ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠶᠡᠷᠤᠩᠬᠡᠢ ᠨᠠᠮ᠎ᠤᠨ ᠠ᠋ᠭᠦᠷ ᠦᠨᠣᠴᠢᠨ ᠬᠡᠤᠬᠡᠳ᠎ᠢ ᠬᠠᠢ᠌ᠷᠠᠯᠠᠨ ᠬᠠᠯᠠᠮᠵᠢᠯᠠᠬᠤ ᠭᠣᠣᠯ ᠰᠡᠳᠤᠪᠲᠤ ᠨᠠᠮ᠎ᠤᠨ ᠠ᠋ᠳᠤᠷ᠎ᠤᠨ ᠠᠵᠢᠯᠯᠠᠭ᠎ᠠ ᠦᠷᠨᠢᠭᠦᠯᠪᠡ
ᠨᠡᠶᠢᠲᠡᠯᠡᠭᠰᠡᠨ ᠴᠠᠭ᠄ 2019-06-05

           

     5 ᠳ᠋ᠤᠭ᠋ᠠᠷ ᠰᠠᠷ᠎ᠠ ᠵᠢᠨ 28᠎ᠤ ᠠ᠋ᠳᠤᠷ 〈〈6.1〉〉᠎ᠤ ᠬᠡᠤᠬᠡᠳ᠎ᠤᠨ ᠪᠠᠶᠠᠷ᠎ᠤᠨ ᠠ᠋ᠳᠤᠷ ᠬᠦᠷᠴᠤ ᠢᠷᠡᠬᠦ᠎ᠠᠴᠠ ᠠ᠋ᠮᠤᠨᠡᠬᠡᠨ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠨᠠᠮ᠎ᠤᠨ ᠶᠡᠷᠤᠩᠬᠡᠢ ᠠ᠋ᠭᠦᠷ ᠬᠠᠷᠢᠶᠠᠨ᠎ᠤ᠎ᠪᠠᠨ ᠨᠠᠮ᠎ᠤᠨ ᠭᠡᠰᠢᠭᠦᠨ᠎ᠢ ᠵᠣᠬᠢᠶᠠᠨ ᠪᠠᠢ᠌ᠭᠤᠯᠤᠭ᠋ᠠᠳ᠂ ᠠᠢ᠌ᠮᠠᠭ᠎ᠤᠨ ᠨᠡᠢ᠌ᠬᠡᠮ᠎ᠤᠨ ᠠᠰᠠᠷᠠᠮᠵᠢ ᠵᠢᠨ ᠬᠦᠷᠢᠶᠡᠯᠡᠩ᠎ᠳᠤ ᠬᠦᠷᠴᠤ᠂ 〈〈ᠦᠨᠣᠴᠢᠨ ᠬᠡᠤᠬᠡᠳ᠎ᠢ ᠬᠠᠢ᠌ᠷᠠᠯᠠᠨ ᠬᠠᠯᠠᠮᠵᠢᠯᠠᠵᠤ᠂ 〈ᠪᠢ ᠠ᠋ᠬᠡ ᠤᠯᠤᠰ᠎ᠲᠠᠢ᠎ᠪᠠᠨ〉 ᠬᠡᠬᠦ ᠳᠠᠭᠤᠤ ᠵᠢ ᠬᠠᠮᠲᠤᠪᠡᠷ ᠳᠠᠭᠤᠯᠠᠶ᠎ᠠ〉〉 ᠬᠡᠮᠡᠬᠦ ᠭᠣᠣᠯ ᠰᠡᠳᠤᠪᠲᠤ ᠨᠠᠮ᠎ᠤᠨ ᠠ᠋ᠳᠤᠷ᠎ᠤᠨ ᠠᠵᠢᠯᠯᠠᠭ᠎ᠠ ᠪᠠ ᠠᠢ᠌ᠮᠠᠭ᠎ᠤᠨ ᠨᠡᠢ᠌ᠬᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠵᠠᠭᠤᠴᠢᠯᠠᠭᠤᠷ᠎ᠤᠨ ᠨᠡᠭᠡᠭᠡᠯᠲᠡ ᠵᠢᠨ ᠠ᠋ᠳᠤᠷ᠎ᠤᠨ ᠠᠵᠢᠯᠯᠠᠭ᠎ᠠ ᠦᠷᠨᠢᠭᠦᠯᠪᠡ᠃
