ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠯᠠᠱ᠌ᠠ ᠠᠢ᠌ᠮᠠᠭ᠎ᠤᠨ ᠵᠠᠬᠢᠷᠭ᠋ᠠᠨ᠎ᠤ ᠤᠳᠤᠷᠢᠳᠤᠯᠭ᠎ᠠ ᠠᠯᠠᠱ᠌ᠠ ᠵᠠᠭᠦᠨ ᠬᠣᠰᠢᠭᠤᠨ᠎ᠤ ᠣᠷᠣᠰᠢᠭᠤᠯᠭ᠎ᠠ ᠵᠢᠨ ᠬᠠᠮᠢᠶᠠᠷᠤᠯᠲᠠ ᠵᠢᠨ ᠠᠵᠢᠯ ᠪᠠᠢ᠌ᠴᠠᠭ᠋ᠠᠨ ᠰᠤᠳᠤᠯᠵᠤ ᠬᠢᠨᠠᠨ ᠵᠢᠯᠣᠭᠣᠳᠪᠠ
ᠨᠡᠶᠢᠲᠡᠯᠡᠭᠰᠡᠨ ᠴᠠᠭ᠄ 2019-06-11

             

     6 ᠳ᠋ᠤᠭ᠋ᠠᠷ ᠰᠠᠷ᠎ᠠ ᠵᠢᠨ 3᠎ᠤ ᠠ᠋ᠳᠤᠷ ᠠᠯᠠᠱ᠌ᠠ ᠠᠢ᠌ᠮᠠᠭ᠎ᠤᠨ ᠵᠠᠬᠢᠷᠭ᠋ᠠᠨ᠎ᠤ ᠳᠡᠳ᠋ ᠳᠠᠷᠤᠭ᠎ᠠ ᠰᠡᠴᠡᠨ᠂ ᠳᠡᠳ᠋ ᠨᠠᠷᠢᠨ ᠪᠢᠴᠢᠭ᠎ᠤᠨ ᠳᠠᠷᠤᠭ᠎ᠠ ᠸᠠᠩ ᠬᠠᠢ ᠶᠢᠩ ᠵᠡᠷᠭᠡ ᠬᠦᠮᠤᠰ ᠤᠷᠢᠳ ᠬᠣᠵᠢᠳ ᠠᠯᠠᠱ᠌ᠠ ᠵᠡᠭᠦᠨ ᠬᠣᠰᠢᠭᠤᠨ᠎ᠤ ᠬᠤᠩ ᠱᠠᠨ ᠨᠡᠢ᠌ᠲᠡ ᠵᠢᠨ ᠤᠩᠭᠤᠨ᠎ᠤ ᠬᠠᠮᠢᠶᠠᠷᠤᠯᠲᠠ ᠵᠢᠨ ᠭᠠᠵᠠᠷ᠂ ᠬᠤᠩ ᠱᠠᠨ ᠨᠡᠢ᠌ᠲᠡ ᠵᠢᠨ ᠤᠩᠭᠤᠨ᠎ᠤ ᠣᠷᠣᠰᠢᠭᠤᠯᠭ᠎ᠠ ᠵᠢᠨ ᠭᠠᠵᠠᠷ᠂ ᠬᠤᠩ ᠪᠣᠣ ᠯᠢᠩ ᠨᠡᠢ᠌ᠲᠡ ᠵᠢᠨ ᠤᠩᠭᠤᠨ᠎ᠤ ᠪᠠᠷᠢᠯᠭ᠎ᠠ ᠵᠢᠨ ᠲᠠᠯᠠᠪᠡᠢ᠎ᠳᠤ ᠬᠦᠷᠴᠤ ᠪᠠᠢ᠌ᠴᠠᠭ᠋ᠠᠨ ᠰᠤᠳᠤᠯᠤᠯᠲᠠ ᠬᠢᠵᠠᠢ᠃
