ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠤᠯᠠᠭ᠋ᠠᠨᠬᠠᠳᠠ ᠬᠣᠲᠠ ᠬᠣᠲᠠ ᠵᠢᠨ ᠲᠦᠪ᠎ᠤᠨ ᠭᠡᠰᠡᠭ ᠵᠠᠮ ᠵᠡᠭᠡᠯᠢ ᠵᠢᠨ ᠨᠡᠷᠡᠢ᠌ᠲᠤᠯ ᠵᠶ᠋ᠠᠨ ᠬᠠᠯᠠᠵᠤ ᠨᠡᠷᠡᠯᠡᠬᠦ ᠠᠵᠢᠯ ᠳᠠᠭᠤᠰᠪᠠ
ᠨᠡᠶᠢᠲᠡᠯᠡᠭᠰᠡᠨ ᠴᠠᠭ᠄ 2019-06-25

           

      ᠦᠢ᠍ᠷ᠎ᠠ᠎ᠳᠤ ᠬᠠᠮᠢᠶ᠎ᠠ ᠪᠦᠬᠦᠢ ᠳᠣᠭᠲᠠᠭ᠋ᠠᠯ᠎ᠢ ᠦᠨᠳᠤᠰᠤᠯᠡᠵᠤ᠂ ᠦᠷᠭᠡᠨ ᠲᠡᠯᠭᠡᠷᠡᠩᠭᠦᠢ᠎ᠪᠠᠷ ᠰᠠᠨᠠᠯ ᠬᠤᠷᠢᠶᠠᠭᠰᠠᠨ ᠪᠠ ᠰᠤᠳᠤᠯᠵᠤ ᠨᠣᠲᠠᠯᠠᠭᠰᠠᠨ᠎ᠤ ᠰᠠᠭᠤᠷᠢᠨ ᠳᠡᠭᠡᠷ᠎ᠡ᠂ ᠤᠯᠠᠭ᠋ᠠᠨᠬᠠᠳᠠ ᠬᠣᠲᠠ ᠵᠢᠨ ᠠᠷᠠᠳ᠎ᠤᠨ ᠵᠠᠰᠠᠭ᠎ᠤᠨ ᠤᠷᠳᠤᠨ ᠳᠣᠭᠲᠠᠭ᠋ᠠᠯ ᠭᠠᠷᠭ᠋ᠠᠵᠤ᠂ ᠬᠣᠲᠠ ᠵᠢᠨ ᠲᠦᠪ᠎ᠤᠨ 142 ᠵᠠᠮ ᠵᠠᠭᠡᠯᠢ ᠭᠤᠲᠤᠮᠵᠢ ᠵᠢ ᠰᠢᠨ᠎ᠡ᠎ᠪᠠᠷ ᠨᠡᠷᠡᠯᠡᠭᠰᠡᠨ ᠪᠠ 19 ᠵᠠᠮ ᠵᠡᠭᠡᠯᠢ ᠭᠤᠲᠤᠮᠵᠢ ᠵᠢᠨ ᠨᠡᠷ᠎ᠡ ᠵᠢ ᠬᠠᠯᠠᠭᠰᠠᠨ ᠪᠠᠢ᠌ᠨ᠎ᠠ᠃
      ᠠ᠋ᠨᠡ ᠤᠳᠠᠭ᠎ᠠ ᠵᠢᠨ ᠰᠢᠨ᠎ᠡ᠎ᠪᠠᠷ ᠨᠡᠷᠡᠯᠡᠭᠰᠠᠨ ᠪᠠ ᠨᠡᠷ᠎ᠡ ᠵᠢ᠎ᠨᠢ ᠬᠠᠯᠠᠠᠭᠰᠠᠨ ᠤᠴᠢᠷ ᠭᠡᠪᠡᠯ᠂ ᠣᠷᠴᠢᠮ᠎ᠤᠨ ᠵᠢᠯ᠎ᠤᠳ᠎ᠲᠤ ᠰᠢᠨ᠎ᠡ᠎ᠪᠠᠷ ᠪᠦᠲᠤᠭᠡᠨ ᠪᠠᠢ᠌ᠭᠤᠯᠤᠭᠰᠠᠨ ᠨᠡᠷ᠎ᠡ ᠦᠭᠡᠢ ᠵᠠᠮ ᠵᠡᠭᠡᠯᠢ ᠪᠠ ᠶᠠᠭ ᠪᠠᠢ᠌ᠭᠤᠯᠬᠤ ᠭᠡᠵᠤ ᠪᠠᠢ᠌ᠭ᠎ᠠ ᠵᠠᠮ ᠵᠡᠭᠡᠯᠢ᠎ᠳᠤ᠎ᠪᠠᠨ ᠨᠡᠷ᠎ᠡ ᠦᠭᠭᠦᠭᠰᠡᠨ ᠶᠠᠪᠤᠳᠠᠯ ᠪᠣᠯᠤᠨ᠎ᠠ᠃ ᠠ᠋ᠭᠦᠨ᠎ᠳᠤ ᠬᠤᠩ ᠱᠠᠨ ᠲᠣᠭᠣᠷᠢᠭ᠎ᠲᠤ 30 ᠵᠣᠷᠪᠣᠰ᠂ ᠰᠦᠩ ᠱᠠᠨ ᠲᠣᠭᠣᠷᠢᠭ᠎ᠲᠤ 103 ᠵᠣᠷᠪᠣᠰ᠂ ᠤᠯᠠᠭ᠋ᠠᠨᠬᠠᠳᠠ ᠵᠢᠨ ᠭᠣᠣ ᠰᠢᠨ ᠲᠣᠭᠣᠷᠢᠭ᠎ᠤᠨ ᠮᠠ ᠯᠢᠨ ᠦᠩᠭᠡᠲᠤ ᠲᠡᠮᠤᠷᠯᠢᠭ᠌᠎ᠤᠨ ᠠᠵᠤ ᠦᠢ᠍ᠯᠡᠳᠪᠤᠷᠢ ᠵᠢᠨ ᠬᠦᠷᠢᠶᠡᠯᠡᠩ᠎ᠤᠨ 28 ᠵᠣᠷᠪᠣᠰ ᠵᠠᠮ ᠵᠠᠭᠡᠯᠢ ᠪᠣᠢ᠃ ᠰᠢᠨ᠎ᠡ᠎ᠪᠠᠷ ᠨᠡᠷᠡᠯᠡᠭᠰᠡᠨ ᠵᠠᠮ ᠵᠡᠭᠡᠯᠢ᠎ᠨᠢ ᠭᠣᠣᠯᠳᠠᠭᠤ ᠬᠤᠩ ᠱᠠᠨ ᠲᠣᠭᠣᠷᠢᠭ᠎ᠤᠨ ᠰᠢᠨ᠎ᠡ ᠪᠠᠢ᠌ᠭᠤᠯᠤᠭᠰᠠᠨ ᠭᠡᠰᠡᠭ ᠭᠠᠵᠠᠷ ᠪᠣᠯᠤᠨ ᠬᠦᠭᠦᠷᠭᠡᠨ ᠬᠤᠢ᠌ᠨᠠᠬᠢ ᠭᠡᠰᠡᠭ ᠭᠠᠵᠠᠷ᠂ ᠰᠦᠩ ᠱᠠᠨ ᠲᠣᠭᠣᠷᠢᠭ᠎ᠤᠨ ᠰᠦᠩ ᠪᠧᠢ ᠵᠢᠨ ᠭᠡᠰᠡᠭ ᠭᠠᠵᠠᠷ᠂ ᠪᠧᠢ ᠸᠠ ᠽᠢ ᠵᠢᠨ ᠭᠡᠰᠡᠭ ᠭᠠᠵᠠᠷ᠂ ᠮᠡᠳᠡᠭᠡ ᠵᠠᠩᠬᠢ ᠵᠢᠨ ᠠᠵᠤ ᠦᠢ᠍ᠯᠡᠰ᠎ᠤᠨ ᠬᠦᠷᠢᠶᠡᠯᠡᠩ᠎ᠤᠨ ᠭᠡᠰᠡᠭ ᠭᠠᠵᠠᠷ᠂ ᠲᠠᠨᠵᠢ ᠵᠢᠨ ᠫᠦᠰᠠ ᠵᠢᠨ ᠭᠡᠰᠡᠭ ᠭᠠᠵᠠᠷ ᠪᠠ ᠤᠯᠠᠭ᠋ᠠᠨᠬᠠᠳᠠ ᠵᠢᠨ ᠭᠣᠣ ᠰᠢᠨ ᠲᠣᠭᠣᠷᠢᠭ᠎ᠤᠨ ᠮᠠ ᠯᠢᠨ ᠦᠩᠭᠡᠲᠤ ᠲᠡᠮᠤᠷᠯᠢᠭ᠌᠎ᠤᠨ ᠠᠵᠤ ᠦᠢ᠍ᠯᠡᠳᠪᠤᠷᠢ ᠵᠢᠨ ᠬᠦᠷᠢᠶᠡᠯᠡᠩ᠎ᠤᠨ ᠭᠡᠰᠡᠭ ᠭᠠᠵᠠᠷ ᠪᠣᠯᠤᠨ᠎ᠠ᠃

