ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠤᠷ ᠮᠤᠩᠭᠤᠯ᠎ᠤᠨ ᠦᠨ᠎ᠡ ᠬᠠᠩᠰᠢ ᠵᠢ ᠦᠨᠡᠯᠡᠨ ᠵᠢᠱ᠌ᠢᠬᠦ ᠠᠵᠢᠯ ᠲᠦᠷᠤᠯ᠎ᠤᠨ ᠨᠠᠢ᠌ᠭᠡᠮᠯᠢᠭ ᠲᠡᠭᠡᠳᠤ ᠰᠤᠷᠭ᠋ᠠᠭᠤᠯᠢ ᠲᠡᠬᠦᠰᠦᠭᠰᠡᠤᠨ ᠎ᠤᠨ ᠠᠵᠢᠯ ᠤᠯᠬᠤ᠎ᠳᠤ ᠬᠦᠴᠤᠨ ᠨᠡᠮᠡᠷᠢᠯᠡᠵᠤ ᠪᠠᠢ᠌ᠨ᠎ᠠ
ᠨᠡᠶᠢᠲᠡᠯᠡᠭᠰᠡᠨ ᠴᠠᠭ᠄ 2023-10-11

   ᠶᠡᠭᠡ ᠲᠡᠭᠡᠳᠤ ᠰᠤᠷᠭ᠋ᠠᠭᠤᠯᠢ ᠲᠡᠬᠦᠰᠦᠭᠰᠡᠤᠨ᠎ᠲᠤ ᠠᠵᠢᠯ ᠤᠯᠭᠤᠬᠤ᠎ᠳᠤ ᠦᠵᠡᠬᠦᠯᠬᠦ ᠨᠡᠢ᠌ᠭᠡᠮ᠎ᠤᠨ ᠵᠤᠭᠢᠶᠠᠨ ᠪᠠᠢ᠌ᠭᠤᠯᠤᠯᠳᠠ ᠵᠢᠨ ᠢᠳᠠᠪᠭᠢ ᠦᠢ᠍ᠯᠡᠳᠤᠯ᠎ᠢ ᠠᠭᠢᠭᠤᠯᠬᠤ ᠵᠢᠨ ᠲᠤᠰᠠᠳᠠ᠂ ᠦᠪᠤᠷ ᠮᠤᠩᠭᠤᠯ᠎ᠤᠨ ᠦᠨ᠎ᠡ ᠬᠠᠩᠰᠢ ᠵᠢ ᠦᠨᠡᠯᠡᠬᠦ ᠠᠵᠢᠯ ᠲᠦᠷᠤᠯ᠎ᠤᠨ ᠨᠠᠢ᠌ᠭᠡᠮᠯᠢᠭ᠎ᠤᠨ᠎ᠬᠢᠨ  《ᠬᠦᠸᠸ ᠬᠤᠩ》 ᠦᠨ᠎ᠡ ᠬᠠᠩᠰᠢ ᠵᠢ  ᠦᠨᠡᠯᠡᠬᠦ ᠬᠢᠵᠠᠭ᠋ᠠᠷᠳᠤ ᠺᠤᠮᠫᠠᠨᠢ᠂ 《  ᠵᠤ᠌  ᠡᠾᠸᠩ》 ᠭᠡᠷ ᠪᠠᠢ᠌ᠰᠢᠩ ᠭᠠᠵᠠᠷ ᠬᠦᠷᠤᠩᠭᠡ ᠵᠢᠨ ᠦᠨ᠎ᠡ ᠬᠠᠩᠰᠢ ᠵᠢ  ᠦᠨᠡᠯᠡᠬᠦ ᠬᠢᠵᠠᠭ᠋ᠠᠷᠳᠤ ᠺᠤᠮᠫᠠᠨᠢ ᠵᠢᠨ᠎ᠬᠢᠨ᠎ᠲᠠᠢ ᠬᠠᠮᠳᠤᠷᠠᠨ 9  ᠳ᠋ᠤᠭᠡᠷ ᠰᠠᠷ᠎ᠠ᠎ᠠᠴᠠ ᠨᠠᠭ᠋ᠠᠰᠢ ᠦᠪᠤᠷ ᠮᠤᠡᠭᠭᠤᠯ᠎ᠤᠨ ᠦᠪᠡᠷᠳᠡᠭᠡᠨ ᠵᠠᠰᠠᠬᠤ ᠤᠷᠤᠨ᠎ᠤ ᠰᠤᠷᠭ᠋ᠠᠨ ᠬᠦᠮᠤᠵᠢᠯ᠎ᠤᠨ ᠲᠢᠩᠭᠢᠮ ᠪᠤᠯᠤᠨ ᠬᠦᠮᠤᠨ᠎ᠤ ᠬᠦᠴᠤᠨ᠎ᠤ ᠡᠬᠢ ᠪᠠᠶᠠᠯᠢᠭ ᠪᠠ ᠨᠠᠢ᠌ᠭᠡᠮ᠎ᠤᠨ ᠪᠠᠳᠤᠯᠠᠭ᠎ᠠ ᠵᠢᠨ ᠲᠢᠩᠭᠢᠮ᠎ᠤᠨ᠎ᠬᠢᠨ᠎ᠤ ᠡᠷᠭᠢᠯᠡᠭᠰᠡᠨ  《2023  ᠤᠨ᠎ᠤ ᠨᠠᠮᠤᠷ᠎ᠤᠨ ᠰᠤᠷᠭ᠋ᠠᠭᠤᠯᠢ ᠵᠢᠨ ᠬᠦᠷᠢᠶᠠᠨ᠎ᠤ ᠠᠵᠢᠯᠳᠠᠨ ᠡᠯᠰᠡᠬᠦ ᠠᠵᠢᠯᠯᠠᠭ᠎ᠠ》᠎ᠳᠤ ᠢᠳᠠᠪᠭᠢᠳᠠᠢ ᠤᠷᠤᠯᠴᠠᠪᠠ᠃
   ᠤᠳᠤᠬᠠᠨ᠎ᠳᠤ  ᠰᠦᠯᠵᠢᠶᠠᠨ ᠭᠠᠳᠠᠨᠠᠭᠢ ᠠᠵᠢᠯᠳᠠᠨ  ᠡᠯᠰᠡᠬᠦ  ᠴᠤᠭᠯᠠᠭ᠋ᠠᠨ᠎ᠳᠤ 4 ᠤᠳᠠᠭ᠎ᠠ ᠤᠷᠤᠯᠴᠠᠵᠤ᠂ ᠰᠤᠷᠤᠭᠴᠢ ᠵᠢᠨ ᠲᠣᠪᠴᠢ ᠨᠠᠮᠳᠠᠷ᠎ᠢ 985  ᠬᠤᠪᠢ ᠬᠤᠷᠢᠶᠠᠨ ᠤᠯᠤᠬᠰᠠᠨ᠎ᠤ ᠲᠤᠳᠤᠷ᠎ᠠ ᠠᠵᠤ ᠠᠬᠤᠢ ᠵᠢᠨ ᠤᠬᠠᠭ᠋ᠠᠨ᠂ ᠮᠦᠩᠬᠦᠨ ᠬᠦᠢ᠍ᠯᠭᠡᠭᠡᠨ᠎ᠤ ᠤᠬᠠᠭ᠋ᠠᠨ᠂ ᠬᠠᠤᠯᠢ ᠵᠢᠨ ᠤᠬᠠᠭ᠋ᠠᠨ᠂ ᠪᠠᠷᠢᠯᠭ᠎ᠠ ᠵᠢᠨ ᠦᠨ᠎ᠡ ᠦᠷᠲᠡᠭ᠂ ᠰᠢᠷᠤᠢ ᠮᠤᠳᠤᠨ᠎ᠤ ᠢᠨᠵᠸᠨ᠋ᠸᠷᠢᠩ᠂ ᠭᠠᠵᠠᠷ ᠰᠢᠷᠤᠢ ᠵᠢᠨ ᠡᠬᠢ ᠪᠠᠶᠠᠯᠢᠭ᠎ᠤᠨ ᠬᠠᠮᠢᠶᠠᠷᠤᠯᠳᠠ᠂ ᠨᠢᠭᠳᠠᠯᠠᠨ ᠪᠤᠳᠤᠬᠤ ᠤᠬᠠᠭ᠋ᠠᠨ᠂ ᠺᠤᠮᠫᠢᠤᠲᠸᠷ᠎ᠤᠨ  ᠬᠡᠷᠡᠭᠯᠡᠭᠡ᠂ ᠰᠢᠨ᠎ᠡ ᠵᠠᠭᠤᠴᠢᠯᠠᠭᠤᠷ᠂ ᠬᠦᠮᠤᠨ᠎ᠤ ᠬᠦᠴᠤᠨ᠎ᠤ ᠡᠬᠢ ᠪᠠᠶᠠᠯᠢᠭ ᠵᠡᠷᠭᠡ ᠲᠤᠰᠬᠠᠢ ᠮᠡᠷᠬᠡᠵᠢᠯ ᠰᠤᠷᠤᠬᠰᠠᠨ ᠤᠶᠤᠳᠠᠳ ᠪᠤᠢ᠃
   ᠡᠨᠡ ᠬᠦ᠌ ᠨᠠᠢ᠌ᠭᠡᠮᠯᠢᠭ᠎ᠲᠤ ᠤᠳᠦ 160  ᠭᠡᠰᠢᠬᠦᠨ ᠨᠢᠬᠡᠴᠢ᠎ᠲᠠᠢ᠂  2000  ᠭᠠᠷᠤᠢ ᠠᠵᠢᠯᠳᠠᠨ᠎ᠲᠠᠢ᠂ 12  ᠠᠢ᠌ᠮᠠᠭ ᠬᠤᠳᠠ᠎ᠳᠤ ᠲᠠᠷᠬᠠᠵᠤ ᠪᠤᠢ᠃  