ᠣᠷᠴᠢᠮᠬᠠᠨ ᠲᠦᠷᠤ ᠵᠢᠨ ᠶᠠᠪᠤᠳᠠᠯ᠎ᠤᠨ ᠬᠣᠷᠢᠶ᠎ᠠ᠎ᠠᠴᠠ 〈〈ᠲᠦᠷᠤ ᠵᠢᠨ ᠶᠠᠪᠤᠳᠠᠯ᠎ᠤᠨ ᠬᠣᠷᠢᠶᠠᠨ᠎ᠤ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢ ᠨᠡᠢ᠌ᠲᠡᠮ ᠪᠠᠢ᠌ᠴᠠᠭ᠋ᠠᠯᠲᠠ ᠵᠢᠨ ᠤᠳᠤᠷᠢᠳᠬᠤ ᠳᠤᠭᠤᠢ᠌ᠯᠠᠩ᠎ᠤᠨ ᠬᠣᠶᠠᠳᠤᠭ᠋ᠠᠷ ᠤᠳᠠᠭ᠋ᠠᠡᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢ ᠨᠡᠢ᠌ᠲᠡᠮ ᠪᠠᠢ᠌ᠴᠠᠭ᠋ᠠᠯᠲᠠ ᠵᠢᠨ ᠲᠡᠷᠢᠭᠦᠨ᠎ᠤ ᠬᠠᠮᠲᠤ ᠪᠣᠯᠤᠨ ᠲᠡᠷᠢᠭᠦᠨ᠎ᠤ ᠬᠤᠪᠢ ᠬᠦᠮᠤᠨ᠎ᠢ ᠰᠠᠢ᠌ᠰᠢᠶᠠᠨ ᠭᠦᠬᠢᠭᠦᠯᠬᠦ ᠳᠤᠬᠠᠢ ᠳᠣᠭᠲᠠᠭ᠋ᠠᠯ〉〉᠎ᠢ ᠨᠡᠢ᠌ᠲᠡᠯᠡᠵᠤ᠂ ᠪᠤᠭᠤᠲᠤ ᠬᠣᠲᠠ ᠭᠠᠵᠠᠷ᠎ᠤᠨ ᠨᠡᠷ᠎ᠡ ᠵᠢ ᠨᠡᠢ᠌ᠲᠡᠮ ᠪᠠᠢ᠌ᠴᠠᠭ᠋ᠠᠯᠲᠠ ᠵᠢᠨ ᠠᠯᠪᠠᠨ ᠭᠡᠷ ᠪᠦᠬᠦ ᠤᠯᠤᠰ᠎ᠤᠨ ᠭᠠᠵᠠᠷ᠎ᠤᠨ ᠨᠡᠷ᠎ᠡ ᠵᠢ ᠨᠡᠢ᠌ᠲᠡᠮ ᠪᠠᠢ᠌ᠴᠠᠭ᠋ᠠᠯᠲᠠ ᠵᠢᠨ ᠲᠡᠷᠢᠭᠦᠨ᠎ᠤ ᠬᠠᠮᠲᠤ᠎ᠪᠠᠷ ᠭᠦᠬᠢᠭᠦᠯᠤᠭ᠌ᠳᠡᠪᠡ᠃