ᠢᠷᠡᠯᠲᠡ᠄
          
ᠬᠠᠮᠢᠶ᠎ᠡ ᠪᠦᠬᠦᠢ ᠰᠣᠨᠢᠨ
ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠶᠡᠷᠤᠩᠬᠡᠢ ᠨᠠᠮ᠎ᠤᠨ ᠠ᠋ᠭᠦᠷ ᠦᠨᠣᠴᠢᠨ ᠬᠡᠤᠬᠡᠳ᠎ᠢ ᠬᠠᠢ᠌ᠷᠠᠯᠠᠨ ᠬᠠᠯᠠᠮᠵᠢᠯᠠᠬᠤ ᠭᠣᠣᠯ ᠰᠡᠳᠤᠪᠲᠤ ᠨᠠᠮ᠎ᠤᠨ ᠠ᠋ᠳᠤᠷ᠎ᠤᠨ ᠠᠵᠢᠯᠯᠠᠭ᠎ᠠ ᠦᠷᠨᠢᠭᠦᠯᠪᠡ
ᠣᠷᠳᠣᠰ ᠬᠣᠲᠠ ᠵᠢᠨ ᠡᠯ᠎ᠡ ᠭᠠᠵᠠᠷ᠎ᠲᠤ ᠠ᠋ᠯᠪᠡᠭ ᠪᠠᠶᠠᠯᠢᠭ ᠤᠳᠬ᠎ᠠ ᠠᠭᠤᠯᠭ᠎ᠠ᠎ᠲᠠᠢ ᠰᠠᠢ᠌ᠨ ᠳᠤᠷᠠᠴᠤᠤᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠦᠷᠨᠢᠵᠤ ᠪᠣᠢ
ᠠᠷᠠᠳ᠎ᠤᠨ ᠶᠠᠪᠤᠳᠠᠯ᠎ᠤᠨ ᠠᠵᠢᠯ᠎ᠤᠨ ᠤᠨᠴᠠᠯᠢᠭ᠎ᠲᠠᠢ᠎ᠪᠠᠨ ᠤᠶᠠᠯᠳᠤᠭᠤᠯᠤᠨ ᠭᠣᠣᠯ ᠰᠡᠳᠦᠪᠲᠦ ᠬᠦᠮᠦᠵᠢᠯ᠎ᠢ ᠭᠦᠨᠵᠡᠭᠡᠢ ᠥᠷᠨᠢᠭᠦᠯᠪᠡ
ᠠᠷᠠᠳ᠎ᠤᠨ ᠶᠠᠪᠤᠳᠠᠯ᠎ᠤᠨ ᠲᠢᠩᠬᠢᠮ 《ᠤᠭ ᠰᠠᠨᠠᠭ᠎ᠠ᠎ᠪᠠᠨ ᠥᠯᠥ ᠮᠠᠷᠲᠠᠨ᠂ ᠠ᠋ᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠬᠦ》 ᠭᠣᠣᠯ ᠰᠡᠳᠦᠪᠲᠦ ᠬᠦᠮᠦᠵᠢᠯ᠎ᠤᠨ ᠨᠣᠮ ᠤᠩᠰᠢᠬᠤ ᠠᠩᠭᠢ ᠠ᠋ᠷᠬᠢᠯᠡᠪᠡ
ᠠᠷᠠᠳ᠎ᠤᠨ ᠶᠠᠪᠤᠳᠠᠯ᠎ᠤᠨ ᠲᠢᠩᠬᠢᠮ 《ᠤᠭ ᠰᠠᠨᠠᠭ᠎ᠠ᠎ᠪᠠᠨ ᠥᠯᠥ ᠮᠠᠷᠲᠠᠨ᠂ ᠠ᠋ᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ》 ᠭᠣᠣᠯ ᠰᠡᠳᠦᠪᠲᠦ ᠬᠦᠮᠦᠵᠢᠯ᠎ᠤᠨ ᠰᠤᠳᠤᠯᠤᠨ ᠶᠠᠷᠢᠯᠴᠠᠬᠤ ᠬᠤᠷᠠᠯ ᠬᠢᠪᠡ
 
            