ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ 〈〈ᠦᠵᠡᠯ ᠰᠠᠨᠠᠭ᠎ᠠ᠎ᠪᠠᠨ ᠲᠠᠬᠢᠨ ᠴᠢᠯᠣᠭᠡᠯᠡᠵᠤ᠂ ᠰᠢᠨ᠎ᠡ ᠬᠦᠭᠵᠢᠯᠲᠡ ᠵᠢᠨ ᠦᠵᠡᠯᠲᠡ᠎ᠳᠤ ᠰᠢᠳᠤᠷᠭᠤ ᠬᠠᠨᠲᠤᠨ᠂ ᠴᠢᠨᠠᠷᠵᠢᠭᠤᠨ ᠬᠦᠭᠵᠢᠯᠲᠡ ᠵᠢ ᠳᠦᠯᠬᠢᠨ ᠤᠷᠤᠭᠰᠢᠯᠠᠭᠤᠯᠬᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠦᠷᠨᠢᠭᠦᠯᠬᠦ ᠳᠤᠬᠠᠢ ᠬᠡᠷᠡᠭᠵᠢᠭᠦᠯᠬᠦ ᠳᠦᠰᠤᠯ〉〉᠎ᠢ ᠳᠠᠷᠤᠮᠠᠯᠯᠠᠨ ᠳᠠᠷᠬᠠᠭ᠋ᠠᠪᠠ
ᠨᠡᠶᠢᠲᠡᠯᠡᠭᠰᠡᠨ ᠴᠠᠭ᠄ 2019-05-17

               

    ᠣᠷᠴᠢᠮᠬᠠᠨ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ 〈〈ᠦᠵᠡᠯ ᠰᠠᠨᠠᠭ᠎ᠠ᠎ᠪᠠᠨ ᠳᠠᠬᠢᠨ ᠴᠢᠯᠣᠭᠡᠯᠠᠵᠤ᠂ ᠰᠢᠨ᠎ᠡ ᠬᠦᠭᠵᠢᠯᠲᠡ ᠵᠢᠨ ᠦᠵᠡᠯᠲᠡ᠎ᠳᠤ ᠰᠢᠳᠤᠷᠭᠤ ᠬᠠᠨᠲᠤᠨ᠂ ᠴᠢᠨᠠᠷᠵᠢᠭᠤᠨ ᠬᠦᠭᠵᠢᠯᠲᠡ ᠵᠢ ᠳᠦᠯᠬᠢᠨ ᠤᠷᠤᠭᠰᠢᠯᠠᠭᠤᠯᠬᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠦᠷᠨᠢᠭᠦᠯᠬᠦ ᠳᠤᠬᠠᠢ ᠬᠡᠷᠡᠭᠵᠢᠭᠦᠯᠬᠦ ᠳᠦᠰᠤᠯ〉〉᠎ᠢ ᠳᠠᠷᠤᠮᠠᠯᠯᠠᠨ ᠳᠠᠷᠬᠠᠭ᠋ᠠᠵᠤ᠂ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠦᠷᠨᠢᠭᠦᠯᠬᠦ ᠠᠵᠢᠯ᠎ᠤᠨ ᠭᠣᠣᠯ ᠠᠭᠤᠯᠭ᠎ᠠ᠂ ᠠᠷᠭ᠎ᠠ ᠬᠡᠮᠵᠢᠶ᠎ᠡ᠂ ᠵᠣᠬᠢᠶᠠᠨ ᠪᠠᠢ᠌ᠭᠤᠯᠵᠤ ᠤᠳᠤᠷᠢᠭᠬᠤ ᠵᠡᠷᠭᠡ ᠵᠢ ᠤᠯᠠᠮ ᠨᠢᠭᠡ ᠠᠯᠬᠤᠮ ᠨᠠᠷᠢᠨ ᠪᠣᠳᠠᠲᠠᠢ ᠳᠤᠲᠠᠭ᠋ᠠᠵᠠᠢ᠃
    〈〈ᠳᠦᠰᠤᠯ᠎ᠳᠤ〉〉 11 ᠵᠣᠷᠪᠣᠰ ᠪᠣᠳᠠᠲᠠᠢ ᠰᠤᠷᠤᠯᠴᠠᠬᠤ ᠭᠣᠣᠯ ᠠᠭᠤᠯᠭ᠎ᠠ ᠵᠢ ᠵᠢᠭᠰᠠᠭ᠋ᠠᠨ᠂ ᠲᠢᠩᠬᠢᠮ᠎ᠤᠨ ᠰᠢᠰᠲᠸᠮ᠎ᠤᠨ ᠪᠦᠬᠦ ᠨᠠᠮ᠎ᠤᠨ ᠭᠡᠰᠢᠭᠦᠨ ᠺᠠᠳ᠋ᠷᠴᠤᠳ᠎ᠢ ᠤᠭ ᠵᠣᠬᠢᠶᠠᠯ᠎ᠢ᠎ᠨᠢ ᠪᠦᠬᠦ ᠲᠠᠯ᠎ᠠ᠎ᠪᠠᠷ ᠰᠢᠰᠲᠸᠮ᠎ᠲᠠᠢ᠎ᠪᠠᠷ ᠭᠦᠨᠵᠡᠭᠡᠢ ᠰᠡᠳᠬᠢᠨ᠂ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠰᠤᠷᠤᠯᠴᠠᠵᠤ᠂ ᠲᠢᠩᠬᠢᠮ᠎ᠤᠨ ᠨᠠᠮ᠎ᠤᠨ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ ᠳᠤᠰᠬᠠᠢ ᠰᠡᠳᠤᠪ ᠵᠶ᠋ᠠᠷ ᠬᠠᠮᠲᠤ᠎ᠪᠠᠷ ᠰᠤᠷᠤᠯᠴᠠᠬᠤ᠎ᠪᠠᠷ ᠱᠠᠭ᠋ᠠᠷᠳᠠᠭᠰᠠᠨ ᠪᠠᠢ᠌ᠨ᠎ᠠ᠃ ᠪᠠᠢ᠌ᠭᠤᠯᠭ᠎ᠠ ᠵᠢᠨ ᠨᠠᠮ᠎ᠤᠨ ᠬᠣᠷᠢᠶ᠎ᠠ 〈〈ᠠᠷᠠᠳ᠎ᠤᠨ ᠶᠠᠪᠤᠳᠠᠯ᠎ᠤᠨ ᠰᠤᠷᠤᠯᠴᠠᠯᠭ᠎ᠠ〉〉 ᠵᠢ ᠵᠣᠬᠢᠶᠠᠨ ᠪᠠᠢ᠌ᠭᠤᠯᠵᠤ᠂ ᠳᠤᠰᠬᠠᠢ ᠠ᠋ᠷᠳᠡᠮᠲᠡᠨ ᠰᠤᠳᠤᠯᠭ᠋ᠠᠲᠠᠨ᠎ᠢ ᠤᠷᠢᠵᠤ ᠳᠤᠰᠬᠠᠢ ᠰᠡᠳᠤᠪ ᠵᠶ᠋ᠠᠷ ᠲᠠᠢ᠌ᠯᠤᠮᠵᠢ ᠬᠢᠵᠤ ᠵᠢᠯᠣᠭᠣᠳᠤᠨ᠂ ᠡᠯ᠎ᠡ ᠨᠠᠮ᠎ᠤᠨ ᠠ᠋ᠭᠦᠷ᠎ᠤᠨ᠎ᠬᠢᠨ 〈〈ᠭᠤᠷᠪᠠᠨ ᠬᠤᠷᠠᠯ ᠨᠢᠭᠡ ᠬᠢᠴᠢᠶᠡᠯ〉〉 ᠵᠶ᠋ᠠᠷ ᠳᠠᠮᠵᠢᠨ ᠰᠤᠷᠤᠯᠴᠠᠯᠭ᠎ᠠ᠎ᠪᠠᠨ ᠦᠷᠨᠢᠭᠦᠯᠵᠤ᠂ ᠦᠷᠭᠡᠨ ᠣᠯᠠᠨ ᠨᠠᠮ᠎ᠤᠨ ᠭᠡᠰᠢᠭᠦᠨ ᠺᠠᠳ᠋ᠷᠴᠤᠳ 〈〈ᠰᠤᠷᠤᠯᠴᠠᠯᠭ᠎ᠠ ᠵᠢᠨ ᠬᠦᠴᠤᠷᠬᠡᠭ ᠤᠯᠤᠰ ᠦᠪᠣᠷ ᠮᠣᠩᠭᠤᠯ᠎ᠤᠨ ᠰᠤᠷᠤᠯᠴᠠᠯᠭ᠎ᠠ ᠵᠢᠨ ᠳᠠᠪᠴᠠᠩ〉〉 ᠭᠠᠷ ᠤᠲᠠᠰᠤᠨapp᠎ᠪᠠᠷ ᠳᠠᠮᠵᠢᠨ ᠦᠪᠡᠷᠳᠡᠭᠡᠨ ᠰᠠᠢ᠌ᠨ ᠰᠤᠷᠤᠯᠴᠠᠬᠤ ᠬᠡᠷᠡᠭᠲᠠᠢ᠃ 5 ᠳ᠋ᠤᠭ᠋ᠠᠷ ᠰᠠᠷ᠎ᠠ ᠵᠢᠨ ᠳᠤᠮᠳᠠᠴᠢ᠎ᠠᠴᠠ ᠠ᠋ᠬᠢᠯᠡᠵᠤ᠂ ᠨᠠᠮ᠎ᠤᠨ ᠳᠣᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ ᠵᠢᠨ ᠪᠦᠷᠢᠯᠳᠤᠭᠦᠨ᠂ ᠡᠯ᠎ᠡ ᠭᠠᠵᠠᠷ ᠠᠯᠪᠠᠨ ᠭᠡᠷ ᠨᠢᠭᠡᠴᠢ ᠵᠢᠨ ᠬᠠᠷᠢᠭᠤᠴᠠᠯᠭ᠋ᠠᠲᠠᠨ ᠨᠠᠷ ᠠ᠋ᠨᠡᠬᠦ ᠳᠣᠯᠣᠭ᠋ᠠᠨ ᠲᠠᠯ᠎ᠠ ᠵᠢᠨ ᠠᠭᠤᠯᠭ᠎ᠠ᠎ᠳᠤ ᠴᠢᠭᠯᠡᠭᠦᠯᠤᠨ ᠶᠠᠷᠢᠯᠴᠠᠨ ᠰᠢᠨᠵᠢᠯᠡᠵᠤ ᠪᠠᠢ᠌ᠴᠠᠭ᠋ᠠᠨ ᠰᠤᠳᠤᠯᠵᠤ᠂ ᠦᠪᠡᠷ᠎ᠤᠨ ᠦᠵᠡᠯ ᠰᠠᠨᠠᠭ᠎ᠠ ᠦᠢ᠍ᠯᠠᠭ᠋ᠠᠭᠳᠠᠬᠤᠨ᠂ ᠠᠵᠢᠯ᠎ᠤᠨ ᠣᠪᠣᠷ ᠰᠤᠷᠲᠠᠯ ᠳᠡᠭᠡᠷᠡᠬᠢ ᠢᠯᠡᠷᠡᠯ ᠪᠣᠯᠤᠨ ᠵᠦᠷᠢᠶ᠎ᠡ᠂ ᠠᠵᠢᠯ᠎ᠤᠨ ᠳᠤᠲᠠᠭᠤᠳᠠᠯ ᠪᠠ ᠪᠠᠭᠤᠷᠠᠢ ᠲᠠᠯ᠎ᠠ᠎ᠪᠠᠨ ᠠ᠋ᠷᠢᠵᠤ ᠭᠠᠷᠭ᠋ᠠᠨ᠂ ᠬᠠᠯᠠᠨ ᠰᠠᠢ᠌ᠵᠢᠷᠠᠭᠤᠯᠬᠤ ᠠᠷᠭ᠎ᠠ ᠪᠣᠳᠣᠯᠭ᠎ᠠ᠎ᠪᠠᠨ ᠳᠤᠰᠬᠠᠢ ᠰᠡᠳᠤᠪ ᠵᠶ᠋ᠠᠷ᠎ᠨᠢ ᠬᠠᠷᠢᠭᠤ ᠮᠡᠳᠡᠭᠦᠯᠤᠯᠲᠡ ᠬᠢᠬᠦ ᠬᠡᠷᠡᠭᠲᠠᠢ ᠭᠡᠵᠡᠢ᠃
    〈〈ᠳᠦᠰᠤᠯ〉〉᠎ᠳᠤ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢ ᠲᠢᠩᠬᠢᠮ᠎ᠤᠨ ᠨᠠᠮ᠎ᠤᠨ ᠳᠤᠭᠤᠢ᠌ᠯᠠᠩ ᠶᠡᠷᠤᠩᠬᠡᠢ᠌ᠯᠡᠨ ᠬᠠᠷᠢᠭᠤᠴᠠᠵᠤ᠂ ᠠᠷᠠᠳ᠎ᠤᠨ ᠶᠠᠪᠤᠳᠠᠯ᠎ᠤᠨ ᠲᠢᠩᠬᠢᠮ᠎ᠤᠨ ᠶᠡᠬᠡ ᠰᠤᠷᠤᠯᠴᠠᠯᠭ᠎ᠠ ᠶᠡᠬᠡ ᠶᠠᠷᠢᠯᠴᠠᠭ᠎ᠠ ᠵᠢᠨ ᠤᠳᠤᠷᠢᠳᠬᠤ ᠪᠠᠭ᠎ᠠ ᠳᠤᠭᠤᠢ᠌ᠯᠠᠩ ᠪᠠᠢ᠌ᠭᠤᠯᠤᠨ᠂ ᠳᠣᠣᠷ᠎ᠠ᠎ᠨᠢ ᠠᠯᠪᠠᠨ ᠭᠡᠷ ᠭᠠᠷᠭ᠋ᠠᠵᠤ ᠠ᠋ᠳᠤᠷ ᠲᠣᠲᠣᠮ᠎ᠤᠨ ᠠᠵᠢᠯ᠎ᠢ ᠬᠠᠷᠢᠭᠤᠴᠠᠨ᠂ ᠬᠠᠮᠢᠶ᠎ᠠ ᠪᠦᠬᠦᠢ ᠪᠠᠢ᠌ᠳᠠᠯ᠎ᠢ ᠦᠢ᠍ᠯᠠᠭ᠋ᠠᠵᠤ᠂ ᠬᠤᠭᠤᠴᠠᠭ᠎ᠠ᠎ᠲᠠᠢ᠎ᠪᠠᠷ ᠬᠢᠨᠠᠨ ᠪᠠᠢ᠌ᠴᠠᠭ᠋ᠠᠬᠤ ᠵᠢ ᠴᠢᠩᠭ᠋ᠠᠳᠬᠠᠨ᠂ ᠨᠠᠢ᠌ᠲᠠᠪᠤᠷᠢᠵᠢᠯᠲᠠ ᠵᠢ ᠠᠬᠢᠭᠤᠯᠬᠤ ᠬᠡᠷᠡᠭᠲᠠᠢ ᠭᠡᠵᠡᠢ᠃

ᠢᠷᠡᠯᠲᠡ᠄
          
ᠬᠠᠮᠢᠶ᠎ᠡ ᠪᠦᠬᠦᠢ ᠰᠣᠨᠢᠨ