      ᠰᠡᠴᠡᠨ ᠨᠦᠬᠦᠷ ᠠ᠋ᠨᠡ ᠭᠤᠷᠪᠠᠨ ᠨᠢᠭᠡᠴᠢ ᠵᠢᠨ ᠦᠨᠳᠤᠰᠤᠨ ᠪᠠᠢ᠌ᠳᠠᠯ᠎ᠢ ᠨᠠᠷᠢᠨ ᠨᠢᠮᠪᠡᠢ ᠠᠰᠠᠭᠤᠨ ᠰᠤᠷᠠᠵᠤ ᠦᠢ᠍ᠯᠠᠭ᠋ᠠᠭᠰᠠᠨ ᠪᠠ ᠬᠤᠩ ᠪᠣᠣ ᠯᠢᠩ ᠨᠡᠢ᠌ᠲᠡ ᠵᠢᠨ ᠤᠩᠭᠤᠨ᠎ᠤ ᠪᠠᠷᠢᠯᠭ᠎ᠠ ᠵᠢᠨ ᠲᠠᠯᠠᠪᠠᠢ᠎ᠳᠤ ᠪᠦᠲᠤᠭᠡᠨ ᠪᠠᠢ᠌ᠭᠤᠯᠤᠯᠲᠠ ᠵᠢᠨ ᠲᠦᠯᠣᠪᠵᠢᠭᠦᠯᠭᠡ᠂ ᠠᠵᠢᠯ᠎ᠤᠨ ᠠᠬᠢᠴᠠ ᠪᠠ ᠵᠠᠷᠤᠳᠠᠯ ᠰᠤᠢ᠌ᠳᠬᠡᠯ᠎ᠤᠨ ᠢᠷᠡᠯᠲᠡ ᠵᠢ ᠨᠡᠷᠢᠨ ᠦᠢ᠍ᠯᠠᠭ᠋ᠠᠪᠠ᠃
      ᠳᠠᠷᠠᠭ᠎ᠠ᠎ᠨᠢ ᠠᠯᠠᠱ᠌ᠠ ᠵᠡᠭᠦᠨ ᠬᠤᠰᠢᠭᠤᠨ᠎ᠤ ᠵᠠᠰᠠᠭ᠎ᠤᠨ ᠤᠷᠳᠤᠨ ᠪᠣᠯᠣᠨ ᠬᠤᠰᠢᠭᠤᠨ᠎ᠤ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠬᠠᠷᠢᠭᠤ ᠮᠡᠳᠡᠭᠦᠯᠤᠯᠲᠡ ᠵᠢ ᠰᠣᠨᠣᠰᠤᠭ᠋ᠠᠳ᠂ ᠣᠷᠣᠰᠢᠭᠤᠯᠭ᠎ᠠ ᠵᠢᠨ ᠬᠦᠷᠢᠶ᠎ᠡ ᠴᠠᠷᠠᠭ᠋ᠠᠨ᠎ᠳᠤ ᠣᠷᠣᠰᠢᠵᠤ ᠪᠠᠢ᠌ᠭ᠎ᠠ ᠳᠣᠪᠦᠢ᠌ᠮ᠎ᠠ ᠠᠰᠠᠭᠤᠳᠠᠯ᠎ᠤᠨ ᠲᠣᠭᠣᠷᠢᠨ᠎ᠳᠤ᠎ᠬᠢ ᠵᠠᠰᠠᠨ ᠴᠡᠭᠴᠡᠯᠡᠯᠲᠠ ᠵᠢᠨ ᠠᠵᠢᠯ ᠵᠶ᠋ᠠᠨ ᠦᠨᠡᠨᠬᠦ ᠰᠠᠢ᠌ᠨ ᠬᠢᠬᠦ ᠬᠡᠷᠡᠭᠲᠠᠢ ᠪᠦᠭᠡᠳ ᠠᠷᠠᠳ᠎ᠲᠤ ᠠᠰᠢᠭ ᠬᠦᠷᠲᠡᠭᠡᠬᠦ ᠲᠦᠷᠤ ᠵᠢᠨ ᠪᠣᠳᠤᠯᠭ᠎ᠠ ᠵᠢ ᠴᠤ᠌ ᠠ᠋ᠷᠬᠡᠪᠰᠢ ᠰᠠᠢ᠌ᠨ ᠨᠠᠢ᠌ᠲᠠᠪᠤᠷᠢᠵᠢᠭᠤᠯᠬᠤ ᠬᠡᠷᠡᠭᠲᠠᠢ ᠭᠡᠵᠤ ᠴᠢᠩᠭ᠎ᠠ ᠱᠠᠭ᠋ᠠᠷᠳᠠᠨ᠂ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠨ᠂ ᠬᠠᠮᠢᠶᠠᠷᠤᠯᠲᠠ᠂ ᠦᠢ᠍ᠯᠡᠴᠢᠯᠡᠭᠡ᠂ ᠬᠠᠤᠯᠢ ᠬᠡᠷᠡᠭᠵᠢᠭᠦᠯᠤᠯᠲᠠ ᠵᠢᠨ ᠠᠵᠢᠯ ᠵᠶ᠋ᠠᠨ ᠵᠠᠪᠠᠯ ᠦᠨᠴᠣᠭ᠌ ᠪᠤᠯᠤᠩ ᠦᠯᠡᠳᠡᠭᠡᠯ ᠦᠭᠡᠢ ᠰᠠᠢ᠌ᠨ ᠬᠢᠬᠦ ᠬᠡᠷᠡᠭᠲᠠᠢ ᠭᠡᠵᠤ ᠵᠠᠬᠢᠵᠠᠢ᠃ ᠲᠡᠷᠡ ᠪᠠᠰᠠ ᠬᠤᠩ ᠪᠣᠣ ᠯᠢᠩ ᠨᠡᠢ᠌ᠲᠡ ᠵᠢᠨ ᠤᠩᠭᠤᠨ᠎ᠤ ᠪᠠᠷᠢᠯᠭ᠎ᠠ ᠵᠢᠨ ᠠᠬᠢᠴᠠ ᠵᠢ ᠲᠦᠷᠭᠡᠳᠬᠡᠨ᠂ ᠠᠢ᠌ᠮᠠᠭ᠎ᠤᠨ ᠠᠷᠠᠳ᠎ᠤᠨ ᠶᠠᠪᠤᠳᠠᠯ᠂ ᠬᠦᠭᠵᠢᠭᠦᠯᠣᠯᠲᠡ ᠦᠭᠡᠷᠡᠴᠢᠯᠡᠯᠲᠡ᠂ ᠠ᠋ᠳ᠋᠎ᠤᠨ ᠵᠠᠰᠠᠭ᠎ᠲᠠᠢ ᠢᠳᠡᠪᠬᠢᠲᠠᠢ ᠬᠠᠷᠢᠯᠴᠠᠵᠤ᠂ ᠪᠡᠯᠡ ᠮᠦᠩᠬᠦ ᠵᠢᠨ ᠠᠰᠠᠭᠤᠳᠠᠯ ᠵᠶ᠋ᠠᠨ ᠰᠢᠢ᠍ᠳᠪᠤᠷᠢᠯᠡᠨ᠂ ᠠ᠋ᠨᠡᠬᠦ ᠠᠷᠠᠳ ᠲᠦᠮᠡᠨ᠎ᠳᠤ ᠠᠰᠢᠭ ᠬᠦᠷᠲᠡᠭᠡᠬᠦ ᠪᠠᠷᠢᠯᠭ᠎ᠠ᠎ᠪᠠᠨ ᠠ᠋ᠷᠲᠡ ᠠ᠋ᠳᠤᠷ ᠳᠠᠭᠤᠰᠬᠠᠨ ᠠᠰᠢᠭᠯᠠᠯᠲᠠ᠎ᠳᠤ ᠣᠷᠣᠭᠤᠯᠬᠤ ᠬᠡᠷᠡᠭᠲᠠᠢ ᠭᠡᠪᠡ᠃


ᠢᠷᠡᠯᠲᠡ᠄
          
ᠬᠠᠮᠢᠶ᠎ᠡ ᠪᠦᠬᠦᠢ ᠰᠣᠨᠢᠨ
ᠬᠦᠯᠤᠨ ᠪᠤᠢ᠌ᠷ ᠬᠣᠲᠠ ᠵᠢᠨ᠎ᠬᠢᠨ ᠠᠮᠢᠳᠤᠷᠠᠯ᠎ᠨᠢ ᠬᠦᠴᠢᠷᠳᠡᠯ᠎ᠲᠠᠢ ᠠᠢ᠌ᠽ ᠡᠪᠡᠳᠴᠢᠲᠡᠨ ᠪᠣᠯᠤᠨ ᠬᠠᠯᠳᠠᠪᠤᠷᠢᠯᠠᠭᠳᠠᠭᠰᠠᠳ᠎ᠲᠤ ᠬᠣᠲᠠ ᠬᠦᠳᠡᠭᠡ ᠵᠢᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠬᠠᠷᠠᠭ᠋ᠠᠯᠵᠠᠯ ᠦᠵᠡᠭᠦᠯᠵᠤ ᠪᠠᠢ᠌ᠨ᠎ᠠ
