ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠢ ᠵᠣᠬᠢᠶᠠᠨ ᠪᠠᠢ᠌ᠭᠤᠯᠵᠤ ᠭᠤᠤᠯ ᠰᠡᠳᠤᠪᠲᠤ ᠨᠠᠮ᠎ᠤᠨ ᠡᠳᠤᠷ ᠎ᠤᠨ ᠬᠠᠮᠲᠤᠷᠠᠭᠰᠠᠨ ᠠᠵᠢᠯᠯᠠᠭ᠎ᠠ ᠦᠷᠨᠢᠭᠥᠯᠪᠡ
ᠨᠡᠶᠢᠲᠡᠯᠡᠭᠰᠡᠨ ᠴᠠᠭ᠄ 2023-10-11

   ᠠᠵᠤ ᠦᠢ᠍ᠯᠡᠰ ᠵᠶ᠋ᠠᠷ ᠨᠡᠶ᠋ᠢᠭᠡᠮ᠎ᠤᠨ ᠬᠥᠭᠵᠢᠯᠲᠡ ᠵᠢ ᠠᠬᠢᠭᠤᠯᠤᠭᠰᠠᠨ ᠯᠤᠲᠤ ᠶᠡᠬᠡ ᠬᠤᠪᠢᠷᠠᠯᠲᠠ ᠵᠢ ᠪᠡᠶᠡᠳᠡᠨ ᠣᠶ᠋ᠢᠯᠠᠭ᠋ᠠᠵᠤ᠂ 《ᠪᠤᠭᠤᠷᠤᠯᠴᠤᠳ᠎ᠤᠨ ᠬᠦᠴᠦᠨ》᠎ᠢ ᠨᠢᠭᠲᠠᠷᠠᠭᠤᠯᠤᠨ ᠴᠠᠭ ᠦᠶ᠎ᠡ ᠵᠢᠨ ᠦᠩᠭᠡ ᠭᠢᠯᠪᠠᠭ᠎ᠠ ᠵᠢ ᠪᠠᠳᠠᠷᠠᠭᠤᠯᠬᠤ ᠵᠢᠨ ᠲᠥᠯᠥᠭᠡ  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠬᠥᠮᠦᠰ᠎ᠤᠨ ᠠᠵᠢᠯ᠎ᠤᠨ ᠭᠠᠵᠠᠷ᠎ᠤᠨ᠎ᠬᠢᠨ 9 ᠳ᠋ᠣᠭᠡᠷ ᠰᠠᠷ᠎ᠠ ᠵᠢᠨ 26᠎ᠤ ᠡᠳᠦᠷ᠎ᠤᠨ ᠦᠳᠡ ᠵᠢᠨ ᠬᠣᠶ᠋ᠢᠨ᠎ᠠ ᠨᠢᠬᠡ ᠪᠦᠯᠦᠭ ᠠᠬᠠᠮᠠᠳ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠢᠯᠢ ᠵᠢᠨ ᠤᠳᠤ ᠦᠶ᠎ᠡ ᠵᠢᠨ ᠤᠶᠤᠨᠲᠤ ᠡᠷᠡᠭᠦᠯ ᠮᠡᠨᠳᠦ ᠵᠢᠨ ᠬᠥᠨᠳᠡᠢ᠎ᠳᠤ ᠬᠦᠷᠴᠦ 《ᠥᠪᠡᠷᠲᠡᠭᠡᠨ ᠵᠠᠰᠠᠬᠤ ᠣᠷᠣᠨ᠎ᠤ ᠴᠢᠨᠠᠷ ᠰᠠᠶ᠋ᠢᠲᠠᠢ ᠬᠥᠭᠵᠢᠯᠲᠡ ᠵᠢᠨ 〈ᠰᠢᠨ᠎ᠡ ᠬᠤᠷᠳᠤᠴᠠ〉 ᠵᠢ ᠣᠢ᠌ᠯᠠᠭ᠋ᠠᠵᠤ᠂ 〈ᠪᠤᠭᠤᠷᠤᠯᠴᠤᠳ᠎ᠤᠨ ᠬᠦᠴᠦᠨ〉᠎ᠢ ᠲᠥᠪᠯᠡᠷᠡᠭᠦᠯᠦᠨ  〈ᠰᠢᠨ᠎ᠡ ᠠᠶᠠᠨ〉᠎ᠢ ᠡᠬᠢᠯᠡᠭᠦᠯᠬᠦ〉》  ᠭᠣᠣᠯ ᠰᠡᠳᠦᠪᠲᠦ ᠨᠠᠮ᠎ᠤᠨ ᠡᠳᠦᠷ᠎ᠤᠨ  ᠬᠠᠮᠳᠤᠷᠠᠭᠰᠠᠨ ᠠᠵᠢᠯᠯᠠᠭ᠎ᠠ ᠦᠷᠨᠢᠭᠥᠯᠪᠡ᠃ 

W020231007375197543224.jpg


   ᠢᠯᠢ ᠵᠢᠨ ᠤᠳᠤ ᠦᠶ᠎ᠡ ᠵᠢᠨ ᠤᠶᠤᠨᠲᠤ ᠡᠷᠡᠭᠦᠯ ᠮᠡᠨᠳᠦ ᠵᠢᠨ ᠬᠥᠨᠳᠡᠢ ᠵᠢᠨ ᠲᠦᠷᠦᠯ ᠵᠦᠢ᠍ᠯ ᠪᠣᠯ ᠲᠣᠭᠣᠷᠢᠭ᠂ ᠬᠤᠳᠠ ᠵᠢᠨ ᠬᠣᠶᠠᠷ ᠱᠠᠲᠤᠨ᠎ᠤ ᠥᠨᠳᠥᠷ ᠭᠠᠷᠤᠭ᠎ᠠ᠂ ᠥᠨᠳᠥᠷ ᠪᠠᠷᠢᠮᠵᠢᠶ᠎ᠠ᠎ᠪᠠᠷ ᠲᠥᠯᠥᠪᠵᠢᠭᠦᠯᠦᠨ ᠪᠠᠶ᠋ᠢᠭᠤᠯᠤᠭᠰᠠᠨ ᠭᠣᠣᠯᠳᠠᠯᠭ᠎ᠠ᠎ᠲᠠᠢ ᠲᠦᠷᠦᠯ ᠵᠦᠢ᠍ᠯ ᠪᠣᠯᠤᠨ᠎ᠠ᠂ ᠲᠡᠷᠡ᠎ᠨᠢ 《ᠲᠠᠷᠢᠮᠠᠯ᠎ᠤᠨ ᠦᠢ᠍ᠯᠡᠰ᠎ᠤᠨ ᠬᠥᠭᠵᠢᠯᠲᠡ᠂ ᠰᠦ ᠵᠢᠨ ᠢᠷᠡᠯᠳᠡ ᠵᠢᠨ ᠪᠠᠶ᠋ᠢᠭᠤᠯᠤᠯᠲᠠ᠂ ᠣᠶᠤᠨᠴᠢ ᠦᠢ᠍ᠯᠡᠳᠬᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠂ ᠰᠣᠶᠣᠯ ᠵᠤᠭ᠋ᠠᠴᠠᠯ ᠰᠡᠯᠡᠭᠦᠴᠡᠯ᠂ ᠬᠤᠳᠠᠯᠳᠤᠭ᠋ᠠᠨ᠎ᠤ ᠶᠠᠪᠤᠳᠠᠯ᠎ᠤᠨ ᠠᠵᠢᠯᠯᠠᠭ᠎ᠠ》 ᠵᠢ  ᠨᠢᠬᠡᠳᠬᠡᠬᠦ᠎ᠪᠠᠷ ᠭᠣᠣᠯ ᠪᠣᠯᠭ᠋ᠠᠨ ᠪᠠᠢ᠌ᠭᠤᠯᠤᠭᠰᠠᠨ ᠳᠠᠷᠢᠵᠤ ᠲᠡᠵᠢᠭᠡᠬᠦ ᠡᠳ᠋ᠰᠢᠭᠦᠯᠬᠦ ᠵᠢ ᠨᠢᠭᠡ ᠴᠤᠬ᠍ᠴᠠᠵᠢᠭᠤᠯᠤᠭᠰᠠᠨ᠂ ᠠᠵᠤ ᠠᠬᠤᠶ᠋ᠢᠯᠠᠯ ᠳᠡᠭᠡᠳᠦ ᠰᠤᠷᠭ᠋ᠠᠭᠤᠯᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠰᠣᠶᠣᠯ ᠵᠤᠭ᠋ᠠᠴᠠᠯ ᠬᠤᠳᠠᠯᠳᠤᠭ᠎ᠠ ᠤᠯᠠᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠢ ᠠᠭᠤᠰᠤᠯᠴᠠᠭᠤᠯᠤᠨ ᠬᠥᠭᠵᠢᠭᠦᠯᠦᠭᠰᠡᠨ ᠠᠵᠤ ᠦᠢ᠍ᠯᠡᠰ᠎ᠤᠨ ᠰᠢᠰᠲ᠋ᠧᠮ ᠪᠠᠢ᠌ᠵᠤ᠂ ᠠᠵᠤ ᠦᠢ᠍ᠯᠡᠰ᠎ᠤᠨ ᠪᠦᠯᠦᠭᠵᠢᠯ᠎ᠤᠨ ᠬᠥᠭᠵᠢᠯᠲᠡ ᠪᠣᠯᠤᠨ ᠠᠵᠤ ᠦᠢ᠍ᠯᠡᠰ᠎ᠤᠨ ᠠᠭᠤᠰᠤᠯᠴᠠᠨ ᠬᠥᠭᠵᠢᠭᠰᠡᠨ ᠰᠢᠨ᠎ᠡ ᠬᠡᠪ ᠳᠠᠭᠤᠷᠢᠶᠠᠯ ᠪᠣᠯᠣᠭᠰᠠᠨ ᠪᠠᠢ᠌ᠨ᠎ᠠ᠃
    ᠠᠬᠠᠮᠠᠳ ᠺᠠᠳ᠋ᠷᠴᠤᠳ ᠢᠯᠢ ᠵᠢᠨ ᠤᠳᠤ ᠦᠶ᠎ᠡ ᠵᠢᠨ ᠤᠶᠤᠨᠲᠤ ᠡᠷᠡᠭᠦᠯ ᠮᠡᠨᠳᠦ ᠵᠢᠨ ᠬᠥᠨᠳᠡᠢ ᠵᠢᠨ ᠪᠦᠬᠦ ᠪᠥᠮᠪᠥᠷᠴᠡᠭ᠎ᠤᠨ ᠣᠶᠤᠨᠴᠢ ᠦᠢ᠍ᠯᠡᠳᠬᠦ ᠠᠵᠤ ᠦᠢ᠍ᠯᠡᠰ᠎ᠤᠨ ᠬᠦᠷᠢᠶᠡᠯᠡᠩ᠎ᠳᠤ ᠬᠦᠷᠴᠦ᠂ ᠰᠦ᠂ ᠰᠦᠨ ᠲᠠᠯᠬ᠎ᠠ ᠵᠢᠨ ᠦᠢ᠍ᠯᠡᠳᠪᠦᠷᠢᠯᠡᠯ᠎ᠤᠨ ᠱᠤᠭᠤᠮ᠎ᠤᠨ ᠥᠨᠳᠥᠷ ᠪᠦᠲᠦᠮᠵᠢᠲᠦ ᠠᠵᠢᠯᠯᠠᠭ᠎ᠠ ᠵᠢ  ᠲᠣᠭᠣᠷᠢᠨ ᠦᠵᠡᠵᠦ᠂ ᠲᠣᠭ᠋ᠠᠴᠢᠯᠠᠭᠰᠠᠨ ᠦᠢ᠍ᠯᠡᠳᠪᠦᠷᠢ᠂ ᠪᠠᠺᠲ᠋ᠧᠷᠢ ᠦᠭᠡᠢ ᠦᠢ᠍ᠯᠡᠳᠪᠤᠷᠢᠯᠡᠯ᠎ᠤᠨ ᠲᠠᠰᠤᠭ᠂ ᠣᠳᠣᠬᠢᠴᠢᠯᠠᠭᠰᠠᠨ᠂ ᠤᠶᠤᠨᠴᠢᠯᠠᠭᠰᠠᠨ᠂ ᠠᠮᠢ ᠠᠬᠤᠢ᠌ᠴᠢᠯᠠᠭᠰᠠᠨ ᠣᠶᠤᠨᠴᠢ ᠬᠢᠨᠠᠨ ᠡᠵᠡᠮᠳᠡᠯ ᠵᠡᠷᠭᠡ ᠵᠢ ᠣᠢ᠌ᠷᠠᠬᠠᠨ᠎ᠠᠴᠠ ᠣᠢ᠌ᠯᠠᠭ᠋ᠠᠯ᠎ᠠ᠃ 《  ᠡᠬᠡ ᠤᠯᠤᠰ᠎ᠤᠨ ᠮᠡᠨᠳᠦᠯᠡᠭᠰᠡᠨ ᠪᠠᠶᠠᠷ᠎ᠤᠨ ᠡᠳᠦᠷ᠎ᠠᠴᠠ ᠡᠮᠦᠨᠡᠬᠡᠨ  ᠲᠣᠰ ᠲᠣᠭᠣᠷᠢᠨ ᠦᠵᠡᠭᠦᠯᠦᠯᠲᠡ ᠵᠢ ᠵᠣᠬᠢᠶᠠᠨ ᠪᠠᠢ᠌ᠭᠤᠯᠤᠭᠰᠠᠨ᠎ᠨᠢ ᠮᠠᠰᠢ ᠤᠳᠬ᠎ᠠ ᠠᠭᠤᠯᠭ᠎ᠠ᠎ᠲᠠᠢ᠂ ᠡᠨᠳᠡ ᠪᠢᠳᠡ ᠤᠳᠤ ᠦᠶ᠎ᠡ ᠵᠢᠨ ᠰᠢᠨᠵᠢᠯᠡᠬᠦ ᠮᠡᠷᠭᠡᠵᠢᠯ᠎ᠤᠨ ᠥᠷᠨᠢᠩᠭᠦᠢ ᠬᠥᠭᠵᠢᠯᠲᠡ ᠵᠢ ᠮᠡᠳᠡᠷᠡᠭᠰᠡᠨ ᠪᠥᠭᠡᠳ ᠲᠣᠯᠣᠭ᠋ᠠᠶ᠋ᠢᠯᠠᠭᠴᠢ ᠠᠵᠤ ᠠᠬᠤᠶ᠋ᠢᠯᠠᠯ ᠪᠣᠯᠤᠭᠰᠠᠨ ᠢᠯᠢ ᠺᠣᠮᠫᠠᠨᠢ ᠵᠢᠨ ᠨᠡᠶ᠋ᠢᠭᠡᠮ᠎ᠤᠨ ᠬᠠᠷᠢᠭᠤᠴᠠᠯᠭ᠎ᠠ᠎ᠪᠠᠨ ᠬᠡᠷᠬᠢᠨ ᠭᠦᠢ᠍ᠴᠡᠳᠭᠡᠵᠦ ᠪᠣᠢ ᠵᠢ ᠣᠶ᠋ᠢᠯᠠᠭ᠋ᠠᠵᠤ᠂ ᠠᠬᠠᠮᠠᠳ ᠺᠠᠳ᠋ᠷᠴᠤᠳ᠎ᠤᠨ ᠤᠯᠤᠰ ᠲᠦᠷᠦ ᠵᠢᠨ ᠳᠠᠪᠠᠭᠤᠯᠢᠭ᠂ ᠲᠤᠷᠰᠢᠯᠭ᠎ᠠ ᠵᠢᠨ ᠳᠠᠪᠠᠭᠤᠯᠢᠭ᠂ ᠨᠡᠷ᠎ᠡ ᠬᠦᠨᠳᠦ ᠵᠢᠨ ᠳᠠᠪᠠᠭᠤᠯᠢᠭ ᠵᠶ᠋ᠠᠨ ᠦᠷᠭᠦᠯᠵᠢᠯᠡᠨ ᠪᠠᠳᠠᠷᠠᠭᠤᠯᠵᠤ᠂ ᠰᠢᠨ᠎ᠡ ᠠᠶᠠᠨ᠎ᠳᠤ ᠭᠡᠷᠡᠯ ᠭᠢᠯᠪᠠᠭ᠎ᠠ᠎ᠪᠠᠨ ᠰᠠᠴᠤᠷᠠᠭᠤᠯᠵᠤ᠂  ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠢ ᠰᠠᠶ᠋ᠢᠲᠤᠷ ᠪᠡᠶᠡᠯᠡᠭᠦᠯᠵᠦ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠰᠢᠨ᠎ᠡ ᠬᠤᠪᠢ ᠨᠡᠮᠡᠷᠢ ᠦᠵᠡᠭᠦᠯᠵᠦ᠂ ᠠᠷᠠᠳ᠎ᠤᠨ ᠶᠠᠪᠤᠳᠠᠯ ᠎ᠤᠨ ᠠᠵᠢᠯ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ᠎ᠳᠤ  ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠬᠤ ᠵᠢ ᠤᠷᠮᠠᠰᠢᠭᠤᠯᠪᠠ》 ᠭᠡᠵᠦ ᠠᠬᠠᠮᠠᠳ ᠺᠠᠳ᠋ᠷᠴᠤᠳ ᠬᠡᠯᠡᠵᠦ ᠪᠠᠢ᠌ᠯ᠎ᠠ᠃
  
                               




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠠᠰᠤᠵᠢᠯ᠎ᠤᠨ ᠬᠦᠷᠢᠶ᠎ᠡ ᠴᠠᠷᠠᠭ᠎ᠠ᠎ᠳᠤ᠎ᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠤᠬᠠᠭᠤᠯᠭ᠎ᠠ ᠦᠷᠨᠢᠬᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠢ ᠪᠡᠶᠡᠯᠡᠬᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠢ ᠪᠡᠶᠡᠯᠡᠬᠦᠯᠪᠡ
ᠰᠦᠨ ᠱᠤᠤ ᠴᠧᠩ ᠠᠯᠪᠠᠨ ᠲᠢᠩᠬᠢᠮ᠎ᠤᠨ ᠠᠵᠢᠯ᠎ᠢ ᠰᠠᠢ᠌ᠲᠤᠷ ᠬᠢᠬᠦ᠎ᠳᠤ ᠴᠣᠬᠣᠯᠠᠪᠤᠷᠢ ᠥᠭᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠨᠡᠢ᠌ᠳᠡᠮ᠎ᠤᠨ ᠪᠠᠢ᠌ᠴᠠᠭ᠋ᠠᠯᠳᠠ ᠵᠢᠨ ᠠᠵᠢᠯ᠎ᠢ ᠡᠬᠦᠷᠬᠡ ᠵᠢ ᠰᠠᠢ᠌ᠳᠤᠷ ᠪᠡᠶᠡᠯᠡᠬᠦᠯᠵᠤ ᠪᠠᠢ᠌ᠨ᠎ᠠ
 
            