ᠪᠤᠭᠤᠲᠤ ᠬᠣᠲᠠ ᠵᠢᠨ ᠭᠠᠵᠠᠷ᠎ᠤᠨ ᠨᠡᠷ᠎ᠡ ᠵᠢᠨ ᠨᠡᠢ᠌ᠲᠡᠮ ᠪᠠᠢ᠌ᠴᠠᠭ᠋ᠠᠯᠲᠠ ᠵᠢᠨ ᠠᠯᠪᠠᠨ ᠭᠡᠷ 2014 ᠣᠨ᠎ᠳᠤ ᠪᠠᠢ᠌ᠭᠤᠯᠤᠭᠳᠠᠭᠰᠠᠨ᠎ᠠᠴᠠ ᠨᠠᠰᠢ ᠦᠢ᠍ᠯᠡᠳᠤᠯ ᠴᠢᠳᠠᠪᠬᠢ᠎ᠪᠠᠨ ᠭᠦᠢ᠍ᠴᠡᠳ ᠪᠠᠳᠠᠷᠠᠭᠤᠯᠤᠨ᠂ ᠳᠤᠬᠠᠢ᠌ᠯᠠᠭᠰᠠᠨ ᠠᠵᠢᠯ ᠵᠶ᠋ᠠᠨ ᠴᠢᠩᠭ᠎ᠠ ᠠᠳᠬᠤᠨ ᠵᠣᠬᠢᠴᠠᠭᠤᠯᠵᠤ᠂ ᠦᠷ᠎ᠡ ᠪᠦᠲᠤᠮᠵᠢ ᠵᠢ ᠠ᠋ᠷᠬᠢᠮᠯᠡᠨ ᠴᠢᠨᠠᠷ᠎ᠢ ᠪᠠᠲᠤᠯᠠᠵᠤ᠂ ᠡᠯ᠎ᠡ ᠲᠦᠷᠣᠯ᠎ᠤᠨ ᠠᠵᠢᠯ ᠵᠶ᠋ᠠᠨ ᠭᠦᠴᠤᠯᠡᠨ ᠪᠡᠶᠡᠯᠡᠭᠦᠯᠤᠭᠡᠳ᠂ ᠢᠯᠡᠳᠲᠡ ᠠᠮᠵᠢᠯᠲᠠ ᠣᠯᠵᠠᠢ᠃ ᠦᠢ᠍ᠷ᠎ᠠ᠎ᠳᠤ ᠪᠤᠭᠤᠳᠤ ᠬᠣᠲᠠ ᠨᠢᠭᠡᠨᠲᠡ 11 ᠶᠡᠬᠡ ᠲᠦᠷᠣᠯ᠂ 82 ᠭᠡᠰᠢᠭᠦᠨ ᠲᠦᠷᠤᠯ᠎ᠤᠨ ᠨᠡᠢ᠌ᠲᠡ 2 ᠲᠦᠮᠡ ᠢᠯᠡᠭᠦᠤ ᠵᠣᠷᠪᠣᠰ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢ ᠨᠡᠢ᠌ᠲᠡᠮ ᠪᠠᠢ᠌ᠴᠠᠭ᠋ᠠᠭᠰᠠᠨ ᠪᠠ 〈〈ᠪᠤᠭᠤᠲᠤ ᠬᠣᠲᠠ ᠵᠢᠨ ᠵᠠᠰᠠᠭ ᠵᠠᠬᠢᠷᠭ᠋ᠠᠨ᠎ᠤ ᠬᠤᠪᠢᠶᠠᠷᠢᠯᠠᠯ᠎ᠤᠨ ᠵᠢᠷᠤᠭ〉〉᠂ 〈〈ᠪᠤᠭᠤᠲᠤ ᠬᠣᠲᠠ ᠲᠣᠭᠣᠷᠢᠭ᠎ᠤᠨ ᠭᠦᠷᠰᠢ ᠵᠡᠷᠭᠡᠯᠡᠳᠡᠭᠡ ᠬᠤᠪᠢᠶᠠᠷᠢ ᠭᠡᠰᠡᠭ᠎ᠤᠨ ᠵᠢᠷᠤᠭ〉〉 ᠪᠠ 〈〈ᠪᠤᠭᠤᠲᠤ ᠬᠣᠲᠠ ᠲᠣᠭᠣᠷᠢᠭ᠎ᠤᠨ ᠵᠠᠮ᠎ᠤᠨ ᠨᠡᠷᠡᠢ᠌ᠲᠤᠯ᠎ᠤᠨ ᠵᠢᠷᠤᠭ〉〉᠎ᠢ ᠦᠢ᠍ᠯᠡᠳᠬᠦ ᠪᠠ ᠭᠠᠵᠠᠷ᠎ᠤᠨ ᠨᠡᠷ᠎ᠡ ᠬᠠᠶᠢᠭ᠎ᠤᠨ ᠳ᠋ᠠᠢ᠌ᠲ᠋ᠠ ᠬᠦᠮᠣᠷᠭᠡ ᠵᠢᠨ ᠪᠦᠲᠤᠭᠡᠨ ᠪᠠᠢ᠌ᠭᠤᠯᠤᠯᠲᠠ ᠵᠢ ᠪᠡᠶᠡᠯᠡᠭᠦᠯᠪᠡ᠃ ᠪᠦᠬᠦ ᠬᠣᠲᠠ ᠵᠢᠨ ᠭᠠᠵᠠᠷ᠎ᠤᠨ ᠨᠡᠷ᠎ᠡ ᠵᠢᠨ ᠲᠣᠯᠢ ᠦᠢ᠍ᠯᠠᠯᠭᠠ ᠵᠢ ᠲᠣᠭᠣᠷᠪᠢᠨ ᠪᠢᠴᠢᠬᠦ ᠠᠵᠢᠯ ᠤᠷᠤᠭᠰᠢᠲᠠᠢ ᠶᠠᠪᠤᠭᠳᠠᠵᠤ᠂ ᠭᠠᠵᠠᠷ᠎ᠤᠨ ᠨᠡᠷ᠎ᠡ ᠵᠢᠨ ᠤᠯᠠᠷᠢᠯᠲᠠ ᠵᠢᠨ ᠪᠦᠲᠤᠭᠡᠭᠳᠡᠭᠦᠨ ᠳᠠᠰᠤᠷᠠᠯᠲᠠ ᠦᠭᠡᠢ ᠪᠠᠶᠠᠯᠢᠭᠵᠢᠵᠤ᠂ ᠭᠠᠵᠠᠷ᠎ᠤᠨ ᠨᠡᠷ᠎ᠡ ᠵᠢᠨ ᠮᠡᠳᠡᠭᠡ ᠵᠠᠩᠭᠢ ᠵᠢᠨ ᠦᠢ᠍ᠯᠡᠴᠢᠯᠡᠭᠡᠨ ᠯᠠᠪᠳᠠᠭᠤᠨ ᠵᠶ᠋ᠠᠷ ᠳᠡᠭᠡᠭᠰᠢᠯᠠᠨ᠂ ᠣᠷᠣᠨ ᠬᠤᠪᠢᠶᠠᠷᠢᠯᠡᠯ᠎ᠤᠨ ᠭᠠᠵᠠᠷ᠎ᠤᠨ ᠨᠡᠷ᠎ᠡ᠎ᠤᠨ ᠳ᠋ᠠᠢ᠌ᠲ᠋ᠠ ᠵᠢᠨ ᠲᠤᠯᠭ᠋ᠠᠭᠤᠷᠯᠠᠬᠤ ᠳᠣᠭᠲᠠᠯᠴᠠᠭ᠎ᠠ ᠶᠠᠭ ᠠᠭ᠋ᠠᠵᠢᠮ ᠵᠶ᠋ᠠᠷ ᠪᠦᠷᠢᠯᠲᠤᠵᠤ ᠪᠣᠢ᠃
ᠪᠤᠭᠤᠲᠤ ᠬᠣᠲᠠ ᠵᠢᠨ ᠭᠠᠵᠠᠷ᠎ᠤᠨ ᠨᠡᠷ᠎ᠡ ᠵᠢᠨ ᠨᠡᠢ᠌ᠲᠡᠮ ᠪᠠᠢ᠌ᠴᠠᠭ᠋ᠠᠯᠲᠠ᠎ᠨᠢ 〈〈ᠨᠢᠭᠡ ᠲᠣᠭᠲᠠᠯᠴᠠᠭ᠎ᠠ ᠵᠢ ᠪᠦᠷᠢᠨᠰᠢᠭᠦᠯᠤᠨ᠂ ᠬᠣᠶᠠᠷ ᠬᠦᠴᠤᠨ᠎ᠢ ᠲᠦᠰᠢᠭᠯᠡᠵᠤ᠂ ᠭᠤᠷᠪᠠᠨ ᠦᠢ᠍ᠯᠡᠳᠤᠯ ᠵᠶ᠋ᠠᠨ ᠪᠠᠳᠠᠷᠠᠭᠤᠯᠤᠨ᠂ ᠳᠦᠷᠪᠡᠨ ᠳᠡᠰ᠎ᠤᠨ ᠬᠢᠨᠠᠯᠲᠠ ᠵᠢ ᠬᠡᠷᠡᠭᠵᠢᠭᠦᠯᠵᠤ᠂ ᠲᠠᠪᠤᠨ ᠳᠦᠷᠢᠮᠵᠢᠯ᠎ᠢ ᠨᠠᠢ᠌ᠲᠠᠪᠤᠷᠢᠵᠢᠭᠤᠯᠬᠤ〉〉 ᠠᠷᠭ᠎ᠠ ᠪᠠᠷᠢᠯ ᠪᠣᠯᠤᠨ ᠳᠤᠷᠰᠢᠯᠭ᠎ᠠ᠎ᠪᠠᠷ ᠦᠪᠡᠷᠳᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠳᠤ ᠨᠣᠲᠠᠯᠠᠭᠳᠠᠵᠤ᠂ ᠬᠠᠮᠢᠶ᠎ᠠ ᠪᠦᠬᠦᠢ ᠵᠠᠭᠤᠴᠢᠯᠠᠭᠤᠷ᠎ᠤᠨ᠎ᠬᠢᠨ᠎ᠤ ᠠᠩᠬᠠᠷᠤᠯ ᠳᠠᠲᠠᠪᠠ᠃ ᠭᠠᠵᠠᠷ᠎ᠤᠨ ᠨᠡᠷ᠎ᠡ ᠵᠢᠨ ᠨᠡᠢ᠌ᠲᠡᠮ ᠪᠠᠢ᠌ᠴᠠᠭ᠋ᠠᠯᠲᠠ ᠵᠢ ᠰᠠᠢ᠌ᠨ ᠬᠢᠬᠦ ᠪᠠ ᠭᠠᠵᠠᠷ᠎ᠤᠨ ᠨᠡᠷ᠎ᠡ ᠵᠢᠨ ᠨᠡᠢ᠌ᠲᠡᠮ ᠪᠠᠢ᠌ᠴᠠᠭ᠋ᠠᠯᠲᠠ ᠵᠢᠨ ᠦᠷ᠎ᠡ ᠪᠦᠲᠤᠮᠵᠢ ᠵᠢ ᠬᠤᠪᠢᠷᠠᠭᠤᠯᠤᠨ ᠠᠰᠢᠭᠯᠠᠬᠤ ᠵᠢ ᠠᠬᠢᠭᠤᠯᠬᠤ ᠵᠢᠨ ᠲᠤᠯᠠᠳᠠ᠂ ᠤᠷᠢᠳ ᠬᠣᠵᠢᠳ 〈〈ᠪᠤᠭᠤᠲᠤ ᠬᠣᠲᠠ ᠵᠢᠨ ᠬᠣᠶᠠᠳᠤᠭ᠋ᠠᠷ ᠤᠳᠠᠭ᠋ᠠᠨ᠎ᠤ ᠭᠠᠵᠠᠷ᠎ᠤᠨ ᠨᠡᠷ᠎ᠡ ᠵᠢᠨ ᠨᠡᠢ᠌ᠲᠡᠮ ᠪᠠᠢ᠌ᠴᠠᠭ᠋ᠠᠯᠲᠠ ᠪᠠ ᠭᠠᠵᠠᠷ᠎ᠤᠨ ᠨᠡᠷ᠎ᠡ ᠵᠢᠨ ᠪᠦᠷᠢᠳᠬᠡᠯ ᠭᠦᠰᠤᠨᠤᠭ᠌ᠢ ᠲᠠᠭᠯᠠᠬᠤ ᠭᠠᠷ ᠳᠡᠪᠲᠡᠷ〉〉᠂ 