ᠲᠠᠷᠠᠭ᠋ᠠᠴᠢ᠎ᠪᠠᠷ ᠤᠶᠤᠳᠠᠤᠨ᠎ᠤᠨ ᠲᠤᠪᠴᠢ ᠨᠠᠮᠳᠠᠷ᠎ᠢ ᠲᠤᠰᠬᠠᠢ ᠮᠡᠷᠭᠡᠵᠢᠯ ᠵᠶ᠋ᠡᠷ᠎ᠨᠢ ᠬᠤᠪᠢᠶᠠᠵᠤ᠂ ᠭᠡᠰᠢᠬᠦᠨ  ᠨᠢᠬᠡᠴᠢ᠎ᠳᠤ ᠴᠢᠨᠡᠷ ᠰᠠᠢ᠌ᠳᠡᠢ ᠨᠠᠷᠢᠯᠢᠭ ᠤᠨᠤᠴᠠᠳᠠᠢ ᠦᠢ᠍ᠯᠡᠴᠢᠯᠡᠭᠡ᠎ᠪᠠᠷ ᠠᠵᠢᠯ ᠤᠯᠭᠤᠯᠳᠠ ᠵᠢ ᠵᠤᠯᠭ᠋ᠠᠭᠤᠯᠬᠤ ᠲᠠᠪᠴᠠᠩ ᠪᠠᠢ᠌ᠭᠤᠯᠵᠤ᠂ ᠶᠡᠭᠡ ᠲᠡᠭᠡᠳᠤ ᠰᠤᠷᠭ᠋ᠠᠭᠤᠯᠢ ᠲᠡᠭᠦᠰᠦᠭᠰᠡᠤᠨ᠎ᠤᠨ ᠤᠢ᠌ᠷ᠎ᠠ ᠬᠠᠪᠢ᠎ᠳᠤ᠎ᠪᠠᠨ ᠠᠵᠢᠯᠯᠠᠬᠤ᠎ᠳᠤ ᠨᠡᠡᠭ ᠰᠠᠢ᠌ᠨ ᠨᠦᠬᠦᠴᠡᠯ ᠪᠤᠯᠤᠮᠵᠢ ᠬᠠᠡᠭᠭ᠋ᠠᠨ᠂ ᠳᠤᠬᠢᠷᠠᠮᠵᠢᠳᠠᠢ ᠠᠵᠢᠯ᠎ᠤᠨ ᠪᠠᠢ᠌ᠷᠢ ᠤᠯᠵᠤ᠂ ᠲᠡᠳᠡᠨ᠎ᠤ ᠠᠵᠢᠯ ᠤᠯᠬᠤ ᠬᠦᠰᠡᠯ ᠵᠡᠬᠦᠳᠤ ᠵᠢ᠎ᠨᠢ ᠪᠠᠶᠡᠯᠡᠬᠦᠯᠬᠦ᠎ᠳᠤ ᠳᠦᠬᠦᠮ ᠦᠵᠡᠬᠦᠯᠬᠦ ᠪᠤᠯᠤᠨ᠎ᠠ᠃
   ᠡᠬᠦᠨ᠎ᠤ ᠬᠠᠮᠳᠤ ᠨᠠᠢ᠌ᠭᠡᠮᠯᠢᠭ᠎ᠠᠴᠠ ᠭᠡᠰᠢᠬᠦᠨ ᠨᠢᠬᠡᠴᠢ ᠵᠢᠨ᠎ᠬᠢᠨ᠎ᠢ ᠵᠢᠯᠤᠭᠤᠳᠴᠤ  ᠪᠠᠢ᠌ᠭ᠋ᠠᠤᠨ ᠴᠠᠯᠢᠩ ᠬᠦᠯᠤᠰᠤ ᠵᠢ᠎ᠨᠢ  ᠵᠦᠢ ᠵᠤᠭᠢᠰᠳᠠᠢ ᠨᠡᠮᠡᠭᠳᠡᠬᠦᠯᠬᠦ ᠪᠠ  ᠤᠯᠭᠤᠬᠤ  ᠪᠠᠳᠤᠯᠠᠭ᠎ᠠ ᠵᠢᠨ ᠲᠤᠭᠳᠠᠴᠠ ᠵᠢ ᠪᠦᠷᠢᠨᠰᠢᠬᠦᠯᠵᠤ᠂ ᠴᠢᠳᠠᠪᠤᠷᠢᠳᠠᠨ᠎ᠢ ᠦᠨᠡᠯᠡᠬᠦ᠂ ᠦᠷᠬᠦᠯᠵᠢᠯᠡᠨ ᠰᠤᠷᠭ᠋ᠠᠨ  ᠬᠦᠮᠤᠵᠢᠬᠦᠯᠬᠦ ᠳᠦᠷᠢᠮ᠎ᠢ ᠰᠠᠢ᠌ᠳᠤᠷ ᠭᠡᠷᠡᠭᠵᠢᠬᠦᠯᠬᠦ ᠵᠢ ᠠᠭᠢᠭᠤᠯᠵᠤ᠂ ᠶᠡᠭᠡ ᠲᠡᠭᠡᠳᠤ ᠰᠤᠷᠭ᠋ᠠᠭᠤᠯᠢ ᠲᠡᠭᠦᠰᠦᠭᠰᠡᠤᠨ ᠎ᠤᠨ ᠠᠵᠢᠯ  ᠤᠯᠤᠭᠰᠠᠤᠨ᠎ᠤᠨ ᠬᠦᠭᠵᠢᠯᠳᠡ ᠵᠢᠨ ᠰᠡᠯᠬᠦᠬᠦ ᠬᠦᠴᠤᠨ᠎ᠢ ᠴᠢᠩᠭ᠋ᠠᠷᠠᠭᠤᠯᠵᠤ᠂ ᠴᠢᠳᠠᠪᠤᠷᠢᠳᠠᠨ᠎ᠢ ᠤᠷᠤᠭᠤᠯᠤᠨ  ᠠᠪᠬᠤ᠂  ᠦᠯᠡᠳᠡᠭᠡᠨ ᠠᠪᠴᠤ ᠲᠠᠢ᠌ᠯᠬᠦ᠂ ᠬᠦᠭᠵᠢᠯᠳᠠ᠎ᠲᠠᠢ  ᠪᠤᠯᠭ᠋ᠠᠬᠤ ᠵᠢ ᠦᠨᠡᠨ ᠬᠦ᠌  ᠪᠠᠳᠤᠯᠠᠨ᠎ᠠ᠃





 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠵᠢᠯ᠎ᠠᠴᠠ᠎ᠪᠠᠨ ᠳᠠᠷᠬᠠᠯᠠᠭᠳᠠᠭᠰᠠᠨ ᠠᠵᠢᠯ᠎ᠠᠴᠠ᠎ᠪᠠᠨ ᠠᠮᠠᠷᠠᠭᠰᠠᠨ ᠺᠠᠳ᠋ᠷᠴᠤᠳ᠎ᠢ ᠵᠣᠬᠢᠶᠠᠨ ᠪᠠᠢ᠌ᠭᠤᠯᠵᠤ ᠭᠤᠤᠯ ᠰᠡᠳᠤᠪᠲᠤ ᠨᠠᠮ᠎ᠤᠨ ᠡᠳᠤᠷ ᠎ᠤᠨ ᠬᠠᠮᠲᠤᠷᠠᠭᠰᠠᠨ ᠠᠵᠢᠯᠯᠠᠭ᠎ᠠ ᠦᠷᠨᠢᠭᠥᠯᠪᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠠᠰᠤᠵᠢᠯ᠎ᠤᠨ ᠬᠦᠷᠢᠶ᠎ᠡ ᠴᠠᠷᠠᠭ᠎ᠠ᠎ᠳᠤ᠎ᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠤᠬᠠᠭᠤᠯᠭ᠎ᠠ ᠦᠷᠨᠢᠬᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠢ ᠪᠡᠶᠡᠯᠡᠬᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠢ ᠪᠡᠶᠡᠯᠡᠬᠦᠯᠪᠡ
ᠰᠦᠨ ᠱᠤᠤ ᠴᠧᠩ ᠠᠯᠪᠠᠨ ᠲᠢᠩᠬᠢᠮ᠎ᠤᠨ ᠠᠵᠢᠯ᠎ᠢ ᠰᠠᠢ᠌ᠲᠤᠷ ᠬᠢᠬᠦ᠎ᠳᠤ ᠴᠣᠬᠣᠯᠠᠪᠤᠷᠢ ᠥᠭᠪᠡ
 
            