᠨ ᠭᠤᠤᠯ ᠴᠤᠭᠴᠠ ᠵᠢᠨ ᠬᠠᠷᠢᠭᠤᠴᠠᠯᠭ᠎ᠠ ᠵᠢ ᠦᠨᠡᠨᠬᠦ ᠠ᠋ᠭᠦᠷᠭᠡᠯᠡᠨ ᠠᠪᠴᠤ᠂ ᠡᠯ᠎ᠡ ᠵᠦᠢ᠍ᠯ᠎ᠤᠨ ᠠᠵᠢᠯ᠎ᠤᠨ ᠠ᠋ᠮᠬᠢ ᠵᠢᠷᠤᠮ᠎ᠲᠠᠢ ᠶᠠᠪᠤᠬᠳᠠᠬᠤ ᠵᠢ ᠦᠨᠡᠨᠬᠦ ᠪᠠᠲᠤᠯᠠᠬᠤ ᠬᠡᠷᠡᠭᠲᠠᠢ ᠭᠡᠵᠦ ᠴᠢᠬᠤᠯᠠᠴᠢᠯᠠᠵᠠᠢ᠃
ᠠ᠋ᠨᠡ ᠤᠳᠠᠭ᠋ᠠᠨ᠎ᠤ ᠰᠡᠷᠡᠮᠵᠢᠯᠡᠭᠦᠯᠬᠦ ᠬᠦᠮᠤᠵᠢᠯ ᠵᠶ᠋ᠠᠷ ᠪᠦᠬᠦ ᠬᠤᠲᠠ ᠵᠢᠨ ᠠᠷᠠᠳ᠎ᠤᠨ ᠶᠠᠪᠤᠳᠠᠯ᠎ᠤᠨ ᠰᠢᠰᠲᠸᠮ᠎ᠤᠨ ᠦᠷᠭᠡᠨ ᠤᠯᠠᠨ ᠨᠠᠮ᠎ᠤᠨ ᠬᠡᠰᠢᠭᠦᠨ ᠺᠠᠳ᠋ᠷᠴᠤᠳ ᠳᠦᠷᠢᠮ ᠵᠢᠷᠤᠮ᠎ᠢ ᠦᠢ᠍ᠯᠠᠭ᠋ᠠᠨ᠂ ᠪᠢᠰᠢᠷᠡᠨ ᠵᠢᠷᠤᠬᠡᠰᠢᠬᠦ ᠵᠢ ᠮᠡᠳᠡᠵᠦ᠂ ᠬᠡᠷᠡᠭ ᠵᠢᠡᠷ ᠲᠤᠯᠢ ᠪᠤᠯᠭ᠋ᠠᠨ᠂ ᠰᠡᠷᠡᠮᠵᠢᠯᠡᠨ ᠬᠢᠴᠢᠶᠡᠵᠦ᠂ ᠪᠡᠶ᠎ᠡ᠎ᠪᠠᠨ ᠪᠠᠷᠢᠬᠤ ᠦᠵᠡᠯ ᠤᠬᠠᠮᠰᠠᠷ ᠪᠠ ᠢᠯᠵᠠᠷᠠᠯ᠎ᠢ ᠲᠡᠪᠴᠢᠵᠦ ᠰᠡᠷᠬᠡᠢ᠌ᠯᠡᠬᠦ ᠴᠢᠳᠠᠪᠤᠷᠢ᠎ᠪᠠᠨ ᠲᠠᠰᠤᠷᠠᠯᠲᠠ ᠦᠭᠡᠢ ᠲᠡᠭᠡᠭᠰᠢᠯᠡᠭᠦᠯᠬᠦ᠎ᠳᠤᠨᠢ ᠶᠡᠬᠡᠬᠡᠨ ᠳᠤᠰᠠ ᠪᠣᠯᠪᠠ᠃