ᠤᠯᠠᠭ᠋ᠠᠨᠴᠠᠪ ᠬᠣᠲᠠ ᠲᠠᠷᠢᠶᠠᠯᠠᠬᠤ ᠮᠠᠯᠵᠢᠬᠤ ᠣᠷᠣᠨ᠎ᠤ ᠣᠨᠴᠠ ᠬᠦᠴᠢᠷᠳᠡᠯ᠎ᠲᠠᠢ ᠬᠦᠮᠤᠰ᠎ᠢ ᠠᠰᠠᠷᠠᠨ ᠬᠠᠷᠠᠭ᠋ᠠᠯᠵᠠᠬᠤ ᠦᠢ᠍ᠯᠡᠴᠢᠯᠡᠭᠡᠨ᠎ᠤ ᠪᠠᠢ᠌ᠭᠤᠯᠤᠮᠵᠢ ᠨᠠᠰᠤᠲᠠᠳ᠎ᠤᠨ ᠬᠦᠷᠢᠶᠡᠯᠡᠩ᠎ᠤᠨ ᠰᠠᠭᠤᠷᠢ ᠲᠦᠬᠦᠭᠡᠷᠤᠮᠵᠢ ᠵᠢ ᠰᠢᠨᠡᠳᠬᠡᠵᠤ ᠪᠠᠢ᠌ᠨ᠎ᠠ
ᠪᠠᠶᠠᠨᠨᠠᠭᠤᠷ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠪᠦᠬᠦ ᠬᠣᠲᠠ ᠵᠢᠨ ᠠᠷᠪᠠᠳᠤᠭ᠋ᠠᠷ ᠬᠤᠭᠤᠴᠠᠭ᠋ᠠᠨ᠎ᠤ ᠭᠠᠴᠠᠭ᠎ᠠ ᠳᠤᠰᠬᠤᠨ᠎ᠤ ᠵᠦᠪᠯᠡᠯ᠎ᠤᠨ ᠠ᠋ᠷᠬᠢᠯᠡᠭᠴᠢ ᠵᠢᠨ ᠬᠣᠶᠠᠳᠤᠭ᠋ᠠᠷ ᠬᠤᠭᠤᠴᠠᠭ᠋ᠠᠨ᠎ᠤ ᠪᠣᠯᠪᠠᠰᠤᠷᠠᠯ᠎ᠤᠨ ᠠᠩᠭᠢ ᠵᠢ ᠠ᠋ᠷᠬᠢᠯᠡᠵᠡᠢ
ᠮᠠᠨᠵᠤᠤᠷ ᠬᠣᠲᠠ ᠨᠡᠢ᠌ᠬᠡᠮ᠎ᠤᠨ ᠠᠵᠢᠯ᠎ᠤᠨ ᠴᠢᠳᠠᠪᠤᠷᠢᠲᠠᠨ᠎ᠤ ᠰᠢᠯᠭ᠋ᠠᠯᠲᠠ᠎ᠠᠴᠠ ᠠ᠋ᠮᠤᠨᠡᠬᠢ ᠪᠣᠯᠪᠠᠰᠤᠷᠠᠯ᠎ᠢ ᠠ᠋ᠷᠬᠢᠯᠡᠪᠡ
ᠪᠢᠴᠢᠬᠠᠨ ᠠᠨᠵᠢᠯ ᠨᠡᠢ᠌ᠬᠡᠮ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠲᠦᠪ᠎ᠢ ᠪᠣᠯᠭᠤᠭ᠋ᠠᠨ ᠲᠣᠬᠣᠨᠢᠭᠤᠯᠪᠠ
 
            