ᠦᠪᠣᠷ ᠮᠣᠩᠭᠣᠯ ᠪᠣᠯᠤᠨ ᠭᠢᠷᠢᠨ ᠮᠤᠵᠢ ᠵᠢᠨ ᠬᠢᠯᠢ ᠵᠠᠭ᠋ᠠᠭ᠎ᠤᠨ ᠳᠦᠷᠪᠡᠳᠡᠬᠢ ᠠ᠋ᠭᠡᠯᠵᠢ ᠵᠢᠨ ᠬᠠᠮᠲᠤᠷᠠᠭᠰᠠᠨ ᠬᠤᠷᠠᠯᠳᠤᠭ᠋ᠠᠨ ᠤᠯᠠᠭ᠋ᠠᠨᠬᠤᠲᠠ᠎ᠳᠤ ᠪᠣᠯᠪᠠ
ᠠᠷᠠᠳ᠎ᠤᠨ ᠶᠠᠪᠤᠳᠠᠯ᠎ᠤᠨ ᠲᠢᠩᠬᠢᠮ 2019 ᠣᠨ᠎ᠤ 12 ᠳ᠋ᠤᠭ᠋ᠠᠷ ᠤᠳᠠᠭ᠋ᠠᠨ᠎ᠤ ᠨᠠᠮ᠎ᠤᠨ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠬᠢᠪᠡ
ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠯᠭ᠋ᠠᠨ ᠬᠢᠨᠠᠬᠤ ᠠᠯᠪᠠᠨ ᠭᠡᠷ ᠰᠢᠭᠤᠳ ᠬᠠᠷᠢᠶ᠎ᠠ ᠨᠢᠭᠡᠴᠢ ᠵᠢᠨ ᠵᠶ᠋ᠠᠨ 2018 ᠣᠨ᠎ᠤ ᠠᠵᠢᠯ᠎ᠢ ᠰᠢᠯᠭ᠋ᠠᠨ ᠬᠢᠨᠠᠵᠠᠢ
ᠪᠠᠶᠡᠨᠨᠠᠭᠤᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠡᠪᠯᠡᠯ᠎ᠤᠨ ᠬᠣᠷᠢᠶ᠎ᠠ ᠵᠠᠯᠠᠭᠤᠴᠤᠳ᠎ᠢ ᠵᠣᠬᠢᠶᠠᠨ ᠪᠠᠢ᠌ᠭᠤᠯᠤᠨ 〈〈ᠬᠠᠲᠤᠨ ᠭᠣᠣᠯ ᠳᠠᠭ᠋ᠠᠤ ᠣᠷᠴᠢᠨ ᠲᠣᠭᠣᠷᠢᠨ᠎ᠤ ᠵᠠᠰᠠᠨ ᠴᠡᠭᠴᠡᠯᠡᠯᠲᠡ ᠵᠢᠴᠢ ᠵᠠᠯᠠᠭᠤ ᠨᠠᠰᠤ᠎ᠪᠠᠨ ᠤᠯᠤᠰ᠎ᠤᠨ ᠠ᠋ᠷᠡᠭᠦᠯ ᠬᠠᠮᠠᠭ᠋ᠠᠯᠠᠯ᠎ᠤᠨ ᠬᠣᠲᠠ ᠵᠢ ᠴᠣᠭᠴᠠᠯᠠᠨ ᠪᠠᠢ᠌ᠭᠤᠯᠬᠤ ᠰᠠᠢ᠌ᠨ ᠳᠤᠷ᠎ᠠ ᠵᠢᠨ ᠠᠵᠢᠯᠯᠠᠭ᠎ᠠ᠎ᠳᠤ ᠵᠣᠷᠢᠭᠤᠯᠤᠶ᠎ᠠ〉〉 ᠭᠡᠬᠦ ᠠᠵᠢᠯᠯᠠᠭ᠎ᠠ᠎ᠳᠤ ᠣᠷᠣᠯᠴᠠᠭᠤᠯᠵᠠᠢ
 
            