      ᠠᠵᠢᠯᠯᠠᠭ᠋ᠠᠨ᠎ᠳᠤ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠪᠦᠬᠦ ᠨᠠᠮ᠎ᠤᠨ ᠬᠡᠰᠢᠭᠦᠨ ᠪᠣᠯᠤᠨ ᠠᠰᠠᠷᠠᠮᠵᠢ ᠵᠢᠨ ᠬᠦᠷᠢᠶᠡᠯᠡᠩ᠎ᠤᠨ ᠠᠵᠢᠯᠲᠠᠨ ᠬᠢᠭᠡᠳ ᠦᠨᠣᠴᠢᠨ ᠬᠡᠤᠬᠡᠳ᠎ᠤᠳ ᠬᠠᠮᠲᠤᠪᠡᠷ 〈〈ᠪᠢ ᠠ᠋ᠬᠡ ᠤᠯᠤᠰ᠎ᠲᠠᠢ᠎ᠪᠠᠨ〉〉 ᠬᠡᠬᠦ ᠳᠠᠭᠤᠤ ᠵᠢ ᠳᠠᠭᠤᠯᠠᠵᠠᠢ᠃ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠳᠣᠪᠴᠢᠶᠠᠨ᠎ᠤ ᠤᠳᠤᠷᠢᠳᠤᠯᠭ᠎ᠠ ᠦᠨᠣᠴᠢᠨ ᠬᠡᠤᠬᠡᠳ᠎ᠤᠳ᠎ᠲᠤ ᠦᠨᠳᠡᠭᠡᠲᠠᠢ ᠪᠣᠭᠣᠷᠰᠣᠭ ᠬᠦᠷᠭᠡᠵᠤ᠂ ᠲᠡᠳᠡᠨ᠎ᠤ ᠪᠠᠶᠠᠷ᠎ᠤᠨ ᠠ᠋ᠳᠤᠷ᠎ᠤᠨ ᠪᠠᠶᠠᠷ ᠵᠢᠷᠭ᠋ᠠᠯ᠎ᠢ ᠢᠷᠤᠭᠡᠪᠡ᠃ ᠪᠦᠬᠦ ᠨᠠᠮ᠎ᠤᠨ ᠬᠡᠰᠢᠭᠦᠨ ᠲᠡᠳᠡᠨ᠎ᠲᠠᠢ ᠬᠠᠮᠲᠤ ᠵᠢᠷᠤᠭ ᠵᠢᠷᠤᠬᠤ᠂ ᠭᠠᠷ ᠤᠷᠠᠯᠠᠯ ᠬᠢᠬᠦ ᠵᠡᠷᠭᠡ ᠵᠢᠨ ᠠᠵᠢᠯᠯᠠᠭ᠎ᠠ᠎ᠳᠤ ᠣᠷᠣᠯᠴᠠᠭᠰᠠᠨ ᠪᠠ ᠬᠡᠤᠬᠡᠳ᠎ᠤᠨ ᠦᠢ᠍ᠯᠡᠴᠢᠯᠡᠭᠡᠨ᠎ᠤ ᠲᠠᠯᠠᠪᠡᠢ᠎ᠪᠠᠷ ᠲᠣᠭᠣᠷᠢᠨ ᠦᠵᠡᠵᠤ᠂ ᠦᠨᠣᠴᠢᠨ ᠵᠡᠮᠲᠡᠭ ᠬᠡᠤᠬᠡᠳ᠎ᠢ ᠠᠰᠠᠷᠠᠵᠤ ᠬᠠᠷᠠᠭ᠋ᠠᠯᠵᠠᠬᠤ᠂ ᠠ᠋ᠷᠡᠭᠦᠯᠵᠢᠭᠦᠯᠬᠦ᠂ ᠰᠤᠷᠭ᠋ᠠᠨ ᠬᠦᠮᠤᠵᠢᠭᠦᠯᠬᠦ ᠪᠠ ᠪᠠᠲᠤᠯᠠᠭ᠋ᠠᠨ᠎ᠤ ᠳᠤᠬᠠᠢ᠌ᠯᠠᠭᠰᠠᠨ ᠠᠵᠢᠯᠯᠠᠭ᠎ᠠ᠎ᠳᠤ ᠦᠪᠡᠷ᠎ᠤᠨ ᠪᠡᠶ᠎ᠡ᠎ᠪᠠᠨ ᠦᠢ᠍ᠯᠡᠳᠤᠯᠭᠡᠵᠢᠭᠦᠯᠤᠨ᠂ ᠬᠡᠤᠬᠡᠳ᠎ᠤᠨ ᠠᠰᠠᠷᠠᠮᠵᠢ᠎ᠤᠨ ᠠᠵᠢᠯ᠎ᠳᠤ ᠰᠢᠨ᠎ᠡ ᠲᠠᠨᠢᠯᠲᠠ᠎ᠲᠠᠢ ᠪᠣᠯᠤᠭᠰᠠᠨ ᠪᠠᠢ᠌ᠨ᠎ᠠ᠃  


