ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠣᠷ ᠮᠣᠩᠭᠣᠯ ᠪᠣᠯᠤᠨ ᠭᠢᠷᠢᠨ ᠮᠤᠵᠢ ᠵᠢᠨ ᠬᠢᠯᠢ ᠵᠠᠭ᠋ᠠᠭ᠎ᠤᠨ ᠳᠦᠷᠪᠡᠳᠡᠬᠢ ᠠ᠋ᠭᠡᠯᠵᠢ ᠵᠢᠨ ᠬᠠᠮᠲᠤᠷᠠᠭᠰᠠᠨ ᠬᠤᠷᠠᠯᠳᠤᠭ᠋ᠠᠨ ᠤᠯᠠᠭ᠋ᠠᠨᠬᠤᠲᠠ᠎ᠳᠤ ᠪᠣᠯᠪᠠ
ᠨᠡᠶᠢᠲᠡᠯᠡᠭᠰᠡᠨ ᠴᠠᠭ᠄ 2019-05-21

           

    5 ᠳ᠋ᠤᠭ᠋ᠠᠷ ᠰᠠᠷ᠎ᠠ ᠵᠢᠨ 16᠎ᠤ ᠠ᠋ᠳᠤᠷ ᠦᠪᠣᠷ ᠮᠣᠩᠭᠣᠯ ᠪᠣᠯᠣᠨ ᠭᠢᠷᠢᠨ ᠮᠤᠵᠢ ᠵᠢᠨ ᠬᠢᠯᠢ ᠵᠠᠭ᠋ᠠᠭ ᠵᠢᠨ ᠲᠦᠷᠪᠡᠳᠡᠬᠢ ᠠ᠋ᠭᠡᠯᠵᠢ ᠵᠢᠨ ᠬᠠᠮᠳᠤᠷᠠᠭᠰᠠᠨ ᠠᠵᠢᠯ᠎ᠤᠨ ᠬᠤᠷᠠᠯᠳᠤᠭ᠋ᠠᠨ᠎ᠢ ᠦᠪᠣᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠤᠯᠠᠭ᠋ᠠᠨᠬᠤᠲᠠ᠎ᠳᠤ ᠬᠢᠵᠠᠢ᠃ ᠦᠪᠦᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠰᠤᠶᠤᠯ᠂ ᠭᠢᠷᠢᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠲᠠᠩ ᠸᠸᠨ ᠵᠦᠩ ᠬᠤᠷᠠᠯᠳᠤᠭ᠋ᠠᠨ᠎ᠳᠤ ᠣᠷᠣᠯᠴᠠᠪᠠ᠃ ᠦᠪᠦᠷ ᠮᠣᠩᠭᠣᠯ ᠪᠣᠯᠤᠨ ᠭᠢᠷᠢᠨ ᠮᠤᠵᠢ ᠵᠢᠨ ᠵᠠᠬ᠎ᠠ ᠬᠢᠯᠢ᠎ᠳᠠᠬᠢ ᠬᠦᠷᠰᠢ ᠵᠡᠷᠭᠡᠯᠡᠳᠡᠭᠡ 5 ᠠᠢ᠌ᠮᠠᠭ ᠬᠣᠲᠠ᠂ 14 ᠬᠤᠰᠢᠭᠤ ᠰᠢᠶᠡᠨ (ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠬᠣᠪᠢᠶᠠᠷᠢᠯᠠᠨ ᠬᠠᠷᠢᠭᠤᠴᠠᠵᠤ ᠪᠠᠢ᠌ᠭ᠎ᠠ ᠤᠳᠤᠷᠢᠳᠤᠯᠭ᠎ᠠ᠂ ᠬᠤᠪᠢᠶᠡᠷᠢ ᠭᠠᠵᠠᠷ᠎ᠤᠨ ᠨᠡᠷ᠎ᠡ ᠵᠢᠨ ᠰᠠᠯᠠᠭ᠋ᠠᠨ (ᠳᠠᠰᠤᠭ)᠎ᠤ ᠳᠠᠷᠤᠭ᠎ᠠ ᠵᠡᠷᠭᠡ ᠵᠢᠨ ᠬᠦᠮᠤᠰ ᠬᠤᠷᠠᠯ᠎ᠳᠤ ᠣᠷᠣᠯᠴᠠᠵᠠᠢ᠃
    ᠬᠤᠷᠠᠯ ᠳᠡᠭᠡᠷ᠎ᠡ 〈〈ᠦᠪᠦᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ ᠪᠣᠯᠤᠨ ᠭᠢᠷᠢᠨ ᠮᠤᠵᠢ ᠵᠢᠨ ᠵᠠᠰᠠᠭ ᠵᠠᠬᠢᠷᠭ᠋ᠠᠨ᠎ᠤ ᠣᠷᠣᠨ᠎ᠤ ᠵᠠᠭ᠋ᠠᠭ ᠱᠤᠭᠤᠮ᠎ᠤᠨ ᠳᠦᠷᠪᠡᠳᠡᠬᠢ ᠠ᠋ᠭᠡᠯᠵᠢ ᠵᠢᠨ ᠬᠠᠮᠲᠤᠷᠠᠨ ᠪᠠᠢ᠌ᠴᠠᠭ᠋ᠠᠬᠤ ᠠᠵᠢᠯ᠎ᠤᠨ ᠬᠡᠷᠡᠭᠵᠢᠭᠦᠯᠬᠦ ᠳᠦᠰᠤᠯ〉〉᠎ᠢ ᠣᠩᠰᠢᠨ ᠨᠡᠢ᠌ᠲᠡᠯᠡᠵᠤ᠂ ᠬᠢᠩᠭ᠋ᠠᠨ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠡᠨ᠎ᠤ ᠳᠠᠷᠤᠭ᠎ᠠ ᠪᠣᠣ ᠱ᠌ᠢ ᠲᠸᠣ ᠵᠡᠷᠭᠡ ᠬᠣᠶᠠᠷ ᠮᠤᠵᠢ ᠣᠷᠣᠨ᠎ᠤ ᠬᠦᠷᠰᠢ ᠵᠡᠷᠭᠡᠯᠡᠳᠡᠭᠡ ᠠᠢ᠌ᠮᠠᠭ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠬᠠᠷᠢᠭᠤᠴᠠᠯᠭ᠋ᠠᠲᠠᠨ ᠣᠪᠣᠷ ᠵᠶ᠋ᠠᠨ ᠢᠯᠡᠳᠬᠡᠭᠰᠡᠨ ᠪᠠᠢ᠌ᠨ᠎ᠠ᠃ ᠭᠢᠷᠢᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠲᠠᠩ ᠸᠸᠨ ᠵᠦᠩ ᠪᠣᠯᠤᠨ ᠦᠪᠦᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠳᠡᠳ᠋ ᠳᠠᠷᠤᠭ᠎ᠠ ᠰᠤᠶᠤᠯ᠎ᠠᠴᠠ ᠳᠠᠷᠠᠭ᠋ᠠᠴᠢ ᠵᠢᠨ ᠦᠪᠦᠷ ᠮᠣᠩᠭᠣᠯ ᠪᠣᠯᠤᠨ ᠭᠢᠷᠢᠨ ᠮᠤᠵᠢ ᠵᠢᠨ ᠬᠢᠯᠢ ᠵᠠᠭ᠋ᠠᠭ᠎ᠤᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ᠎ᠳᠤ ᠳᠤᠰ ᠳᠤᠰ ᠰᠠᠨᠠᠯ ᠵᠶ᠋ᠠᠨ ᠳᠤᠷᠠᠳᠴᠤ᠂ 〈〈ᠦᠪᠦᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ ᠪᠣᠯᠤᠨ ᠭᠢᠷᠢᠨ ᠮᠤᠵᠢ ᠵᠢᠨ ᠠᠷᠠᠳ᠎ᠤᠨ ᠶᠠᠪᠤᠳᠠᠯ᠎ᠤᠨ ᠲᠢᠩᠬᠢᠮ᠎ᠤᠨ ᠮᠤᠵᠢ ᠵᠢᠨ ᠱᠠᠲᠤᠨ᠎ᠤ ᠠᠮᠤᠷ ᠳᠦᠪᠰᠢᠨ ᠬᠢᠯᠢ ᠵᠠᠭ᠋ᠠᠭ᠎ᠢ ᠠ᠋ᠭᠦᠳᠤᠨ ᠪᠠᠢ᠌ᠭᠤᠯᠬᠤ ᠠᠵᠢᠯᠯᠠᠭ᠎ᠠ ᠵᠢ ᠦᠷᠨᠢᠭᠦᠯᠬᠦ ᠳᠤᠬᠠᠢ ᠰᠠᠨᠠᠭ᠋ᠠᠴᠢᠯᠠᠭ᠎ᠠ ᠵᠢᠨ ᠪᠢᠴᠢᠭ〉〉 ᠳᠡᠭᠡᠷ᠎ᠡ ᠭᠠᠷ᠎ᠤᠨ ᠦᠰᠤᠭ᠌ ᠵᠢᠷᠤᠪᠠ᠃
    ᠬᠤᠷᠠᠯ᠎ᠤᠨ ᠳᠠᠷᠠᠭ᠎ᠠ ᠬᠣᠶᠠᠷ ᠮᠤᠵᠢ ᠣᠷᠣᠨ᠎ᠤ ᠬᠦᠷᠰᠢ ᠵᠡᠷᠭᠡᠯᠡᠳᠡᠭᠡ ᠰᠢᠶᠡᠨ (ᠬᠤᠰᠢᠭᠤ᠂ ᠬᠣᠲᠠ᠂ ᠲᠣᠭᠣᠷᠢᠭ)᠎ᠤ ᠠᠷᠠᠳ᠎ᠤᠨ ᠶᠠᠪᠤᠳᠠᠯ᠎ᠤᠨ ᠳᠣᠪᠴᠢᠶ᠎ᠠ ᠭᠡᠰᠡᠭ ᠬᠤᠪᠢᠶᠠᠨ ᠬᠠᠮᠲᠤᠷᠠᠭᠰᠠᠨ ᠪᠠᠢ᠌ᠴᠠᠭ᠋ᠠᠯᠲᠠ ᠬᠢᠬᠦ ᠶᠠᠪᠤᠳᠠᠯ᠎ᠢ ᠵᠦᠪᠳᠡᠯᠴᠡᠨ ᠳᠣᠬᠢᠷᠠᠭ᠋ᠠᠳ᠂ ᠳᠠᠷᠠᠭ᠋ᠠᠴᠢ ᠵᠢᠨ ᠮᠤᠵᠢ ᠵᠢᠨ ᠱᠠᠲᠤᠨ᠎ᠤ ᠬᠢᠯᠢ ᠵᠠᠭ᠋ᠠᠭ᠎ᠤᠨ ᠬᠠᠮᠲᠤᠷᠠᠭᠰᠠᠨ ᠪᠠᠢ᠌ᠴᠠᠭ᠋ᠠᠯᠲᠠ ᠵᠢᠨ ᠠᠵᠢᠯ᠎ᠢ ᠰᠠᠢ᠌ᠨ ᠬᠢᠬᠦ᠎ᠳᠤ ᠰᠠᠭᠤᠷᠢ ᠳᠠᠯᠪᠢᠵᠠᠢ᠃