〈〈ᠪᠤᠭᠤᠲᠤ ᠬᠣᠲᠠ ᠵᠢᠨ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢᠨ ᠨᠡᠢ᠌ᠲᠡᠮ ᠪᠠᠢ᠌ᠴᠠᠭ᠋ᠠᠯᠲᠠ ᠵᠢᠨ ᠳᠤᠬᠠᠢ ᠵᠢᠨ ᠭᠠᠵᠠᠷ᠎ᠲᠤᠨᠢ ᠪᠠᠢ᠌ᠴᠠᠭ᠋ᠠᠨ ᠰᠤᠳᠤᠯᠤᠯᠲᠠ ᠬᠢᠬᠦ ᠪᠣᠳᠠᠴᠢᠯᠠᠯ〉〉᠂ 〈〈ᠪᠤᠭᠤᠲᠤ ᠬᠣᠲᠠ ᠵᠢᠨ ᠬᠣᠶᠠᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠭᠠᠵᠠᠷ᠎ᠤᠨ ᠨᠡᠷ᠎ᠡ ᠵᠢᠨ ᠨᠡᠢ᠌ᠲᠡᠮ ᠪᠠᠢ᠌ᠴᠠᠭ᠋ᠠᠯᠲᠠ ᠵᠢᠨ ᠠᠵᠢᠯ᠎ᠤᠨ ᠦᠷ᠎ᠡ ᠪᠦᠲᠤᠮᠵᠢ ᠵᠢ ᠬᠢᠨᠠᠨ ᠰᠢᠯᠭ᠋ᠠᠬᠤ ᠳᠦᠰᠤᠯ〉〉᠂ 〈〈ᠭᠠᠵᠠᠷ᠎ᠤᠨ ᠨᠡᠷ᠎ᠡ ᠵᠢᠨ ᠦᠢ᠍ᠯᠠᠯᠭᠠ ᠵᠢ ᠲᠤᠭᠤᠷᠪᠢᠬᠤ ᠭᠠᠷ ᠳᠡᠪᠲᠡᠷ〉〉 ᠵᠡᠷᠭᠡ ᠵᠢ ᠨᠠᠢ᠌ᠷᠠᠭᠤᠯᠤᠨ ᠳᠠᠷᠤᠮᠠᠯᠯᠠᠭ᠋ᠠᠳ᠂ ᠪᠦᠬᠦ ᠬᠣᠲᠠ ᠵᠢᠨ ᠭᠠᠵᠠᠷ᠎ᠤᠨ ᠨᠡᠷ᠎ᠡ ᠵᠢᠨ ᠨᠡᠢ᠌ᠲᠡᠮ ᠪᠠᠢ᠌ᠴᠠᠭ᠋ᠠᠯᠲᠠ ᠵᠢᠨ ᠠᠵᠢᠯ ᠵᠶ᠋ᠠᠨ ᠴᠠᠭ ᠳᠠᠷᠤᠢ᠎ᠳᠤ᠎ᠨᠢ ᠲᠣᠭ᠎ᠠ ᠴᠢᠨᠠᠷ᠎ᠢ ᠪᠠᠲᠤᠯᠠᠨ ᠪᠡᠶᠡᠯᠡᠭᠦᠯᠬᠦ᠎ᠳᠤ ᠶᠡᠬᠡ ᠰᠠᠢ᠌ᠨ ᠰᠠᠭᠤᠷᠢ ᠲᠠᠯᠪᠢᠵᠤ ᠦᠭᠭᠦᠭᠰᠡᠨ ᠪᠠᠢ᠌ᠨ᠎ᠠ᠃