ᠢᠷᠡᠯᠲᠡ᠄
          
ᠬᠠᠮᠢᠶ᠎ᠡ ᠪᠦᠬᠦᠢ ᠰᠣᠨᠢᠨ
ᠣᠷᠳᠣᠰ ᠬᠣᠲᠠ ᠵᠢᠨ ᠡᠯ᠎ᠡ ᠭᠠᠵᠠᠷ᠎ᠲᠤ ᠠ᠋ᠯᠪᠡᠭ ᠪᠠᠶᠠᠯᠢᠭ ᠤᠳᠬ᠎ᠠ ᠠᠭᠤᠯᠭ᠎ᠠ᠎ᠲᠠᠢ ᠰᠠᠢ᠌ᠨ ᠳᠤᠷᠠᠴᠤᠤᠯ᠎ᠤᠨ ᠦᠢ᠍ᠯᠡᠴᠢᠯᠡᠭᠡᠨ᠎ᠤ ᠠᠵᠢᠯᠯᠠᠭ᠎ᠠ ᠦᠷᠨᠢᠵᠤ ᠪᠣᠢ
ᠠᠷᠠᠳ᠎ᠤᠨ ᠶᠠᠪᠤᠳᠠᠯ᠎ᠤᠨ ᠠᠵᠢᠯ᠎ᠤᠨ ᠤᠨᠴᠠᠯᠢᠭ᠎ᠲᠠᠢ᠎ᠪᠠᠨ ᠤᠶᠠᠯᠳᠤᠭᠤᠯᠤᠨ ᠭᠣᠣᠯ ᠰᠡᠳᠦᠪᠲᠦ ᠬᠦᠮᠦᠵᠢᠯ᠎ᠢ ᠭᠦᠨᠵᠡᠭᠡᠢ ᠥᠷᠨᠢᠭᠦᠯᠪᠡ
ᠠᠷᠠᠳ᠎ᠤᠨ ᠶᠠᠪᠤᠳᠠᠯ᠎ᠤᠨ ᠲᠢᠩᠬᠢᠮ 《ᠤᠭ ᠰᠠᠨᠠᠭ᠎ᠠ᠎ᠪᠠᠨ ᠥᠯᠥ ᠮᠠᠷᠲᠠᠨ᠂ ᠠ᠋ᠭᠦᠷᠭᠡ ᠬᠠᠷᠢᠭᠤᠴᠠᠯᠭ᠎ᠠ᠎ᠪᠠᠨ ᠪᠠᠲᠦ ᠴᠡᠭᠡᠵᠢᠯᠡᠬᠦ》 ᠭᠣᠣᠯ ᠰᠡᠳᠦᠪᠲᠦ ᠬᠦᠮᠦᠵᠢᠯ᠎ᠤᠨ ᠨᠣᠮ ᠤᠩᠰᠢᠬᠤ ᠠᠩᠭᠢ ᠠ᠋ᠷᠬᠢᠯᠡᠪᠡ
ᠠᠷᠠᠳ᠎ᠤᠨ ᠶᠠᠪᠤᠳᠠᠯ᠎ᠤᠨ ᠲᠢᠩᠬᠢᠮ 《ᠤᠭ ᠰᠠᠨᠠᠭ᠎ᠠ᠎ᠪᠠᠨ ᠥᠯᠥ ᠮᠠᠷᠲᠠᠨ᠂ ᠠ᠋ᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ》 ᠭᠣᠣᠯ ᠰᠡᠳᠦᠪᠲᠦ ᠬᠦᠮᠦᠵᠢᠯ᠎ᠤᠨ ᠰᠤᠳᠤᠯᠤᠨ ᠶᠠᠷᠢᠯᠴᠠᠬᠤ ᠬᠤᠷᠠᠯ ᠬᠢᠪᠡ
ᠠᠷᠠᠳ᠎ᠤᠨ ᠶᠠᠪᠤᠳᠠᠯ᠎ᠤᠨ ᠲᠢᠩᠬᠢᠮ ᠭᠣᠣᠯ ᠰᠡᠳᠦᠪᠲᠦ ᠬᠦᠮᠦᠵᠢᠯ᠎ᠤᠨ ᠲᠣᠬᠢᠷᠠᠭᠤᠯᠤᠯᠲᠠ ᠵᠢᠨ ᠬᠤᠷᠠᠯ ᠬᠢᠪᠡ
 
            