ᠢᠷᠡᠯᠲᠡ᠄
          
ᠬᠠᠮᠢᠶ᠎ᠡ ᠪᠦᠬᠦᠢ ᠰᠣᠨᠢᠨ
ᠠᠷᠠᠳ᠎ᠤᠨ ᠶᠠᠪᠤᠳᠠᠯ᠎ᠤᠨ ᠲᠢᠩᠬᠢᠮ 2019 ᠣᠨ᠎ᠤ 12 ᠳ᠋ᠤᠭ᠋ᠠᠷ ᠤᠳᠠᠭ᠋ᠠᠨ᠎ᠤ ᠨᠠᠮ᠎ᠤᠨ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ᠎ᠤᠨ ᠰᠤᠷᠤᠯᠴᠠᠯᠭ᠎ᠠ ᠬᠢᠪᠡ
ᠠᠷᠠᠳ᠎ᠤᠨ ᠶᠠᠪᠤᠳᠠᠯ᠎ᠤᠨ ᠲᠢᠩᠬᠢᠮ᠎ᠤᠨ ᠰᠢᠯᠭ᠋ᠠᠨ ᠬᠢᠨᠠᠬᠤ ᠠᠯᠪᠠᠨ ᠭᠡᠷ ᠰᠢᠭᠤᠳ ᠬᠠᠷᠢᠶ᠎ᠠ ᠨᠢᠭᠡᠴᠢ ᠵᠢᠨ ᠵᠶ᠋ᠠᠨ 2018 ᠣᠨ᠎ᠤ ᠠᠵᠢᠯ᠎ᠢ ᠰᠢᠯᠭ᠋ᠠᠨ ᠬᠢᠨᠠᠵᠠᠢ
ᠪᠠᠶᠡᠨᠨᠠᠭᠤᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠡᠪᠯᠡᠯ᠎ᠤᠨ ᠬᠣᠷᠢᠶ᠎ᠠ ᠵᠠᠯᠠᠭᠤᠴᠤᠳ᠎ᠢ ᠵᠣᠬᠢᠶᠠᠨ ᠪᠠᠢ᠌ᠭᠤᠯᠤᠨ 〈〈ᠬᠠᠲᠤᠨ ᠭᠣᠣᠯ ᠳᠠᠭ᠋ᠠᠤ ᠣᠷᠴᠢᠨ ᠲᠣᠭᠣᠷᠢᠨ᠎ᠤ ᠵᠠᠰᠠᠨ ᠴᠡᠭᠴᠡᠯᠡᠯᠲᠡ ᠵᠢᠴᠢ ᠵᠠᠯᠠᠭᠤ ᠨᠠᠰᠤ᠎ᠪᠠᠨ ᠤᠯᠤᠰ᠎ᠤᠨ ᠠ᠋ᠷᠡᠭᠦᠯ ᠬᠠᠮᠠᠭ᠋ᠠᠯᠠᠯ᠎ᠤᠨ ᠬᠣᠲᠠ ᠵᠢ ᠴᠣᠭᠴᠠᠯᠠᠨ ᠪᠠᠢ᠌ᠭᠤᠯᠬᠤ ᠰᠠᠢ᠌ᠨ ᠳᠤᠷ᠎ᠠ ᠵᠢᠨ ᠠᠵᠢᠯᠯᠠᠭ᠎ᠠ᠎ᠳᠤ ᠵᠣᠷᠢᠭᠤᠯᠤᠶ᠎ᠠ〉〉 ᠭᠡᠬᠦ ᠠᠵᠢᠯᠯᠠᠭ᠎ᠠ᠎ᠳᠤ ᠣᠷᠣᠯᠴᠠᠭᠤᠯᠵᠠᠢ
ᠪᠣᠭᠤᠲᠤ ᠬᠣᠲᠠ ᠪᠦᠬᠦ ᠤᠯᠤᠰ᠎ᠤᠨ ᠭᠠᠵᠠᠷ᠎ᠤᠨ ᠨᠡᠷ᠎ᠡ᠎ᠤᠨ ᠨᠡᠢ᠌ᠲᠡᠮ ᠪᠠᠢ᠌ᠴᠠᠭ᠋ᠠᠯᠲᠠ ᠵᠢᠨ ᠲᠡᠷᠢᠭᠦᠨ᠎ᠤ ᠬᠠᠮᠲᠤ᠎ᠪᠠᠷ ᠭᠦᠬᠢᠭᠦᠯᠤᠭ᠌ᠳᠡᠪᠡ
 
            