5 ᠳ᠋ᠤᠭ᠋ᠠᠷ ᠰᠠᠷ᠎ᠠ ᠵᠢᠨ 27᠎ᠤ ᠠ᠋ᠳᠤᠷ ᠤᠯᠠᠭ᠋ᠠᠨᠴᠠᠪ ᠬᠣᠲᠠ ᠵᠢᠨ ᠠᠷᠠᠳ᠎ᠤᠨ ᠶᠠᠪᠤᠳᠠᠯ᠎ᠤᠨ ᠳᠣᠪᠴᠢᠶ᠎ᠠ ᠲᠦᠷᠤᠭᠦᠯᠡᠨ ᠪᠦᠬᠦ ᠬᠣᠲᠠ ᠵᠢᠨ ᠨᠠᠭ᠋ᠠᠳᠤ ᠵᠠᠬ᠎ᠠ ᠵᠢᠨ ᠪᠠᠲᠤᠯᠠᠭ᠋ᠠᠨ᠎ᠤ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠬᠤ ᠠᠵᠢᠯ᠎ᠤᠨ ᠬᠣᠯᠪᠣᠭ᠋ᠠᠲᠤ ᠬᠤᠷᠠᠯ᠎ᠢ ᠵᠣᠬᠢᠶᠠᠨ ᠪᠠᠢ᠌ᠭᠤᠯᠵᠤ ᠬᠤᠷᠠᠯᠳᠤᠭᠤᠯᠵᠠᠢ᠃ ᠬᠣᠲᠠ ᠵᠢᠨ ᠠ᠋ᠷᠡᠭᠦᠯ ᠬᠠᠮᠠᠭ᠋ᠠᠯᠠᠯ ᠠ᠋ᠷᠡᠭᠦᠯᠵᠢᠯ᠎ᠤᠨ ᠵᠦᠪᠯᠡᠯ᠂ ᠶᠠᠳᠠᠭᠤ ᠵᠢ ᠳᠡᠳᠬᠦᠬᠦ ᠠᠯᠪᠠᠨ ᠭᠡᠷ᠂ ᠬᠦᠮᠤᠨ᠎ᠤ ᠭᠦᠴᠤᠨᠤ ᠠ᠋ᠬᠢ ᠪᠠᠶᠠᠯᠢᠭ ᠬᠢᠭᠡᠳ ᠨᠡᠢ᠌ᠬᠡᠮ᠎ᠤᠨ ᠪᠠᠲᠤᠯᠠᠭ᠎ᠠ ᠵᠢᠨ ᠳᠣᠪᠴᠢᠶ᠎ᠠ᠂ ᠵᠡᠮᠳᠡᠭᠴᠤᠳ᠎ᠤᠨ ᠬᠣᠯᠪᠣᠭ᠎ᠠ᠂ ᠡᠮ ᠠ᠋ᠮᠨᠡᠯᠭᠡ ᠵᠢᠨ ᠪᠠᠲᠤᠯᠠᠭ᠋ᠠᠨ᠎ᠤ ᠳᠣᠪᠴᠢᠶ᠎ᠠ ᠵᠡᠷᠭᠡ ᠬᠣᠯᠪᠣᠭ᠋ᠠᠲᠤ ᠬᠤᠷᠠᠯ᠎ᠤᠨ ᠬᠡᠰᠢᠭᠦᠨ ᠨᠢᠭᠡᠴᠢ ᠬᠣᠷᠠᠯᠳᠤᠭ᠋ᠠᠨᠳᠤ ᠣᠷᠣᠯᠴᠠᠪᠠ᠃
ᠬᠤᠷᠠᠯ ᠳᠡᠭᠡᠷ᠎ᠡ ᠠᠮᠠᠷᠬᠠᠨ ᠪᠣᠢ ᠪᠣᠯᠳᠠᠭ ᠭᠣᠣᠯ ᠴᠣᠭᠴᠠ ᠵᠢᠨ ᠬᠠᠷᠢᠭᠤᠴᠠᠯᠭ᠎ᠠ ᠵᠢ ᠰᠠᠢ᠌ᠨ ᠬᠢᠬᠦ ᠦᠭᠡᠢ᠂ ᠪᠠᠲᠤᠯᠠᠭ᠎ᠠ ᠵᠢᠨ ᠠ᠋ᠲᠡᠭᠡᠳ᠎ᠢ ᠳᠣᠭᠲᠠᠭ᠋ᠠᠭᠰᠠᠨ᠎ᠨᠢ ᠣᠨᠣᠴᠠᠲᠠᠢ ᠪᠢᠰᠢ᠂ ᠰᠠᠯᠠᠭ᠎ᠠ ᠮᠦᠴᠢᠷ᠎ᠤᠨ ᠵᠣᠬᠢᠴᠠᠯᠳᠤᠬᠤ᠎ᠨᠢ ᠨᠠᠷᠢᠨ ᠨᠢᠭᠲᠠ ᠪᠢᠰᠢ ᠵᠡᠷᠭᠡ ᠠᠰᠠᠭᠤᠳᠠᠯ᠎ᠳᠤ ᠴᠢᠭᠯᠡᠭᠦᠯᠤᠨ ᠣᠯᠠᠨ ᠵᠶ᠋ᠠᠷ ᠵᠶ᠋ᠠᠨ ᠶᠠᠷᠢᠯᠴᠠᠪᠠ᠃ ᠬᠤᠷᠠᠯ᠎ᠳᠤ ᠣᠷᠣᠯᠴᠠᠭᠰᠠᠨ ᠨᠢᠭᠡᠴᠢ᠎ᠨᠦᠭᠦᠳ ᠰᠠᠯᠠᠭ᠎ᠠ ᠮᠦᠴᠢᠷᠯᠤᠭᠠ ᠵᠢᠨ ᠬᠣᠭᠣᠷᠤᠨᠳᠤᠬᠢ ᠶᠠᠳᠠᠭᠤ ᠵᠢ ᠳᠡᠳᠬᠦᠬᠦ ᠲᠣᠭ᠎ᠠ ᠪᠦᠷᠢᠳᠬᠡᠯ᠎ᠢ ᠬᠠᠷᠢᠴᠠᠭᠤᠯᠬᠤ ᠲᠠᠯ᠎ᠠ᠎ᠪᠠᠷ ᠵᠦᠪᠯᠡᠯᠳᠤᠭᠡᠳ᠂ ᠦᠢ᠍ᠷ᠎ᠠ ᠵᠢᠨ ᠬᠤᠭᠤᠴᠠᠭ᠋ᠠᠨ᠎ᠳᠤ ᠳᠠᠩᠰᠠᠯᠠᠵᠤ ᠺᠠᠷᠲᠯᠠᠭᠰᠠᠨ ᠠ᠋ᠷᠤᠬᠡ᠂ ᠨᠠᠭ᠋ᠠᠳᠤ ᠵᠠᠬ᠎ᠠ ᠵᠢᠨ ᠪᠠᠲᠤᠯᠠᠭ᠋ᠠᠨ᠎ᠤ ᠠ᠋ᠲᠡᠭᠡᠳ᠂ ᠣᠨᠴᠠ ᠬᠦᠴᠢᠷᠳᠡᠯ᠎ᠲᠠᠢ ᠬᠦᠮᠤᠰ᠂ ᠵᠠᠮᠳᠡᠭᠴᠤᠳ᠂ ᠡᠮ ᠠ᠋ᠮᠨᠡᠯᠭᠡ ᠵᠢᠨ ᠳᠠᠭ᠋ᠠᠳᠬᠠᠯ᠂ ᠨᠠᠰᠤᠲᠠᠳ᠎ᠢ ᠠᠰᠠᠠᠷᠠᠬᠤ ᠳᠠᠭ᠋ᠠᠳᠬᠠᠯ ᠵᠡᠷᠭᠡ ᠵᠢᠨ ᠨᠡᠢ᠌ᠬᠡᠮ᠎ᠤᠨ ᠪᠠᠲᠤᠯᠠᠭ᠋ᠠᠨ᠎ᠤ ᠪᠦᠬᠦᠨ᠎ᠢ ᠶᠠᠳᠠᠭᠤ᠎ᠠᠴᠠ ᠠᠩᠬᠢᠵᠢᠷᠠᠭᠤᠯᠬᠤ ᠲᠣᠭ᠎ᠠ ᠪᠦᠷᠢᠳᠬᠡᠯ᠎ᠤᠨ ᠴᠠᠭ ᠬᠤᠭᠤᠴᠠᠭ᠎ᠠ ᠵᠠᠩᠬᠢᠯᠠᠭ᠎ᠠ ᠵᠢᠨ ᠴᠢᠭ᠎ᠢ ᠨᠢᠭᠡᠳᠤᠯᠲᠠᠢ ᠪᠣᠯᠭ᠋ᠠᠨ ᠪᠦᠬᠦ ᠲᠠᠯ᠎ᠠ᠎ᠪᠠᠷ ᠬᠠᠷᠢᠴᠠᠭᠤᠯᠬᠤ ᠠᠵᠢᠯ᠎ᠳᠤ ᠠᠩᠬ᠎ᠠ ᠠᠯᠬᠤᠮ ᠵᠢᠱ᠌ᠢᠯᠲᠡ ᠬᠢᠪᠡ᠃ ᠬᠤᠷᠠᠯ ᠳᠡᠭᠡᠷ᠎ᠡ ᠪᠠᠰᠠ ᠣᠳᠣᠬᠠᠨ᠎ᠤ ᠶᠠᠳᠠᠭᠤ ᠵᠢ ᠳᠡᠳᠬᠦᠬᠦ ᠠᠵᠢᠯ ᠪᠣᠯᠤᠨ ᠲᠦᠪ᠎ᠤᠨ ᠲᠣᠭᠣᠷᠢᠨ ᠪᠠᠢ᠌ᠴᠠᠭ᠋ᠠᠯᠲᠠ ᠵᠢᠨ ᠵᠠᠰᠠᠨ ᠴᠡᠭᠴᠡᠯᠡᠬᠦ ᠠᠵᠢᠯ᠎ᠤᠨ ᠳᠤᠮᠳᠠ ᠢᠯᠡᠷᠡᠭᠰᠡᠨ ᠠᠰᠠᠭᠤᠳᠠᠯ᠎ᠢ ᠶᠠᠷᠢᠯᠴᠠᠨ ᠵᠦᠪᠳᠡᠯᠴᠡᠭᠰᠡᠨ ᠪᠠ ᠨᠠᠢ᠌ᠲᠠᠪᠤᠷᠢᠵᠢᠭᠤᠯᠤᠨ ᠰᠢᠢ᠍ᠳᠪᠤᠷᠢᠯᠡᠬᠦ ᠠᠷᠭ᠎ᠠ ᠬᠡᠮᠵᠢᠶ᠎ᠡ᠎ᠪᠠᠨ ᠳᠤᠷᠠᠳᠤᠨ ᠭᠠᠷᠭ᠋ᠠᠵᠠᠢ᠃
