ᠲᠦᠷᠤ ᠵᠢᠨ ᠶᠠᠪᠤᠳᠠᠯ᠎ᠤᠨ ᠬᠣᠷᠢᠶ᠎ᠠ 〈〈ᠰᠠᠢ᠌ᠨ ᠳᠤᠷᠠᠴᠤᠤᠯ᠎ᠤᠨ ᠦᠢ᠍ᠯᠡᠴᠢᠯᠡᠭᠡᠨ᠎ᠤ ᠳᠦᠷᠢᠮ〉〉᠎ᠢ ᠨᠡᠢ᠌ᠲᠡᠯᠡᠨ ᠳᠠᠷᠬᠠᠭ᠋ᠠᠭᠰᠠᠨ᠎ᠠᠴᠠ ᠨᠠᠰᠢ ᠣᠷᠳᠣᠰ ᠬᠣᠲᠠ ᠵᠢᠨ ᠡᠯ᠎ᠡ ᠬᠣᠰᠢᠭᠤ ᠲᠣᠭᠣᠷᠢᠭ᠎ᠲᠤ ᠣᠯᠠᠨ ᠵᠦᠢ᠍ᠯ᠎ᠤᠨ ᠬᠡᠯᠪᠡᠷᠢ ᠮᠠᠶᠢᠭᠲᠠᠢ ᠠ᠋ᠯᠪᠡᠭ ᠪᠠᠶᠠᠯᠢᠭ ᠤᠳᠬ᠎ᠠ ᠠᠭᠤᠯᠭ᠎ᠠ᠎ᠲᠠᠢ ᠰᠠᠢ᠌ᠨ ᠳᠤᠷᠠᠴᠤᠤᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠦᠷᠨᠢᠭᠦᠯᠪᠡ᠃ ᠠᠵᠢᠯᠯᠠᠭ᠋ᠠᠨ᠎ᠤ ᠠᠭᠤᠯᠭ᠎ᠠ᠎ᠨᠢ ᠨᠡᠢ᠌ᠬᠡᠮ ᠲᠣᠭᠣᠷᠢᠭ᠎ᠤᠨ ᠣᠷᠴᠢᠨ ᠲᠣᠭᠣᠷᠢᠨ᠎ᠢ ᠵᠠᠰᠠᠨ ᠴᠡᠭᠴᠡᠯᠡᠬᠦ᠂ ᠭᠠᠨᠢ ᠨᠠᠰᠤᠲᠠᠳ᠎ᠢ ᠬᠠᠯᠠᠮᠵᠢᠯᠠᠵᠤ ᠬᠠᠷᠠᠭ᠋ᠠᠯᠵᠠᠬᠤ᠂ ᠬᠦᠴᠢᠷᠳᠡᠯ᠎ᠲᠠᠢ ᠬᠡᠤᠬᠡᠳ᠎ᠢ ᠬᠠᠪᠰᠤᠷᠤᠨ ᠳᠡᠳᠬᠦᠬᠦ ᠵᠡᠷᠭᠡ᠎ᠳᠤ ᠬᠣᠯᠪᠣᠭᠳᠠᠭᠰᠠᠨ ᠪᠠᠢ᠌ᠨ᠎ᠠ᠃
ᠣᠲᠣᠭ ᠬᠣᠰᠢᠭᠤ ᠵᠸᠩ ᠾᠧ ᠶᠤᠸᠠᠨ ᠨᠡᠢ᠌ᠬᠡᠮ ᠲᠣᠭᠣᠷᠢᠭ᠎ᠲᠤ ᠳᠤᠮᠳᠠᠴᠢ᠎ᠪᠠᠷ 52 ᠨᠠᠰᠤᠨ᠎ᠤ ᠰᠠᠢ᠌ᠨ ᠳᠤᠷᠠᠴᠤᠤᠯ᠎ᠤᠨ ᠠ᠋ᠩᠨᠡᠭᠡ ᠪᠠᠢ᠌ᠭᠤᠯᠤᠭᠳᠠᠵᠤ᠂ 〈〈ᠠ᠋ᠷᠡᠭᠦᠯ ᠨᠠᠰᠤᠲᠠᠳ〉〉᠎ᠨᠢ 〈〈ᠪᠠᠭᠤᠷᠠᠢ ᠨᠠᠰᠤᠲᠠᠳ〉〉᠎ᠲᠤ᠎ᠪᠠᠨ ᠦᠢ᠍ᠯᠡᠴᠢᠯᠡᠵᠤ᠂ 75 ᠨᠠᠰᠤᠨ᠎ᠠᠴᠠ ᠳᠡᠭᠡᠭᠰᠢᠬᠢ ᠬᠦᠳᠡᠯᠵᠤ ᠪᠠᠷᠢᠬᠤ᠎ᠳᠤ᠎ᠪᠠᠨ ᠠᠨᠠᠢ ᠨᠠᠰᠤᠲᠠᠳ᠎ᠲᠤ ᠴᠢᠰᠤᠨ ᠳᠠᠷᠤᠯᠲᠠ ᠵᠢ᠎ᠨᠢ ᠪᠠᠢ᠌ᠴᠠᠭ᠋ᠠᠬᠤ᠂ ᠴᠢᠰᠤᠨ ᠰᠢᠬᠢᠷ᠎ᠢ᠎ᠨᠢ ᠬᠡᠮᠵᠢᠵᠤ ᠦᠭᠬᠦ ᠵᠡᠷᠭᠡ᠎ᠪᠠᠷ ᠬᠠᠪᠰᠤᠷᠴᠤ᠂ ᠨᠡᠢ᠌ᠬᠡᠮ ᠲᠣᠭᠣᠷᠢᠭ ᠪᠠ ᠦᠷᠭᠡᠨ ᠣᠯᠠᠨ ᠰᠠᠭᠤᠭ᠋ᠠᠯᠢ ᠠᠷᠠᠳ᠎ᠤᠨ ᠰᠠᠢ᠌ᠨ ᠦᠨᠡᠯᠡᠯᠲᠡ ᠵᠢ ᠤᠯᠪᠠ᠃ ᠳᠤᠰᠬᠠᠢ ᠪᠣᠯᠪᠠᠰᠤᠷᠠᠯ ᠵᠶ᠋ᠠᠷ ᠳᠠᠮᠵᠢᠭ᠋ᠠᠳ᠂ ᠠ᠋ᠨᠡᠬᠦ ᠰᠠᠢ᠌ᠨ ᠳᠤᠷᠠᠴᠤᠤᠯ᠎ᠤᠨ ᠦᠢ᠍ᠯᠡᠴᠢᠯᠡᠭᠡᠨ᠎ᠤ ᠬᠡᠪᠴᠢᠶ᠎ᠡ᠎ᠨᠢ ᠳᠠᠰᠤᠷᠠᠯ ᠦᠭᠡᠢ ᠦᠷᠭᠡᠳᠴᠤ᠂ ᠠ᠋ᠳᠤᠭᠡ ᠨᠢᠭᠡᠨᠲᠡ 43 ᠨᠡᠷ᠎ᠡ ᠰᠠᠢ᠌ᠨ ᠳᠤᠷᠠᠴᠤᠤᠯ᠎ᠲᠠᠢ ᠪᠣᠯᠤᠭ᠋ᠠᠳ᠂ ᠦᠢ᠍ᠯᠡᠴᠢᠯᠡᠭᠡᠨ᠎ᠤ ᠠᠵᠢᠯᠯᠠᠭ᠎ᠠ᠎ᠨᠢ ᠴᠤ᠌ ᠨᠡᠩ ᠳᠦᠷᠢᠮᠵᠢᠭᠰᠡᠨ ᠪᠠᠢ᠌ᠨ᠎ᠠ᠃ ᠣᠲᠣᠭ ᠬᠣᠰᠢᠭᠤᠨ᠎ᠤ 12349 ᠠᠷᠠᠳ᠎ᠲᠤ ᠳᠦᠭᠦᠮ ᠦᠵᠡᠭᠦᠯᠵᠤ ᠨᠠᠰᠤᠲᠠᠢ᠌ᠴᠤᠳ᠎ᠲᠤ ᠦᠢ᠍ᠯᠡᠴᠢᠯᠡᠬᠦ ᠲᠦᠪᠤᠨᠬᠢᠨᠢ ᠦᠪᠣᠷ ᠮᠣᠩᠭᠣᠯ᠎ᠤᠨ ᠦᠪᠡᠷᠳᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠤᠬᠠᠭᠤᠯᠬᠤ ᠭᠡᠯᠲᠡᠰ᠎ᠠᠴᠠ ᠳᠦᠷᠪᠡᠳᠡᠬᠢ ᠪᠦᠬᠦ ᠣᠷᠣᠨ᠎ᠤ ᠯᠸᠢ ᠹᠸᠩ᠎ᠠᠴᠠ ᠰᠤᠷᠤᠯᠴᠠᠬᠤ ᠠᠵᠢᠯᠯᠠᠭ᠋ᠠᠨ᠎ᠤ ᠵᠢᠱ᠌ᠢᠶ᠎ᠡ ᠦᠵᠡᠭᠦᠯᠬᠦ ᠴᠢᠭ ᠵᠶ᠋ᠠᠷ ᠳᠣᠭᠲᠠᠭ᠋ᠠᠭᠰᠠᠨ ᠪᠠᠢ᠌ᠨ᠎ᠠ᠃
ᠦᠤᠰᠢᠨ ᠬᠣᠰᠢᠭᠤᠨ᠎ᠤ ᠠᠷᠠᠳ᠎ᠤᠨ ᠶᠠᠪᠤᠳᠠᠯ᠎ᠤᠨ ᠳᠣᠪᠴᠢᠶ᠎ᠠ ᠨᠢᠭᠡᠨᠲᠡ ᠪᠠᠢ᠌ᠭᠤᠯᠭ᠎ᠠ ᠵᠢᠨ ᠵᠶ᠋ᠠᠨ ᠨᠠᠮ᠎ᠤᠨ ᠬᠡᠰᠢᠭᠦᠨ ᠺᠠᠳ᠋ᠷ ᠠᠵᠢᠯᠲᠠᠨ ᠪᠠ ᠨᠡᠢ᠌ᠬᠡᠮ᠎ᠤᠨ ᠵᠣᠬᠢᠶᠠᠨ ᠪᠠᠢ᠌ᠭᠤᠯᠤᠯᠲᠠ ᠵᠢᠨ ᠰᠠᠢ᠌ᠨ ᠳᠤᠷᠠᠴᠤᠤᠯ ᠵᠶ᠋ᠠᠷ ᠭᠣᠣᠯ ᠪᠣᠯᠭ᠋ᠠᠭᠰᠠᠨ ᠰᠠᠢ᠌ᠨ ᠳᠤᠷᠠᠴᠤᠤᠯ᠎ᠤᠨ ᠠᠩᠭᠢ ᠵᠢ ᠳᠠᠩᠰᠠᠯᠠᠭᠤᠯᠤᠨ ᠪᠠᠢ᠌ᠭᠤᠯᠤᠭ᠋ᠠᠳ 90 ᠢᠯᠡᠭᠦᠤ ᠰᠠᠢ᠌ᠨ ᠳᠤᠷᠠᠴᠤᠤᠯ᠎ᠲᠠᠢ ᠪᠣᠯᠤᠭᠰᠠᠨ ᠪᠠᠢ᠌ᠨ᠎ᠠ᠃ ᠲᠡᠳᠡ ᠭᠠᠨᠢ ᠨᠠᠰᠤᠲᠠᠳ᠂ ᠬᠦᠴᠢᠷᠳᠡᠯ᠎ᠲᠠᠢ ᠬᠡᠤᠬᠡᠳ᠎ᠢ ᠬᠠᠯᠠᠮᠵᠢᠯᠠᠨ ᠬᠠᠢ᠌ᠷᠠᠯᠠᠵᠤ᠂ ᠰᠠᠢ᠌ᠨ ᠳᠤᠷ᠎ᠠ᠎ᠠᠴᠠ᠎ᠪᠠᠨ ᠦᠢ᠍ᠯᠡᠴᠢᠯᠡᠬᠦ ᠵᠢ ᠬᠡᠷᠡᠭᠵᠢᠭᠦᠯᠤᠨ᠂ ᠠ᠋ᠭᠦᠳᠡᠨ᠎ᠳᠤᠨᠢ ᠬᠦᠷᠴᠤ ᠪᠣᠯᠭᠤᠭ᠋ᠠᠬᠤ᠂ ᠰᠡᠳᠬᠢᠯ ᠰᠠᠨᠠᠭ᠎ᠠ ᠵᠢ᠎ᠨᠢ ᠲᠠᠢ᠌ᠳᠬᠤᠷᠠᠭᠤᠯᠬᠤ᠂ ᠪᠠᠴᠢᠮ ᠳᠤᠰᠠᠯᠠᠯᠲᠠ ᠬᠢᠬᠦ ᠵᠡᠷᠭᠡ ᠵᠢᠨ ᠰᠠᠢ᠌ᠨ ᠳᠤᠷ᠎ᠠ ᠵᠢᠨ ᠠᠵᠢᠯᠯᠠᠭ᠎ᠠ ᠦᠷᠨᠢᠭᠦᠯᠵᠤ ᠪᠣᠢ᠃ ᠣᠳᠣᠬᠠᠨ᠎ᠳᠤ ᠲᠡᠳᠡ ᠨᠢᠭᠡᠨᠲᠡ 300 ᠢᠯᠡᠭᠦᠤ ᠤᠳᠠᠭ᠎ᠠ ᠰᠠᠢ᠌ᠨ ᠳᠤᠷ᠎ᠠ ᠵᠢᠨ ᠠᠵᠢᠯᠯᠠᠭ᠎ᠠ ᠦᠷᠨᠢᠭᠦᠯᠤᠭᠡᠳ᠂ 80 ᠭᠠᠷᠤᠢ ᠲᠦᠮᠡᠨ ᠲᠦᠭᠦᠷᠢᠭ ᠵᠠᠷᠤᠴᠠᠭᠤᠯᠵᠠᠢ᠃
ᠡᠵᠡᠨ ᠬᠣᠷᠣᠭ᠎ᠠ ᠬᠣᠰᠢᠭᠤᠨ᠎ᠤ ᠲᠤᠩᠭ᠋ᠠᠯᠠᠭ ᠨᠡᠢ᠌ᠬᠡᠮ ᠲᠣᠭᠣᠷᠢᠭ᠎ᠨᠢ 〈〈ᠰᠢᠵᠢᠷ ᠳᠤᠯᠤᠩ〉〉 ᠰᠠᠢ᠌ᠨ ᠳᠤᠷᠠᠴᠤᠤᠯ᠎ᠤᠨ ᠦᠢ᠍ᠯᠡᠴᠢᠯᠡᠭᠡᠨ᠎ᠤ ᠠᠩᠭᠢ ᠪᠠᠢ᠌ᠭᠤᠯᠤᠭ᠋ᠠᠳ᠂ ᠨᠡᠢ᠌ᠬᠡᠮ ᠲᠣᠭᠣᠷᠢᠭ᠎ᠤᠨ ᠵᠶ᠋ᠠᠨ ᠮᠠᠰᠢᠨ ᠲᠡᠷᠭᠡ ᠵᠢ ᠠ᠋ᠮᠬᠢ ᠲᠢᠭᠯᠢᠮ᠎ᠲᠠᠢ ᠵᠣᠭᠰᠣᠭ᠋ᠠᠬᠤ᠂ ᠨᠠᠰᠤᠲᠠᠢ᠌ᠴᠤᠳ᠎ᠲᠤ ᠦᠢ᠍ᠯᠡᠴᠢᠯᠡᠬᠦ᠂ ᠨᠡᠢ᠌ᠬᠡᠮ ᠲᠣᠭᠣᠷᠢᠭ᠎ᠤᠨ ᠵᠶ᠋ᠠᠨ ᠠ᠋ᠮᠬᠢ ᠵᠠᠮᠪᠠᠷᠠᠭ᠎ᠠ ᠵᠢ ᠬᠠᠮᠠᠭ᠋ᠠᠯᠠᠬᠤ᠂ ᠨᠠᠰᠤᠲᠠᠢ᠌ᠴᠤᠳ᠎ᠤᠨ ᠬᠦᠴᠢᠷᠳᠡᠯ᠎ᠢ ᠰᠢᠢ᠍ᠳᠪᠤᠷᠢᠯᠡᠬᠦ ᠵᠡᠷᠭᠡ ᠵᠢᠨ ᠠᠵᠢᠯᠯᠠᠭ᠎ᠠ ᠵᠢ ᠦᠷᠨᠢᠭᠦᠯᠤᠭᠡᠳ᠂ ᠣᠯᠠᠨ᠎ᠤ ᠮᠠᠭᠲᠠᠭ᠋ᠠᠯ ᠰᠠᠢ᠌ᠰᠢᠶᠠᠯ᠎ᠢ ᠣᠯᠵᠤ ᠪᠣᠢ᠃


