2019 ᠣᠨ᠎ᠤ 5 ᠳ᠋ᠤᠭ᠋ᠠᠷ ᠰᠠᠷ᠎ᠠ ᠵᠢᠨ 21᠎ᠤ ᠠ᠋ᠳᠤᠷ ᠠᠵᠢᠯ᠎ᠠᠴᠠ᠎ᠪᠠᠨ ᠰᠠᠯᠵᠤ ᠠᠮᠠᠷᠠᠭᠰᠠᠨ ᠪᠠ ᠠᠵᠢᠯ᠎ᠠᠴᠠ᠎ᠪᠠᠨ ᠪᠠᠭᠤᠵᠤ ᠠᠮᠠᠷᠠᠭᠰᠠᠨ ᠬᠦᠮᠤᠰ᠎ᠤᠨ ᠬᠠᠮᠢᠶᠠᠷᠤᠯᠲᠠ ᠵᠢᠨ ᠠᠵᠢᠯ᠎ᠤᠨ ᠭᠠᠵᠠᠷ (ᠠᠵᠢᠯᠲᠠᠨ᠎ᠤ ᠶᠠᠪᠤᠳᠠᠯ᠎ᠤᠨ ᠭᠠᠵᠠᠷ)᠂ ᠠᠯᠪᠠᠨ ᠭᠡᠷ (ᠲᠦᠷᠤ ᠵᠢᠨ ᠪᠣᠳᠣᠯᠭ᠎ᠠ ᠬᠠᠤᠯᠢ ᠲᠦᠷᠢᠮ᠎ᠤᠨ ᠭᠠᠵᠠᠷ)᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠎ᠪᠠᠷ ᠪᠦᠷᠢᠯᠳᠤᠭ᠌ᠰᠡᠨ ᠬᠣᠶᠠᠷ ᠰᠢᠯᠭ᠋ᠠᠨ ᠬᠢᠨᠠᠬᠤ ᠳᠤᠭᠤᠢ᠌ᠯᠠᠩ᠎ᠨᠢ ᠲᠤᠰ ᠲᠤᠰ ᠲᠢᠩᠬᠢᠮ᠎ᠤᠨ ᠰᠢᠭᠤᠳ ᠬᠠᠷᠢᠶ᠎ᠠ ᠨᠢᠭᠡᠴᠢ᠎ᠳᠤ 2018 ᠣᠨ᠎ᠤ ᠠᠵᠢᠯ᠎ᠢ ᠰᠢᠯᠭ᠋ᠠᠨ ᠬᠢᠨᠠᠭᠰᠠᠨ ᠪᠠᠢ᠌ᠨ᠎ᠠ᠃ ᠬᠢᠨᠠᠨ ᠰᠢᠯᠭ᠋ᠠᠬᠤ ᠳᠤᠭᠤᠢ᠌ᠯᠠᠩ᠎ᠨᠢ 〈〈ᠠᠷᠠᠳ᠎ᠤᠨ ᠶᠠᠪᠤᠳᠠᠯ᠎ᠤᠨ ᠲᠢᠩᠬᠢᠮ᠎ᠤᠨ2018 ᠣᠨ᠎ᠤ ᠰᠢᠯᠭ᠋ᠠᠨ ᠬᠢᠨᠠᠵᠤ ᠰᠠᠢ᠌ᠰᠢᠶᠠᠨ ᠭᠦᠬᠢᠭᠦᠯᠬᠦ ᠠᠵᠢᠯ᠎ᠤᠨ ᠲᠦᠰᠤᠯ〉〉᠎ᠢ ᠴᠢᠩᠭ᠎ᠠ ᠵᠢᠷᠤᠮᠯᠠᠨ᠂ ᠡᠯ᠎ᠡ ᠰᠢᠭᠤᠳ ᠬᠠᠷᠢᠶ᠎ᠠ ᠨᠢᠭᠡᠴᠢ ᠵᠢᠨ ᠬᠠᠮᠢᠶ᠎ᠠ ᠪᠦᠬᠦᠢ ᠬᠦᠮᠤᠰ᠎ᠲᠠᠢ ᠳᠤᠰᠬᠠᠢ ᠶᠠᠷᠢᠯᠴᠠᠨ᠂ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ ᠲᠦᠪ ᠬᠣᠷᠢᠶ᠎ᠠ᠂ ᠦᠪᠡᠷᠳᠡᠭᠡᠨ ᠵᠠᠰᠠᠬᠤ ᠣᠷᠣᠨ ᠪᠣᠯᠤᠨ ᠲᠢᠩᠬᠢᠮ᠎ᠤᠨ ᠨᠠᠮ᠎ᠤᠨ ᠳᠤᠭᠤᠢ᠌ᠯᠠᠩ᠎ᠤᠨ ᠰᠢᠢ᠍ᠳᠪᠤᠷᠢ ᠪᠠᠢ᠌ᠷᠢᠯᠠᠭᠤᠯᠤᠯᠲᠠ ᠵᠢ ᠲᠣᠣᠱᠯᠠᠭᠤᠯᠤᠨ ᠨᠠᠢ᠌ᠲᠠᠪᠤᠷᠢᠵᠢᠭᠤᠯᠤᠭᠰᠠᠨ ᠪᠠᠢ᠌ᠳᠠᠯ᠂ ᠬᠤᠪᠢ ᠬᠦᠮᠤᠨ᠎ᠤ ᠦᠵᠡᠯ ᠰᠠᠨᠠᠭ᠎ᠠ ᠤᠯᠤᠰ ᠲᠦᠷᠤ ᠵᠢᠨ ᠪᠠᠢ᠌ᠳᠠᠯ᠂ ᠣᠨ᠎ᠤ ᠠᠵᠢᠯ ᠵᠶ᠋ᠠᠨ ᠪᠡᠶᠡᠯᠡᠭᠦᠯᠤᠭ᠌ᠰᠡᠨ ᠪᠠᠢ᠌ᠳᠠᠯ᠂ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠰᠤᠷᠲᠠᠯ ᠴᠢᠭᠡᠴᠢ ᠵᠠᠰᠠᠭ᠎ᠤᠨ ᠪᠠᠢ᠌ᠭᠤᠯᠤᠯᠲᠠ ᠵᠡᠷᠭᠡ ᠲᠠᠯ᠎ᠠ ᠵᠢᠨ ᠪᠠᠢ᠌ᠳᠠᠯ᠎ᠢ ᠦᠢ᠍ᠯᠠᠭ᠋ᠠᠬᠤᠤ ᠬᠠᠮᠲᠤ ᠰᠢᠯᠭ᠋ᠠᠨ ᠬᠢᠨᠠᠬᠤ ᠳᠤᠭᠤᠢ᠌ᠯᠠᠩ᠎ᠨᠢ ᠰᠢᠭᠤᠳ ᠬᠠᠷᠢᠶ᠎ᠠ ᠨᠢᠭᠡᠴᠢ ᠵᠢᠨ ᠪᠦᠬᠦ ᠠᠵᠢᠯᠲᠠᠨ᠎ᠢ ᠵᠣᠬᠢᠶᠠᠨ ᠪᠠᠢ᠌ᠭᠤᠯᠵᠤ᠂ ᠰᠢᠭᠤᠳ ᠬᠠᠷᠢᠶ᠎ᠠ ᠨᠢᠭᠡᠴᠢ ᠵᠢᠨ ᠤᠳᠤᠷᠢᠳᠬᠤ ᠪᠠᠭ᠎ᠲᠤ ᠠᠷᠠᠳᠴᠢᠯᠠᠯ ᠵᠶ᠋ᠠᠷ ᠬᠢᠨᠠᠨ ᠳᠣᠭᠲᠠᠭ᠋ᠠᠯ ᠬᠢᠵᠠᠢ᠃

