ᠲᠥᠪ ᠬᠣᠷᠢᠶ᠎ᠠ ᠪᠤᠯᠤᠨ ᠥᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠠᠴᠠ 《ᠤᠭ ᠰᠠᠨᠠᠭ᠎ᠠ᠎ᠪᠠᠨ ᠥᠯᠥ ᠮᠠᠷᠲᠠᠨ᠂ ᠠ᠋ᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠬᠦ》 ᠭᠣᠣᠯ ᠰᠡᠳᠦᠪᠲᠦ ᠬᠦᠮᠦᠵᠢᠯ ᠥᠷᠨᠢᠭᠦᠯᠬᠦ ᠠᠵᠢᠯᠯᠠᠭ᠎ᠠ ᠵᠢ ᠪᠠᠢ᠌ᠷᠢᠯᠠᠭᠤᠯᠤᠭᠰᠠᠨ᠎ᠠᠴᠠ ᠨᠠᠰᠢ ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ ᠠᠵᠢᠯ᠎ᠤᠨ ᠪᠤᠳᠠᠲᠦ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠴᠢᠳᠠᠮᠵᠢ ᠬᠠᠷᠢᠭᠤᠴᠠᠯᠭ᠎ᠠ᠎ᠪᠠᠷ ᠵᠶ᠋ᠠᠨ ᠭᠣᠣᠯᠳᠠᠭᠤᠯᠤᠨ᠂ ᠲᠢᠩᠬᠢᠮ᠎ᠤᠨ ᠰᠢᠰᠲᠸᠮ᠎ᠤᠨ ᠨᠠᠮ᠎ᠤᠨ ᠬᠡᠰᠢᠭᠦᠨ ᠤᠳᠤᠷᠢᠳᠬᠤ ᠺᠠᠳ᠋ᠷ᠎ᠤᠨ ᠲᠤᠲᠤᠷ᠎ᠠ ᠭᠣᠣᠯ ᠰᠡᠳᠦᠪᠲᠦ ᠬᠦᠮᠦᠵᠢᠯ᠎ᠤᠨ ᠥᠷᠨᠢᠯᠲᠡ ᠭᠠᠷᠭ᠋ᠠᠵᠦ᠂ ᠭᠣᠣᠯ ᠰᠡᠳᠦᠪᠲᠦ ᠬᠦᠮᠦᠵᠢᠯ᠎ᠢ ᠭᠦᠨᠵᠡᠭᠡᠢ ᠯᠠᠪᠳᠠᠭᠤᠨ ᠴᠡᠭᠴᠡᠲᠡᠢ ᠥᠷᠨᠢᠭᠦᠯᠪᠡ᠃
ᠨᠢᠭᠡ᠂ ᠰᠤᠷᠤᠯᠴᠠᠯᠭ᠎ᠠ᠎ᠪᠠᠨ ᠴᠢᠩᠭ᠋ᠠᠳᠬᠠᠵᠦ᠂ ᠭᠣᠣᠯ ᠰᠡᠳᠦᠪᠲᠦ ᠬᠦᠮᠦᠵᠢᠯ᠎ᠤᠨ ᠤᠯᠤᠯᠲᠠ ᠲᠦᠷᠣᠭ᠌ᠳᠡᠯᠲᠠᠢ ᠪᠣᠯᠬᠤ ᠵᠢ ᠪᠠᠲᠤᠯᠠᠪᠠ
ᠭᠣᠣᠯ ᠰᠡᠳᠦᠪᠲᠦ ᠬᠦᠮᠦᠵᠢᠯ᠎ᠤᠨ ᠶᠡᠷᠦᠩᠬᠡᠢ ᠱᠠᠭ᠋ᠠᠷᠳᠠᠯᠭ᠎ᠠ ᠶᠤᠰᠤᠭ᠋ᠠᠷ ᠠᠷᠠᠳ᠎ᠤᠨ ᠶᠠᠪᠤᠳᠠᠯ᠎ᠤᠨ ᠲᠢᠩᠬᠢᠮ 《ᠭᠣᠣᠯ ᠰᠡᠳᠦᠪᠲᠦ ᠬᠦᠮᠦᠵᠢᠯ᠎ᠤᠨ ᠰᠤᠷᠤᠯᠴᠠᠯᠭ᠎ᠠ ᠬᠦᠮᠦᠵᠢᠯ᠎ᠤᠨ ᠠᠵᠢᠯ᠎ᠤᠨ ᠲᠤᠬᠢᠷᠠᠭᠤᠯᠤᠯᠲᠠ》᠂ 《ᠨᠠᠮ᠎ᠤᠨ ᠠ᠋ᠭᠦᠷ᠎ᠤᠨ ᠬᠠᠮᠲᠦ ᠵᠢᠨ ᠰᠤᠷᠤᠯᠴᠠᠯᠭ᠎ᠠ ᠪᠤᠯᠤᠨ ᠬᠤᠪᠢ ᠬᠦᠮᠦᠨ᠎ᠤ ᠰᠤᠷᠤᠯᠴᠠᠬᠤ ᠲᠦᠯᠥᠪᠯᠡᠭᠡ》 ᠵᠢ ᠲᠤᠭᠲᠠᠭ᠋ᠠᠨ ᠪᠠᠭᠤᠯᠭ᠋ᠠᠵᠦ᠂ ᠰᠤᠷᠤᠯᠴᠠᠬᠤ ᠬᠡᠪᠴᠢᠶ᠎ᠡ ᠪᠤᠯᠤᠨ ᠰᠤᠷᠤᠯᠴᠠᠬᠤ ᠭᠣᠣᠯᠳᠠᠯᠭ᠎ᠠ ᠵᠢ ᠨᠠᠷᠢᠯᠢᠬ᠍ᠵᠢᠭᠤᠯᠤᠨ ᠲᠤᠳᠤᠷᠬᠠᠢ᠌ᠯᠠᠵᠦ᠂ ᠪᠦᠬᠦ ᠨᠠᠮ᠎ᠤᠨ ᠬᠡᠰᠢᠭᠦᠨ ᠺᠠᠳ᠋ᠷ᠎ᠢ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠢᠯᠡᠳᠭᠡᠯ ᠪᠣᠯᠣᠨ ᠨᠠᠮ᠎ᠤᠨ ᠳᠦᠷᠢᠮ᠎ᠢ ᠨᠠᠷᠢᠨ ᠬᠢᠨᠠᠮᠠᠭ᠋ᠠᠢ ᠰᠤᠷᠤᠯᠴᠠᠵᠦ᠂ 《ᠰᠢ ᠵᠢᠨ ᠫᠢᠩ᠎ᠤᠨ 〈ᠤᠭ ᠰᠠᠨᠠᠭ᠎ᠠ᠎ᠪᠠᠨ ᠥᠯᠥ ᠮᠠᠷᠲᠠᠨ᠂ ᠠ᠋ᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠬᠦ〉 ᠲᠤᠬᠠᠢ ᠴᠢᠬᠤᠯᠠ ᠦᠭᠦᠯᠡᠯᠲᠡ ᠵᠢᠨ ᠲᠡᠭᠦᠪᠦᠷᠢ》᠂ 《ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠬᠤ ᠬᠥᠲᠦᠯᠪᠤᠷᠢ》 ᠵᠡᠷᠭᠡ ᠵᠢ ᠰᠤᠷᠤᠯᠴᠠᠵᠦ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭ᠋ᠠᠪᠤᠷᠢ ᠴᠤᠬᠤᠯᠠᠪᠤᠷᠢ ᠵᠢᠨ ᠵᠣᠷᠢᠭ ᠰᠠᠨᠠᠭ᠎ᠠ ᠵᠢ ᠰᠤᠷᠤᠯᠴᠠᠨ ᠤᠢ᠌ᠯᠠᠭ᠋ᠠᠬᠤ ᠬᠡᠷᠡᠭᠲᠡᠢ ᠭᠡᠵᠦ ᠱᠠᠭ᠋ᠠᠷᠳᠠᠵᠠᠢ᠃
ᠰᠤᠷᠤᠯᠴᠠᠯᠭ᠎ᠠ᠎ᠳᠤ᠂ ᠨᠢᠭᠡ᠎ᠳᠤ ᠤᠳᠤᠷᠢᠳᠤᠯᠭ᠎ᠠ ᠲᠦᠷᠦᠭᠦᠯᠡᠨ ᠰᠤᠷᠤᠯᠴᠠᠬᠤ ᠵᠢ ᠪᠠᠷᠢᠮᠲᠠᠯᠠᠨ᠂ ᠲᠢᠩᠬᠢᠮ᠎ᠤᠨ ᠭᠣᠣᠯ ᠤᠳᠤᠷᠢᠳᠤᠯᠭ᠎ᠠ ᠠ᠋ᠷᠬᠡᠪᠰᠢ ᠨᠠᠮ᠎ᠤᠨ ᠤᠳᠤᠷᠢᠳᠬᠤ ᠲᠤᠭᠤᠢ᠌ᠯᠠᠩ᠎ᠤᠨ ᠰᠤᠷᠤᠯᠴᠠᠯᠭ᠎ᠠ ᠳᠡᠭᠡᠷ᠎ᠡ ᠤᠭ ᠵᠤᠬᠢᠶᠠᠯ᠎ᠢ ᠮᠦᠨ ᠬᠡᠪ ᠵᠶ᠋ᠠᠷ᠎ᠨᠢ ᠦᠰᠤᠭ᠌ ᠳᠠᠷᠠᠭ᠋ᠠᠯᠠᠨ ᠥᠪᠡᠷ ᠵᠢᠡᠨ ᠲᠠᠭ᠋ᠠᠭᠤᠯᠤᠨ ᠤᠩᠰᠢᠨ ᠰᠤᠷᠤᠯᠴᠠᠵᠦ᠂ ᠤᠭ ᠶᠤᠰᠤ ᠵᠢ᠎ᠨᠢ ᠤᠢ᠌ᠯᠠᠭ᠋ᠠᠵᠦ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠣᠯᠴᠠᠨ ᠲᠤᠤᠱᠯᠠᠭᠤᠯᠬᠤ ᠶᠠᠪᠤᠳᠠᠯ᠎ᠢ ᠭᠦᠨᠵᠡᠭᠡᠢ᠌ᠷᠡᠭᠦᠯᠬᠦ᠂ ᠰᠡᠳᠭᠢᠯ᠎ᠳᠡᠭᠡᠨ ᠬᠤᠨᠤᠭᠰᠢᠭᠤᠯᠬᠤ᠂ ᠪᠤᠳᠠᠲᠠᠢ᠌ᠵᠢᠭᠤᠯᠬᠤ ᠵᠢ ᠠᠬᠢᠭᠤᠯᠤᠨ᠂ ᠭᠦᠨᠵᠡᠭᠡᠢ ᠰᠤᠷᠤᠯᠴᠠᠵᠦ ᠨᠡᠪᠲᠡᠷᠬᠡᠢ ᠤᠢ᠌ᠯᠠᠭ᠋ᠠᠨ᠂ ᠬᠠᠷᠢᠭᠤᠴᠠᠯᠭ᠎ᠠ᠎ᠪᠠᠨ ᠦᠨᠡᠨᠬᠦ ᠴᠢᠷᠮᠠᠢ᠌ᠨ ᠭᠦᠢ᠍ᠴᠡᠳᠭᠡᠬᠦ ᠬᠡᠷᠡᠭᠲᠠᠢ; ᠬᠤᠶᠠᠷ᠎ᠲᠤ ᠨᠠᠮ᠎ᠤᠨ ᠬᠡᠰᠢᠭᠦᠨ ᠺᠠᠳ᠋ᠷ ᠨᠢᠭᠡᠪᠤᠷᠢ ᠤᠬᠠᠮᠰᠠᠷ᠎ᠠᠴᠠ᠎ᠪᠠᠨ ᠰᠤᠷᠤᠯᠴᠠᠬᠤ ᠵᠢ ᠪᠠᠷᠢᠮᠲᠠᠯᠠᠨ᠂ ᠰᠢᠨᠵᠢᠯᠡᠬᠦ ᠤᠬᠠᠭ᠋ᠠᠨᠴᠢ᠂ ᠵᠦᠢ ᠵᠤᠬᠢᠰᠲᠠᠢ᠎ᠪᠠᠷ ᠴᠠᠭ ᠵᠢᠡᠨ ᠲᠤᠬᠢᠷᠠᠭᠤᠯᠵᠦ᠂ ᠠ᠋ᠳᠦᠷ ᠪᠦᠷᠢ ᠪᠠᠭ᠎ᠠ᠎ᠳᠤ᠎ᠪᠠᠨ ᠬᠠᠭ᠋ᠠᠰ ᠴᠠᠭ ᠭᠠᠷᠭ᠋ᠠᠨ ᠥᠪᠡᠷ ᠵᠢᠡᠨ ᠰᠤᠷᠤᠯᠴᠠᠵᠦ᠂ ᠪᠦᠬᠦ ᠲᠠᠯ᠎ᠠ᠎ᠪᠠᠷ ᠰᠢᠰᠲᠸᠮ᠎ᠲᠠᠢ ᠰᠤᠷᠤᠯᠴᠠᠵᠦ᠂ ᠭᠦᠨᠵᠡᠭᠡᠢ ᠰᠡᠳᠭᠢᠨ᠂ ᠪᠤᠳᠠᠲᠠᠢᠲᠠᠢᠪᠠᠨ ᠤᠶᠠᠯᠳᠤᠭᠤᠯᠤᠨ ᠰᠤᠷᠤᠯᠴᠠᠵᠦ᠂ ᠤᠬᠠᠮᠰᠠᠷ᠎ᠠᠴᠠ᠎ᠪᠠᠨ ᠪᠠᠷᠢᠮᠵᠢᠶᠠᠵᠢᠭᠤᠯᠤᠨ ᠰᠤᠷᠤᠯᠴᠠᠵᠦ᠂ ᠵᠦᠷᠢᠶ᠎ᠠ᠎ᠪᠠᠨ ᠴᠠᠭ ᠲᠤᠬᠠᠢᠳᠤᠨᠢ ᠵᠠᠯᠠᠷᠠᠭᠤᠯᠵᠦ᠂ ᠰᠤᠷᠤᠯᠴᠠᠯᠭ᠎ᠠ ᠵᠢᠨ ᠦᠷ᠎ᠡ ᠪᠦᠲᠦᠮᠵᠢ᠎ᠪᠠᠨ ᠨᠠᠮᠴᠢ ᠴᠢᠨᠠᠷ᠎ᠢ ᠴᠢᠩᠭ᠋ᠠᠳᠬᠠᠬᠤ᠂ ᠴᠢᠳᠠᠪᠤᠷᠢ᠎ᠪᠠᠨ ᠳᠡᠭᠡᠭᠰᠢᠯᠡᠭᠦᠯᠬᠦ᠂ ᠠᠵᠢᠯ᠎ᠤᠨ ᠰᠤᠷᠲᠠᠯ ᠵᠢᠡᠨ ᠬᠠᠯᠠᠨ ᠰᠠᠢ᠌ᠵᠢᠷᠠᠭᠤᠯᠬᠤ᠂ ᠠᠵᠢᠯ ᠵᠢᠡᠨ ᠠᠬᠢᠭᠤᠯᠬᠤ ᠳᠡᠭᠡᠷ᠎ᠡ ᠢᠯᠡᠷᠡᠭᠦᠯᠬᠦ ᠬᠡᠷᠡᠭᠲᠡᠢ; ᠭᠤᠷᠪᠠ᠎ᠳᠤ ᠲᠤᠰᠬᠠᠢ ᠰᠡᠳᠦᠪ ᠵᠢᠡᠷ ᠲᠥᠪᠯᠡᠷᠡᠩᠭᠦᠢ ᠰᠤᠷᠤᠯᠴᠠᠬᠤ ᠵᠢ ᠪᠠᠷᠢᠮᠲᠠᠯᠠᠨ᠂ ᠭᠣᠣᠯ ᠰᠡᠳᠦᠪᠲᠦ ᠨᠠᠮ᠎ᠤᠨ ᠠ᠋ᠳᠦᠷ᠎ᠤᠨ ᠠᠵᠢᠯᠯᠠᠭ᠎ᠠ ᠥᠷᠨᠢᠭᠦᠯᠬᠦ᠂ ᠲᠤᠰᠬᠠᠢ ᠰᠡᠳᠦᠪ ᠵᠢᠡᠷ ᠨᠣᠮ ᠣᠩᠰᠢᠬᠤ ᠠᠩᠭᠢ ᠠ᠋ᠷᠬᠢᠯᠡᠬᠦ᠂ ᠲᠤᠰᠬᠠᠢ ᠰᠡᠳᠦᠪ ᠵᠢᠡᠷ ᠬᠠᠪᠰᠤᠷᠤᠨ ᠵᠢᠯᠤᠭᠤᠳᠬᠤ ᠲᠠᠢ᠌ᠯᠤᠮᠵᠢ ᠠ᠋ᠷᠬᠢᠯᠡᠬᠦ᠂ ᠤᠨᠤᠯ᠎ᠤᠨ ᠮᠡᠳᠡᠯᠭᠡ ᠵᠢᠨ ᠰᠢᠯᠭ᠋ᠠᠯᠲᠠ ᠬᠢᠬᠦ ᠵᠡᠷᠭᠡ ᠬᠡᠯᠪᠡᠷᠢ ᠵᠢ ᠠᠪᠴᠤ᠂ ᠬᠤᠪᠢᠰᠬᠠᠯ᠎ᠤᠨ ᠤᠯᠠᠮᠵᠢᠯᠠᠯ᠎ᠤᠨ ᠬᠦᠮᠦᠵᠢᠯ᠂ ᠴᠠᠭ᠎ᠤᠨ ᠪᠠᠢ᠌ᠳᠠᠯ᠂ ᠲᠦᠷᠦ ᠵᠢᠨ ᠪᠣᠳᠤᠯᠭ᠎ᠠ ᠵᠢᠨ ᠬᠦᠮᠦᠵᠢᠯ᠂ ᠲᠡᠷᠢᠭᠦᠨ᠎ᠤ ᠨᠡᠢ᠌ᠲᠡᠯᠢᠭ ᠵᠢᠱ᠌ᠢᠶ᠎ᠡ ᠵᠢᠨ ᠬᠦᠮᠦᠵᠢᠯ ᠪᠣᠯᠣᠨ ᠰᠡᠷᠡᠮᠵᠢᠯᠡᠭᠦᠯᠬᠦ ᠬᠦᠮᠦᠵᠢᠯ᠎ᠢ ᠲᠦᠯᠦᠪᠯᠡᠭᠡ᠎ᠲᠠᠢ᠂ ᠵᠤᠬᠢᠶᠠᠨ ᠪᠠᠢ᠌ᠭᠤᠯᠤᠯᠲᠠ᠎ᠲᠠᠢ᠎ᠪᠠᠷ ᠥᠷᠨᠢᠭᠦᠯᠦᠨ᠂ ᠰᠤᠷᠤᠯᠴᠠᠯᠭ᠎ᠠ ᠵᠢᠨ ᠲᠠᠨᠢᠯᠲᠠ᠎ᠪᠠᠨ ᠤᠯᠠᠮ ᠳᠡᠭᠡᠭᠰᠢᠯᠠᠭᠦᠯᠵᠤ᠂ ᠰᠤᠷᠤᠯᠴᠠᠯᠭ᠎ᠠ᠎ᠪᠠᠨ ᠴᠢᠨᠠᠷᠵᠢᠭᠤᠨ ᠰᠠᠢ᠌ᠨ ᠬᠢᠬᠦ ᠬᠡᠷᠡᠭᠲᠠᠢ ᠭᠡᠵᠤ ᠱᠠᠭ᠋ᠠᠷᠳᠠᠭᠰᠠᠨ ᠪᠠᠢ᠌ᠨ᠎ᠠ᠃
ᠬᠤᠶᠠᠷ᠂ ᠠᠭᠤᠯᠭ᠎ᠠ ᠵᠢ ᠨᠠᠷᠢᠯᠢᠬ᠍ᠵᠢᠭᠤᠯᠤᠨ᠂ ᠭᠣᠣᠯ ᠰᠡᠳᠦᠪᠲᠦ ᠬᠦᠮᠦᠵᠢᠯ᠎ᠤᠨ ᠤᠨᠴᠠᠯᠢᠭ᠎ᠢ ᠦᠨᠡᠨᠬᠦ ᠪᠠᠲᠤᠯᠠᠪᠠ
ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠠᠴᠠ 《ᠥᠪᠤᠷ ᠮᠤᠩᠭᠤᠯ᠎ᠤᠨ ᠥᠪᠡᠷᠳᠡᠭᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠨᠠᠮ᠎ᠤᠨ ᠤᠳᠤᠷᠢᠳᠬᠤ ᠲᠤᠭᠤᠢ᠌ᠯᠠᠩ᠎ᠤᠨ 〈ᠤᠭ ᠰᠠᠨᠠᠭ᠎ᠠ᠎ᠪᠠᠨ ᠥᠯᠥ ᠮᠠᠷᠲᠠᠨ᠂ ᠠ᠋ᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠬᠦ〉 ᠭᠣᠣᠯ ᠰᠡᠳᠦᠪᠲᠦ ᠬᠦᠮᠦᠵᠢᠯ ᠬᠢᠬᠦ ᠲᠦᠰᠦᠯ》᠎ᠢ ᠰᠤᠳᠤᠯᠤᠨ ᠲᠣᠬᠲᠠᠭ᠋ᠠᠵᠦ᠂ ᠨᠠᠮ᠎ᠤᠨ ᠲᠥᠪ ᠬᠣᠷᠢᠶᠠᠨ᠎ᠤ ᠰᠢᠢ᠍ᠳᠪᠤᠷᠢᠲᠦ ᠪᠣᠳᠤᠯᠭ᠎ᠠ ᠵᠢᠨ ᠪᠠᠢ᠌ᠷᠢᠯᠠᠭᠤᠯᠤᠯᠲᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠰᠢ ᠵᠢᠨ ᠫᠢᠩ ᠶᠡᠷᠦᠩᠬᠡᠢ ᠱᠦᠵᠢ ᠵᠢᠨ ᠠᠷᠠᠳ᠎ᠤᠨ ᠶᠠᠪᠤᠳᠠᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠤᠬᠤᠯᠠᠪᠤᠷᠢ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠥᠪᠡᠷᠳᠡᠭᠡᠨ ᠵᠠᠰᠠᠬᠤ ᠤᠷᠤᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠤᠨ ᠪᠣᠯᠣᠨ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠭᠣᠣᠯ ᠠᠵᠢᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠲᠤᠤᠱᠯᠠᠭᠤᠯᠤᠨ ᠨᠠᠢ᠌ᠳᠠᠪᠤᠷᠢᠵᠢᠭᠤᠯᠬᠤ᠎ᠲᠠᠢ ᠤᠶᠠᠯᠳᠤᠭᠤᠯᠤᠨ᠂ ᠪᠤᠳᠠᠲᠠᠢ ᠠᠰᠠᠭᠤᠳᠠᠯ ᠰᠢᠢ᠍ᠳᠪᠤᠷᠢᠯᠡᠬᠦ ᠵᠢ ᠴᠢᠬᠤᠯᠠᠴᠢᠯᠠᠨ᠂ 《ᠳᠦᠷᠪᠡ ᠵᠢ ᠭᠣᠣᠯᠳᠠᠭᠤᠯᠤᠭᠰᠠᠨ》 ᠲᠤᠰᠬᠠᠢ ᠰᠡᠳᠦᠪᠲᠦ ᠪᠠᠢ᠌ᠴᠠᠭ᠋ᠠᠨ ᠰᠤᠳᠤᠯᠤᠯᠲᠠ ᠬᠢᠬᠦ᠎ᠪᠠᠷ ᠪᠣᠯᠪᠠ᠃ ᠨᠢᠭᠡ᠎ᠳᠤ ᠨᠠᠮ᠎ᠤᠨ ᠲᠥᠪ ᠬᠣᠷᠢᠶᠠᠨ᠎ᠤ ᠰᠢᠢ᠍ᠳᠪᠤᠷᠢᠲᠦ ᠪᠣᠳᠤᠯᠭ᠎ᠠ ᠵᠢᠨ ᠪᠠᠢ᠌ᠷᠢᠯᠠᠭᠤᠯᠤᠯᠲᠠ ᠪᠣᠯᠣᠨ ᠰᠢ ᠵᠢᠨ ᠫᠢᠩ ᠶᠡᠷᠦᠩᠬᠡᠢ ᠱᠦᠵᠢ ᠵᠢᠨ ᠵᠢᠭ᠋ᠠᠪᠤᠷᠢ ᠴᠤᠬᠤᠯᠠᠪᠤᠷᠢ ᠵᠢᠨ ᠵᠣᠷᠢᠭ ᠰᠠᠨᠠᠭ᠎ᠠ ᠵᠢ ᠲᠤᠤᠱᠯᠠᠭᠤᠯᠬᠤ᠎ᠪᠠᠷ ᠭᠣᠣᠯᠳᠠᠭᠤᠯᠤᠨ ᠪᠠᠢ᠌ᠴᠠᠭ᠋ᠠᠨ ᠰᠤᠳᠤᠯᠤᠯᠲᠠ ᠬᠢᠵᠦ᠂ ᠶᠠᠳᠠᠭᠤ᠎ᠠᠴᠠ ᠠᠩᠭᠢᠵᠢᠷᠠᠭᠤᠯᠬᠤ ᠪᠤᠭᠤᠮᠲᠠ ᠰᠢᠪᠲᠤᠯᠤᠯᠲᠠ᠎ᠳᠤ ᠠᠩᠬᠠᠷᠤᠯ ᠵᠢᠡᠨ ᠲᠥᠪᠯᠡᠷᠡᠭᠦᠯᠵᠦ᠂ ᠤᠨᠴᠠᠭ᠋ᠠᠢ ᠴᠣᠭᠴᠠ ᠵᠢᠨ ᠬᠦᠮᠦᠰ᠎ᠲᠤ ᠠᠩᠬᠠᠷᠤᠯ ᠵᠢᠡᠨ ᠲᠥᠪᠯᠡᠷᠡᠭᠦᠯᠵᠦ᠂ ᠤᠯᠠᠨ ᠲᠦᠮᠡᠨ᠎ᠤ ᠰᠠᠨᠠᠭ᠎ᠠ ᠲᠠᠯᠪᠢᠵᠦ ᠪᠠᠢ᠌ᠬᠤ ᠶᠠᠪᠤᠳᠠᠯ᠎ᠳᠤ ᠠᠩᠬᠠᠷᠤᠯ ᠵᠢᠡᠨ ᠲᠥᠪᠯᠡᠷᠡᠭᠦᠯᠵᠦ᠂ ᠠᠷᠠᠳ᠎ᠤᠨ ᠠᠮᠢᠳᠤᠷᠠᠯ᠎ᠤᠨ ᠦᠨᠳᠦᠰᠦᠨ ᠪᠠᠲᠤᠯᠠᠭ᠎ᠠ᠂ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ᠂ ᠨᠡᠢ᠌ᠭᠡᠮ᠎ᠤᠨ ᠦᠨᠳᠦᠰᠦᠨ ᠦᠢ᠍ᠯᠡᠴᠢᠯᠡᠭᠡ ᠵᠡᠷᠭᠡ ᠠ᠋ᠭᠦᠷᠭᠡ ᠬᠠᠷᠢᠭᠤᠴᠠᠯᠭ᠎ᠠ᠎ᠪᠠᠨ ᠨᠡᠩ ᠰᠠᠢ᠌ᠨ ᠭᠦᠢ᠍ᠴᠡᠳᠭᠡᠬᠦ ᠵᠢ ᠠᠬᠢᠭᠤᠯᠤᠨ᠂ ᠠᠷᠠᠳ᠎ᠤᠨ ᠶᠠᠪᠤᠳᠠᠯ᠎ᠤᠨ ᠠᠵᠢᠯ ᠦᠢ᠍ᠯᠡᠰ᠎ᠤᠨ ᠴᠢᠨᠠᠷᠵᠢᠭᠤᠨ ᠬᠥᠭᠵᠢᠯᠲᠡ ᠵᠢ ᠠᠬᠢᠭᠤᠯᠤᠨ᠎ᠠ᠃ ᠬᠤᠶᠠᠷ᠎ᠲᠤ ᠭᠠᠵᠠᠷ ᠤᠷᠤᠨ᠂ ᠰᠠᠯᠠᠭ᠎ᠠ ᠮᠥᠴᠢᠷ᠂ ᠨᠢᠭᠡᠴᠢ ᠵᠢᠨ ᠵᠶ᠋ᠠᠨ ᠤᠷᠤᠰᠢᠵᠦ ᠪᠠᠢ᠌ᠭ᠎ᠠ ᠪᠤᠳᠠᠲᠠᠢ ᠠᠰᠠᠭᠤᠳᠠᠯ᠎ᠢ ᠪᠠᠢ᠌ᠴᠠᠭ᠋ᠠᠨ ᠰᠤᠳᠤᠯᠵᠦ᠂ ᠠᠷᠠᠳ᠎ᠤᠨ ᠠᠮᠢᠳᠤᠷᠠᠯ᠎ᠢ ᠤᠯᠠᠮ ᠰᠠᠢ᠌ᠨ ᠰᠠᠢ᠌ᠵᠢᠷᠠᠭᠤᠯᠤᠨ ᠪᠠᠲᠤᠯᠠᠵᠦ᠂ ᠬᠦᠴᠢᠷᠳᠡᠯ᠎ᠲᠠᠢ ᠤᠯᠠᠨ ᠲᠥᠮᠡᠨ᠎ᠤ ᠦᠨᠳᠦᠰᠦᠨ ᠵᠦᠢ᠍ᠯ᠎ᠤᠨ ᠪᠠᠲᠤᠯᠠᠭ᠎ᠠ ᠵᠢᠨ ᠲᠤᠤᠷ᠎ᠢ ᠨᠢᠬᠲᠠ ᠰᠦᠯᠵᠢᠨ᠎ᠡ᠃ ᠭᠤᠷᠪᠠ᠎ᠳᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ ᠨᠠᠮ᠎ᠤᠨ ᠪᠠᠢ᠌ᠭᠤᠯᠤᠯᠲᠠ ᠵᠢ ᠴᠢᠩᠭ᠋ᠠᠳᠬᠠᠬᠤ᠎ᠪᠠᠷ ᠭᠣᠣᠯᠳᠠᠭᠤᠯᠤᠨ ᠪᠠᠢ᠌ᠴᠠᠭ᠋ᠠᠨ ᠰᠤᠳᠤᠯᠤᠯᠲᠠ ᠬᠢᠵᠦ᠂ ᠨᠠᠮ᠎ᠤᠨ ᠬᠡᠰᠢᠭᠦᠨ ᠺᠠᠳ᠋ᠷ᠎ᠤᠨ ᠤᠨᠤᠯ᠎ᠤᠨ ᠰᠤᠷᠤᠯᠴᠠᠯᠭ᠎ᠠ ᠵᠢ ᠤᠮᠳᠤᠭ᠋ᠠᠢ᠌ᠯᠠᠬᠤ᠂ ᠰᠤᠷᠴᠤ ᠬᠡᠷᠡᠭᠯᠡᠬᠦ ᠵᠢ ᠰᠠᠯᠭ᠋ᠠᠬᠤ᠂ ᠦᠵᠡᠯ ᠰᠠᠨᠠᠭ᠎ᠠ ᠠᠷᠢᠭᠤᠨ ᠪᠤᠰᠤ᠂ ᠤᠯᠤᠰ ᠲᠦᠷᠦ ᠲᠦᠪ ᠪᠤᠰᠤ᠂ ᠵᠤᠬᠢᠶᠠᠨ ᠪᠠᠢ᠌ᠭᠤᠯᠤᠯᠲᠠ ᠴᠢᠭᠡᠴᠢ ᠪᠤᠰᠤ᠂ ᠠᠵᠢᠯ᠎ᠤᠨ ᠰᠤᠷᠲᠠᠯ ᠴᠢᠩᠭ᠎ᠠ ᠪᠤᠰᠤ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠤᠷᠢᠯᠡᠨ᠎ᠡ᠃ ᠳᠥᠷᠪᠡ᠎ᠳᠤ ᠭᠤᠷᠪᠠᠨ ᠶᠡᠬᠡ ᠪᠤᠭᠤᠮᠲᠠ ᠵᠢᠨ ᠰᠢᠪᠲᠤᠯᠤᠯᠲᠠ ᠵᠢ ᠠ᠋ᠷᠬᠡᠪᠰᠢ ᠰᠠᠢ᠌ᠲᠤᠷ ᠬᠢᠬᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠴᠡᠪᠡᠷᠯᠡᠨ ᠠᠷᠢᠯᠭ᠋ᠠᠬᠤ ᠲᠡᠮᠡᠴᠡᠯ᠎ᠢ ᠭᠦᠨᠵᠡᠭᠡᠢ ᠥᠷᠨᠢᠭᠦᠯᠬᠦ᠂ ᠡᠯ᠎ᠡ ᠵᠦᠢ᠍ᠯ᠎ᠤᠨ ᠠᠶᠤᠯ ᠲᠦᠭᠰᠢᠭᠦᠷᠢ ᠥᠷᠢᠰᠦᠯᠳᠦᠭᠡᠨ ᠲᠡᠮᠡᠴᠡᠭᠡᠨ᠎ᠢ ᠠᠷᠭ᠋ᠠᠴᠠᠬᠤ ᠪᠠ ᠰᠢᠢ᠍ᠳᠪᠤᠷᠢᠯᠡᠬᠦ᠎ᠪᠠᠷ ᠭᠣᠣᠯᠳᠠᠭᠤᠯᠤᠨ᠂ ᠠᠷᠠᠳ᠎ᠤᠨ ᠶᠠᠪᠤᠳᠠᠯ᠎ᠤᠨ ᠠ᠋ᠭᠦᠷᠭᠡᠯᠡᠵᠦ ᠪᠦᠬᠦᠢ ᠠ᠋ᠭᠦᠷᠭᠡ ᠬᠠᠷᠢᠭᠤᠴᠠᠯᠭᠠᠳᠤ ᠠᠩᠬᠠᠷᠤᠯ ᠵᠢᠡᠨ ᠲᠥᠪᠯᠡᠷᠡᠭᠦᠯᠦᠨ ᠪᠠᠢ᠌ᠴᠠᠭ᠋ᠠᠨ ᠰᠤᠳᠤᠯᠤᠯᠲᠠ ᠬᠢᠨ᠎ᠡ᠃
ᠭᠤᠷᠪᠠ᠂ ᠠᠷᠭ᠎ᠠ ᠬᠡᠮᠵᠢᠶ᠎ᠡ᠎ᠪᠠᠨ ᠪᠤᠳᠠᠲᠠᠢ᠌ᠵᠢᠭᠤᠯᠵᠦ᠂ ᠭᠣᠣᠯ ᠰᠡᠳᠦᠪᠲᠦ ᠬᠦᠮᠦᠵᠢᠯ᠎ᠤᠨ ᠦᠷ᠎ᠡ ᠪᠦᠲᠦᠮᠵᠢ᠎ᠲᠠᠢ ᠪᠠᠢ᠌ᠬᠤ ᠵᠢ ᠦᠨᠡᠨᠬᠦ ᠪᠠᠲᠤᠯᠠᠪᠠ
ᠭᠣᠣᠯ ᠰᠡᠳᠦᠪᠲᠦ ᠬᠦᠮᠦᠵᠢᠯ᠎ᠤᠨ ᠬᠤᠭᠤᠴᠠᠭ᠋ᠠᠨ᠎ᠳᠤ᠂ ᠠᠷᠠᠳ᠎ᠤᠨ ᠶᠠᠪᠤᠳᠠᠯ᠎ᠤᠨ ᠲᠢᠩᠬᠢᠮ ᠠ᠋ᠷᠬᠡᠪᠰᠢ ᠭᠣᠣᠯ ᠰᠡᠳᠦᠪᠲᠦ ᠬᠦᠮᠦᠵᠢᠯ᠎ᠤᠨ ᠦᠢ᠍ᠯᠡᠳᠦᠯᠭᠡ᠎ᠲᠦ ᠴᠢᠨᠠᠷ᠎ᠢ ᠲᠤᠪᠤᠢ᠌ᠯᠭ᠋ᠠᠨ ᠪᠠᠷᠢᠮᠲᠠᠯᠠᠵᠤ᠂ ᠠᠷᠠᠳ᠎ᠤᠨ ᠶᠠᠪᠤᠳᠠᠯ᠎ᠤᠨ ᠠᠵᠢᠯ᠎ᠤᠨ ᠪᠤᠳᠠᠲᠦ ᠪᠠᠢ᠌ᠳᠠᠯ᠎ᠲᠠᠢ ᠤᠶᠠᠯᠳᠤᠭᠤᠯᠤᠨ᠂ ᠰᠤᠷᠤᠯᠴᠠᠬᠤ ᠵᠢᠨ ᠲᠠᠭ᠋ᠠᠤ ᠪᠠᠢ᠌ᠴᠠᠭ᠋ᠠᠬᠤ ᠪᠠ ᠬᠠᠯᠠᠨ ᠰᠠᠢ᠌ᠵᠢᠷᠠᠭᠤᠯᠬᠤ ᠵᠢ ᠪᠠᠷᠢᠮᠲᠠᠯᠠᠨ᠂ ᠭᠣᠣᠯᠳᠠᠯᠭ᠎ᠠ᠎ᠲᠠᠢ ᠵᠠᠰᠠᠬᠤ ᠵᠢᠷᠭᠤᠭ᠋ᠠᠨ ᠲᠠᠯ᠎ᠠ ᠵᠢ ᠳᠤᠷᠠᠳᠤᠨ ᠭᠠᠷᠭ᠋ᠠᠵᠠᠢ᠄ ᠨᠢᠭᠡ᠎ᠳᠤ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠦ ᠤᠯᠤᠰ᠎ᠤᠨ ᠤᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠪᠤᠯᠤᠨ ᠨᠠᠮ᠎ᠤᠨ ᠲᠥᠪ ᠬᠣᠷᠢᠶᠠᠨ᠎ᠤ ᠰᠢᠢ᠍ᠳᠪᠤᠷᠢᠲᠦ ᠪᠣᠳᠤᠯᠭ᠎ᠠ ᠵᠢᠨ ᠪᠠᠢ᠌ᠷᠢᠯᠠᠭᠤᠯᠤᠯᠲᠠ ᠵᠢ ᠰᠤᠷᠤᠯᠴᠠᠨ ᠲᠤᠤᠱᠯᠠᠭᠤᠯᠵᠦ ᠨᠠᠢ᠌ᠳᠠᠪᠤᠷᠢᠵᠢᠭᠤᠯᠬᠤ᠎ᠳᠤ ᠴᠢᠩᠭ᠎ᠠ᠎ᠲᠠᠢ ᠰᠤᠯᠠ᠎ᠲᠠᠢ᠂ ᠰᠤᠷᠤᠯᠴᠠᠨ ᠤᠢ᠌ᠯᠠᠭ᠋ᠠᠵᠦ ᠨᠡᠪᠲᠡᠷᠡᠲᠡᠯ᠎ᠡ ᠮᠡᠳᠡᠵᠦ ᠪᠤᠳᠠᠲᠠᠢ᠌ᠵᠢᠭᠤᠯᠬᠤᠨᠢ ᠬᠦᠷᠦᠯᠴᠡᠬᠦ ᠦᠭᠡᠢ᠂ ᠪᠤᠳᠠᠲᠠᠢ᠎ᠲᠠᠢ ᠤᠶᠠᠯᠳᠤᠭᠤᠯᠬᠤ᠎ᠨᠢ ᠨᠢᠭᠲᠠ ᠪᠢᠰᠢ᠂ ᠬᠡᠷᠡᠭᠵᠢᠭᠦᠯᠦᠭᠰᠡᠨ ᠦᠷ᠎ᠡ ᠪᠦᠲᠦᠮᠵᠢ᠎ᠨᠢ ᠢᠯᠡᠷᠬᠡᠢ ᠪᠢᠰᠢ ᠵᠡᠷᠭᠡ ᠲᠠᠯ᠎ᠠ ᠵᠢᠨ ᠠᠰᠠᠭᠤᠳᠠᠯ; ᠬᠤᠶᠠᠷ᠎ᠲᠤ 《ᠰᠢᠨ᠎ᠡ ᠬᠥᠭᠵᠢᠯᠲᠡ ᠵᠢᠨ ᠤᠢ᠌ᠯᠠᠭ᠋ᠠᠭᠳᠠᠬᠤᠨ》᠎ᠤ ᠲᠠᠯ᠎ᠠ᠎ᠪᠠᠷ ᠭᠦᠨᠵᠡᠭᠡᠢ ᠪᠢᠰᠢ᠂ ᠪᠤᠳᠠᠲᠠᠢ᠎ᠲᠠᠢ ᠤᠶᠠᠯᠳᠤᠭᠤᠯᠤᠨ ᠲᠤᠤᠱᠯᠠᠭᠤᠯᠤᠨ ᠨᠠᠢ᠌ᠳᠠᠪᠤᠷᠢᠵᠢᠭᠤᠯᠤᠭᠰᠠᠨ᠎ᠨᠢ ᠬᠦᠷᠦᠯᠴᠡᠬᠦ ᠦᠭᠡᠢ᠂ ᠬᠠᠷᠢᠭᠤᠴᠠᠯᠭ᠎ᠠ ᠠ᠋ᠭᠦᠷᠭᠡᠯᠡᠬᠦ ᠦᠭᠡᠢ᠂ ᠠᠮᠵᠢᠯᠲᠠ ᠭᠠᠷᠭ᠋ᠠᠬᠤ ᠦᠭᠡᠢ᠂ ᠵᠥᠷᠢᠴᠡᠯ᠎ᠲᠠᠢ ᠠᠰᠠᠭᠤᠳᠠᠯ ᠲᠤᠬᠢᠶᠠᠯᠳᠤᠪᠠᠯ ᠲᠤᠭᠤᠷᠢᠵᠦ ᠭᠠᠷᠬᠤ ᠪᠠ 《ᠳᠦᠷᠪᠡᠨ ᠵᠦᠢ᠍ᠯ᠎ᠤᠨ ᠨᠣᠶᠠᠨᠴᠢ》 ᠦᠵᠡᠭᠳᠡᠯ ᠵᠡᠷᠭᠡ ᠲᠠᠯ᠎ᠠ ᠵᠢᠨ ᠠᠰᠠᠭᠤᠳᠠᠯ; ᠭᠤᠷᠪᠠ᠎ᠳᠤ 《ᠭᠤᠷᠪᠠᠨ ᠶᠡᠬᠡ ᠪᠤᠭᠤᠮᠲᠠ ᠵᠢᠨ ᠰᠢᠪᠲᠤᠯᠤᠯᠲᠠ》 ᠪᠠ 《ᠬᠠᠷ᠎ᠠ ᠪᠦᠯᠦᠭᠲᠡᠨ ᠬᠠᠷᠬᠢᠰ ᠬᠦᠴᠦᠨ᠎ᠢ ᠴᠡᠪᠡᠷᠯᠡᠨ ᠠᠷᠢᠯᠭ᠋ᠠᠬᠤ》 ᠲᠤᠰᠬᠠᠢ ᠲᠡᠮᠡᠴᠡᠯ᠎ᠤᠨ ᠢᠯᠠᠯᠲᠠ ᠵᠢ ᠣᠯᠬᠤ᠎ᠳᠤ ᠲᠦᠪᠯᠡᠷᠡᠭᠰᠡᠨ ᠤᠶᠠᠯᠳᠤᠯ᠎ᠤᠨ ᠴᠡᠭ᠂ ᠭᠠᠷᠳᠠᠨ ᠬᠢᠬᠦ ᠴᠡᠭ᠎ᠢ ᠣᠨᠣᠴᠠᠲᠠᠢ ᠣᠯᠵᠤ᠂ ᠰᠠᠨᠠᠭ᠋ᠠᠴᠢᠯᠠᠭ᠎ᠠ᠎ᠠᠴᠠ᠎ᠪᠠᠨ᠎ᠲᠠᠭᠠᠨ ᠤᠷᠤᠬᠰᠢᠯᠠᠬᠤ᠂ ᠰᠠᠨᠠᠭ᠋ᠠᠴᠢᠯᠠᠭ᠎ᠠ᠎ᠠᠴᠠ᠎ᠪᠠᠨ ᠠᠮᠵᠢᠯᠲᠠ ᠭᠠᠷᠭ᠋ᠠᠬᠤ᠂ ᠰᠠᠨᠠᠭ᠋ᠠᠴᠢᠯᠠᠭ᠎ᠠ᠎ᠠᠴᠠ᠎ᠪᠠᠨ ᠠᠰᠠᠭᠤᠳᠠᠯ᠎ᠢ ᠰᠢᠢ᠍ᠳᠪᠤᠷᠢᠯᠡᠬᠦ ᠲᠠᠯ᠎ᠠ᠎ᠪᠠᠷ ᠬᠦᠷᠦᠯᠴᠡᠬᠦ ᠦᠭᠡᠢ ᠵᠡᠷᠭᠡ ᠲᠠᠯ᠎ᠠ ᠵᠢᠨ ᠠᠰᠠᠭᠤᠳᠠᠯ᠃ ᠳᠥᠷᠪᠡ᠎ᠳᠤ ᠠᠷᠠᠳ᠎ᠲᠤ ᠦᠢ᠍ᠯᠡᠴᠢᠯᠡᠬᠦ᠎ᠳᠡᠭᠡᠨ ᠦᠨᠡᠨ ᠪᠤᠳᠠᠲᠠᠢ ᠪᠢᠰᠢ᠂ ᠰᠡᠳᠭᠢᠯ ᠲᠠᠯᠪᠢᠬᠤ ᠦᠭᠡᠢ᠂ ᠬᠦᠴᠤᠯᠡᠬᠦ ᠦᠭᠡᠢ᠂ ᠨᠡᠢ᠌ᠭᠡᠮ᠎ᠤᠨ ᠵᠤᠬᠢᠶᠠᠨ ᠪᠠᠢ᠌ᠭᠤᠯᠤᠯᠲᠠ᠂ ᠤᠨᠴᠠᠭ᠋ᠠᠢ᠌ᠯᠠᠨ ᠠᠵᠢᠯ ᠲᠥᠷᠦᠯ᠎ᠤᠨ ᠨᠡᠢ᠌ᠭᠡᠮᠯᠢᠭ᠂ ᠬᠤᠳᠠᠯᠳᠤᠭ᠋ᠠᠨ᠎ᠤ ᠨᠡᠢ᠌ᠭᠡᠮᠯᠢᠭ᠎ᠤᠨ ᠠᠵᠦ ᠠᠬᠤᠢ᠌ᠯᠠᠯ᠎ᠲᠠᠢ ᠬᠤᠯᠪᠤᠭᠳᠠᠭᠰᠠᠨ ᠰᠦᠢ᠍ᠳᠭᠡᠯ ᠬᠤᠷᠢᠶᠠᠬᠤ ᠶᠠᠪᠤᠳᠠᠯ᠂ ᠬᠠᠤᠯᠢ ᠴᠠᠭ᠋ᠠᠵᠠ ᠳᠦᠷᠢᠮ ᠲᠤᠭᠲᠠᠭ᠋ᠠᠯ᠎ᠢ ᠵᠦᠷᠢᠴᠡᠨ ᠬᠤᠪᠢ᠎ᠪᠠᠷ ᠵᠢᠡᠨ 《ᠤᠷᠤᠨ ᠰᠠᠭᠤᠴᠠ ᠵᠢᠨ ᠮᠠᠶᠢᠭ》᠎ᠲᠠᠢ ᠣᠩᠭᠤᠨ ᠪᠠᠢ᠌ᠭᠤᠯᠬᠤ᠂ ᠬᠥᠳᠡᠭᠡ ᠲᠤᠰᠬᠤᠨ᠎ᠤ ᠨᠠᠭ᠋ᠠᠲᠦ ᠵᠠᠬ᠎ᠠ ᠵᠢᠨ ᠠᠮᠢᠳᠤᠷᠠᠯ᠎ᠤᠨ ᠪᠠᠲᠤᠯᠠᠭ᠋ᠠᠨ᠎ᠤ ᠲᠤᠰᠬᠠᠢ ᠵᠠᠰᠠᠯᠲᠠ ᠪᠠ ᠨᠠᠰᠤᠲᠠᠳ᠎ᠢ ᠠᠰᠠᠷᠠᠬᠤ ᠬᠦᠷᠢᠶᠡᠯᠡᠩ᠎ᠤᠨ ᠦᠢ᠍ᠯᠡᠴᠢᠯᠡᠭᠡᠨ᠎ᠤ ᠴᠢᠨᠠᠷ ᠴᠢᠨᠰᠠᠭ᠎ᠠ ᠪᠣᠯᠣᠨ ᠠᠮᠤᠷ ᠲᠥᠪᠰᠢᠨ ᠵᠡᠷᠭᠡ ᠲᠠᠯ᠎ᠠ ᠵᠢᠨ ᠠᠰᠠᠭᠤᠳᠠᠯ; ᠲᠠᠪᠤ᠎ᠳᠤ ᠬᠡᠯᠪᠡᠷᠢᠴᠢ ᠦᠵᠡᠯ᠂ ᠨᠤᠶᠠᠨᠴᠢ ᠰᠤᠷᠲᠠᠯ᠂ ᠪᠢᠴᠢᠭ ᠮᠠᠲᠸᠷᠢᠶᠠᠯ᠂ ᠬᠤᠷᠠᠯ ᠴᠤᠭᠯᠠᠭ᠎ᠠ ᠤᠯᠠᠨ᠂ ᠪᠢᠴᠢᠭ ᠮᠠᠲᠸᠷᠢᠶᠠᠯ ᠵᠢᠡᠷ ᠪᠢᠴᠢᠭ ᠮᠠᠲᠸᠷᠢᠶᠠᠯ᠎ᠢ ᠨᠠᠢ᠌ᠳᠠᠪᠤᠷᠢᠵᠢᠭᠤᠯᠬᠤ᠂ ᠬᠤᠷᠠᠯ ᠵᠢᠡᠷ ᠬᠤᠷᠠᠯ᠎ᠢ ᠲᠤᠤᠱᠯᠠᠭᠤᠯᠬᠤ ᠵᠡᠷᠭᠡ ᠠᠵᠢᠯ᠎ᠤᠨ ᠰᠤᠷᠲᠠᠯ᠎ᠤᠨ ᠠᠰᠠᠭᠤᠳᠠᠯ; ᠵᠢᠷᠭᠤᠭ᠎ᠠ᠎ᠳᠤ ᠠᠵᠢᠯ᠎ᠤᠨ ᠰᠤᠷᠲᠠᠯ᠎ᠨᠢ ᠯᠠᠪᠳᠠᠭᠤᠨ ᠪᠠᠲᠤᠲᠠᠢ ᠪᠢᠰᠢ᠂ ᠨᠠᠷᠢᠨ ᠬᠢᠨᠠᠮᠠᠭ᠋ᠠᠢ ᠪᠠᠢ᠌ᠬᠤ ᠵᠢ ᠠ᠋ᠷᠬᠢᠮᠯᠡᠬᠦ᠎ᠨᠢ ᠲᠤᠲᠠᠮᠠᠭ᠂ ᠲᠦᠷᠦ ᠵᠢᠨ ᠪᠣᠳᠤᠯᠭ᠎ᠠ ᠳᠦᠷᠢᠮ ᠲᠤᠭᠲᠠᠭ᠋ᠠᠯ᠎ᠢ ᠬᠡᠷᠡᠭᠵᠢᠭᠦᠯᠬᠦ᠎ᠨᠢ ᠴᠢᠩᠭ᠎ᠠ ᠪᠢᠰᠢ᠂ ᠪᠤᠳᠠᠲᠠᠢ ᠪᠢᠰᠢ᠂ 《ᠬᠠᠳᠠᠭ᠋ᠠᠰᠤᠨ》 ᠵᠣᠷᠢᠭ ᠰᠠᠨᠠᠭ᠎ᠠ᠎ᠪᠠᠷ ᠲᠤᠲᠠᠮᠠᠭ ᠵᠡᠷᠭᠡ ᠲᠠᠯ᠎ᠠ ᠵᠢᠨ ᠠᠰᠠᠭᠤᠳᠠᠯ ᠪᠣᠯᠤᠨ᠎ᠠ᠃ ᠠ᠋ᠳᠡᠭᠡᠷ ᠠᠰᠠᠭᠤᠳᠠᠯ᠎ᠳᠤ ᠴᠢᠭᠯᠡᠭᠦᠯᠤᠨ᠂ ᠰᠤᠷᠤᠯᠴᠠᠬᠤ ᠵᠢᠨ ᠲᠠᠭ᠋ᠠᠤ ᠪᠠᠢ᠌ᠴᠠᠭ᠋ᠠᠵᠦ᠂ ᠬᠠᠯᠠᠨ ᠰᠠᠢ᠌ᠵᠢᠷᠠᠭᠤᠯᠬᠤ᠎ᠪᠠᠷ ᠳᠠᠮᠵᠢᠭ᠋ᠠᠳ 《ᠤᠨᠤᠯ᠎ᠤᠨ ᠰᠤᠷᠤᠯᠴᠠᠯᠭ᠎ᠠ᠎ᠳᠤ ᠤᠯᠤᠯᠲᠠ ᠲᠦᠷᠣᠭ᠌ᠳᠡᠯᠲᠠᠢ᠂ ᠦᠵᠡᠯ ᠰᠠᠨᠠᠭ᠎ᠠ ᠤᠯᠤᠰ ᠲᠦᠷᠦ ᠵᠢᠨ ᠲᠠᠯ᠎ᠠ᠎ᠳᠤ ᠤᠬᠢᠶᠠᠯᠲᠠ ᠳᠠᠪᠰᠢᠯᠲᠠ᠎ᠲᠠᠢ᠂ ᠠᠵᠢᠯ ᠬᠢᠵᠦ ᠦᠢ᠍ᠯᠡᠰ ᠴᠤᠭᠴᠠᠯᠬᠤ᠎ᠳᠠᠭᠠᠨ ᠵᠤᠷᠢᠬ᠎ᠲᠠᠢ᠎ᠪᠠᠷ ᠬᠠᠷᠢᠭᠤᠴᠠᠯᠭ᠎ᠠ ᠠ᠋ᠭᠦᠷᠭᠡᠯᠡᠵᠦ᠂ ᠠᠷᠠᠳ᠎ᠲᠤ ᠦᠢ᠍ᠯᠡᠴᠢᠯᠡᠨ ᠬᠦᠴᠢᠷ ᠠᠰᠠᠭᠤᠳᠠᠯ᠎ᠢ ᠰᠢᠢ᠍ᠳᠪᠤᠷᠢᠯᠡᠵᠦ᠂ ᠠᠷᠢᠭᠤᠨ ᠴᠢᠭᠡᠴᠢ ᠪᠠᠢ᠌ᠬᠤ ᠲᠠᠯ᠎ᠠ᠎ᠪᠠᠷ ᠬᠡᠪ ᠲᠠᠭᠤᠷᠢᠶᠠᠯ ᠪᠣᠯᠬᠤ》 ᠬᠠᠷᠠᠯᠲᠠ ᠵᠢ ᠴᠢᠷᠮᠠᠢ᠌ᠨ ᠪᠡᠶᠡᠯᠡᠭᠦᠯᠪᠡ᠃