ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠢ ᠪᠡᠶᠡᠯᠡᠬᠦᠯᠪᠡ
ᠨᠡᠶᠢᠲᠡᠯᠡᠭᠰᠡᠨ ᠴᠠᠭ᠄ 2023-09-01

   ᠵᠠᠰᠠᠭ᠎ᠤᠨ ᠣᠷᠳᠣᠨ᠎ᠤ ᠲᠥᠰᠥᠪ᠎ᠤᠨ ᠭᠦᠢ᠍ᠴᠡᠳᠬᠡᠯ᠎ᠢ ᠤᠯᠠᠮ ᠢᠯᠡ ᠲᠣᠳᠣ ᠪᠤᠯᠭ᠋ᠠᠵᠤ᠂ ᠲᠥᠰᠥᠪ᠎ᠤᠨ ᠭᠦᠢ᠍ᠴᠡᠳᠬᠡᠯ᠎ᠤᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠵᠢᠨ ᠲᠦᠯᠤᠬᠡ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠢᠮᠪᠠᠢ ᠪᠠᠢ᠌ᠷᠢᠯᠠᠭᠤᠯᠵᠤ᠂ ᠡᠮᠬᠢ᠎ᠲᠠᠢ ᠵᠣᠬᠢᠶᠠᠨ ᠪᠠᠢ᠌ᠭᠤᠯᠤᠬᠰᠠᠨ ᠵᠶ᠋ᠡᠷ ᠲᠢᠩᠬᠢᠮ᠎ᠤᠨ ᠲᠣᠰ ᠱᠠᠲᠤ ᠪᠤᠯᠤᠨ 4 ᠰᠢᠭᠤᠳ ᠬᠠᠷᠢᠶ᠎ᠠ ᠨᠢᠬᠡᠴᠢ ᠵᠢᠨ 2022 ᠣᠨ᠎ᠤ ᠲᠥᠰᠥᠪ᠎ᠤᠨ ᠭᠦᠢ᠍ᠴᠡᠳᠬᠡᠯ᠎ᠤᠨ ᠮᠡᠳᠡᠭᠡ ᠵᠠᠩᠭᠢ ᠵᠢ ᠢᠯᠡᠵᠢᠬᠦᠯᠬᠦ ᠠᠵᠢᠯ᠎ᠢ ᠠᠮᠵᠢᠯᠳᠠ᠎ᠲᠠᠢ ᠪᠡᠶᠡᠯᠡᠭᠦᠯᠪᠡ᠃
  ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠥᠰᠥᠪ᠎ᠤᠨ ᠭᠦᠢ᠍ᠴᠡᠳᠬᠡᠯ᠎ᠢ  ᠢᠯᠡᠵᠢᠬᠦᠯᠬᠦ ᠠᠵᠢᠯ᠎ᠢ  ᠵᠣᠬᠢᠶᠠᠨ ᠪᠠᠶ᠋ᠢᠭᠤᠯᠬᠤ ᠳᠤᠮᠳᠠ 《ᠲᠥᠰᠥᠪ᠎ᠤᠨ ᠬᠠᠤᠯᠢ》᠂ ᠲᠥᠰᠥᠪ᠎ᠤᠨ ᠭᠦᠢ᠍ᠴᠡᠳᠬᠡᠯ᠎ᠢ  ᠢᠯᠡᠵᠢᠬᠦᠯᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠪᠠ᠃ ᠢᠯᠡᠵᠢᠬᠦᠯᠬᠦ ᠠᠭᠤᠯᠭ᠎ᠠ ᠵᠢᠨ ᠲᠠᠯ᠎ᠠ᠎ᠪᠠᠷ᠂ ᠢᠯᠡᠵᠢᠬᠦᠯᠬᠦ ᠮᠡᠳᠡᠭᠡ ᠵᠠᠩᠭᠢ᠎ᠳᠤ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠂ ᠪᠠᠢ᠌ᠭᠤᠯᠤᠮᠵᠢ ᠵᠢᠨ ᠲᠣᠬᠢᠷᠠᠭᠤᠯᠤᠯᠲᠠ ᠵᠡᠷᠭᠡ ᠠᠭᠤᠯᠭ᠎ᠠ ᠵᠢ ᠪᠠᠭᠲᠠᠭ᠋ᠠᠭᠰᠠᠨ᠎ᠤ ᠬᠠᠮᠲᠤ 《ᠣᠷᠣᠯᠭ᠎ᠠ ᠵᠠᠷᠤᠯᠭ᠎ᠠ ᠵᠢᠨ ᠲᠥᠰᠥᠪ᠎ᠤᠨ ᠭᠦᠢ᠍ᠴᠡᠳᠬᠡᠯ᠎ᠤᠨ ᠬᠦᠰᠦᠨᠦᠭᠲᠦ》 ᠵᠡᠷᠭᠡ 12 ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠎ᠤᠨ ᠬᠦᠰᠦᠨᠦᠭᠲᠦ ᠵᠢ ᠢᠯᠡᠵᠢᠬᠦᠯᠵᠤ᠂ ᠲᠣᠭ᠎ᠠ ᠪᠠᠷᠢᠮᠲᠠ ᠦᠭᠡᠢ ᠮᠡᠳᠡᠭᠦᠯᠦᠯᠲᠡ ᠵᠢᠨ ᠬᠦᠰᠦᠨᠦᠭᠲᠦ᠎ᠳᠤ 《ᠢᠯᠡᠵᠢᠬᠦᠯᠬᠦ ᠦᠭᠡᠢ》 ᠪᠥᠭᠡᠳ ᠲᠣᠳᠣᠷᠬᠠᠢ᠌ᠯᠠᠯᠲᠠ ᠳᠠᠭ᠋ᠠᠯᠳᠤᠭᠤᠯᠪᠠ᠃ ᠵᠠᠷᠤᠯᠭ᠎ᠠ ᠵᠢ ᠢᠯᠡᠵᠢᠬᠦᠯᠬᠦ ᠲᠠᠯ᠎ᠠ᠎ᠪᠠᠷ᠂ ᠣᠯᠠᠨ ᠨᠡᠶ᠋ᠢᠲᠡ ᠵᠢᠨ ᠲᠥᠰᠥᠪ᠎ᠤᠨ ᠦᠨᠳᠦᠰᠦᠨ ᠵᠠᠷᠤᠯᠭ᠎ᠠ ᠪᠠ ᠵᠦᠢ᠍ᠯᠡᠰ᠎ᠤᠨ ᠵᠠᠷᠤᠯᠭ᠎ᠠ ᠵᠢ ᠴᠥᠮ ᠠᠵᠤ ᠠᠬᠤᠢ ᠵᠢᠨ ᠲᠥᠷᠥᠯ ᠬᠤᠪᠢᠶᠠᠭᠰᠠᠨ ᠵᠦᠢ᠍ᠯ ᠢᠯᠭ᠋ᠠᠯ ᠬᠦᠷᠲᠡᠯ᠎ᠡ ᠢᠯᠡᠵᠢᠬᠦᠯᠵᠤ᠂ ᠵᠠᠰᠠᠭ᠎ᠤᠨ ᠣᠷᠳᠣᠨ ᠬᠤᠳᠠᠯᠳᠤᠨ ᠠᠪᠴᠤ ᠦᠭᠭᠦ ᠵᠠᠷᠤᠯᠭ᠎ᠠ ᠵᠢ ᠵᠠᠰᠠᠭ᠎ᠤᠨ ᠣᠷᠳᠣᠨ ᠬᠤᠳᠠᠯᠳᠤᠨ ᠠᠪᠴᠤ ᠦᠭᠭᠦ ᠳᠤᠮᠳᠠ ᠵᠢᠵᠢᠭ ᠠᠵᠤ ᠠᠬᠤᠢ᠌ᠯᠠᠯ ᠪᠠ ᠵᠢᠵᠢᠭ ᠪᠢᠴᠢᠯ ᠠᠵᠤ ᠠᠬᠤᠢ᠌ᠯᠠᠯ᠎ᠳᠤ ᠣᠯᠭᠣᠬᠤ ᠭᠡᠷ᠎ᠡ ᠵᠢᠨ ᠵᠣᠭᠣᠰ᠎ᠤᠨ ᠲᠣᠭ᠎ᠠ᠂ ᠡᠵᠡᠯᠡᠬᠦ ᠬᠠᠷᠢᠴᠠᠯ ᠵᠡᠷᠭᠡ ᠮᠡᠳᠡᠭᠡ ᠵᠠᠩᠭᠢ ᠬᠦᠷᠲᠡᠯ᠎ᠡ  ᠨᠠᠷᠢᠯᠢᠬ᠍ᠵᠢᠭᠤᠯᠪᠠ᠃ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠢ ᠢᠯᠡᠵᠢᠬᠦᠯᠬᠦ ᠲᠠᠯ᠎ᠠ᠎ᠪᠠᠷ  ᠠᠯᠪᠠᠨ ᠶᠠᠪᠤᠳᠠᠯ ᠵᠶ᠋ᠠᠷ ᠤᠯᠤᠰ (ᠬᠢᠯᠢ)᠎ᠠᠴᠠ ᠭᠠᠷᠬᠤ ᠪᠦᠯᠬᠦᠮ ᠪᠠᠢ᠌ᠭᠤᠯᠤᠭᠰᠠᠨ ᠲᠣᠭ᠎ᠠ ᠪᠠ ᠬᠥᠮᠥᠨ᠎ᠤ ᠲᠣᠭ᠎ᠠ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠬᠤᠳᠠᠯᠳᠤᠨ ᠠᠪᠤᠭᠰᠠᠨ ᠲᠣᠭ᠎ᠠ ᠪᠤᠯᠤᠨ ᠬᠠᠳᠠᠭ᠋ᠠᠯᠠᠯᠲᠠ ᠵᠢᠨ ᠬᠡᠮᠵᠢᠶ᠎ᠡ᠂ ᠠᠯᠪᠠᠨ ᠶᠠᠪᠤᠳᠠᠯ᠎ᠤᠨ ᠵᠣᠴᠢᠯᠠᠯᠭ᠎ᠠ ᠵᠢᠨ ᠪᠦᠯᠦᠭ ᠤᠳᠠᠭ᠎ᠠ᠂ ᠬᠥᠮᠥᠨ᠎ᠤ ᠲᠣᠭ᠎ᠠ ᠪᠣᠯᠣᠨ ᠵᠠᠷᠤᠳᠠᠯ᠎ᠤᠨ ᠶᠡᠷᠦᠩᠬᠡᠢ ᠲᠣᠭ᠎ᠠ ᠵᠢ ᠢᠯᠡᠵᠢᠬᠦᠯᠦᠭᠰᠡᠨ᠎ᠤ ᠬᠠᠮᠲᠤ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠤᠨ ᠡᠯ᠎ᠡ ᠵᠦᠢ᠍ᠯ᠎ᠤᠨ ᠵᠠᠷᠤᠯᠭ᠎ᠠ ᠵᠢᠨ ᠨᠡᠮᠡᠭᠳᠡᠵᠦ  ᠬᠠᠰᠤᠬᠳᠠᠬᠰᠠᠨ ᠬᠤᠪᠢᠷᠠᠯᠲᠠ ᠵᠢᠨ ᠰᠢᠯᠲᠠᠭ᠋ᠠᠨ᠎ᠢ ᠨᠠᠷᠢᠨ ᠲᠣᠳᠣᠷᠬᠠᠢ᠌ᠯᠠᠵᠠᠢ᠃
   ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ2022 ᠣᠨ᠎ᠤ ᠲᠥᠰᠥᠪ᠎ᠤᠨ ᠭᠦᠢ᠍ᠴᠡᠳᠬᠡᠯ᠎ᠤᠨ ᠮᠡᠳᠡᠭᠡ ᠵᠠᠩᠭᠢ ᠵᠢ  ᠢᠯᠡᠵᠢᠬᠦᠯᠬᠦ ᠠᠵᠢᠯ᠎ᠤᠨ ᠳᠤᠮᠳᠠ ᠨᠠᠷᠢᠯᠢᠭᠵᠢᠭᠤᠯᠤᠭᠰᠠᠨ᠂ ᠠᠯᠳᠠᠭ᠎ᠠ ᠪᠤᠷᠤᠭᠤ ᠦᠭᠡᠢ ᠪᠠᠢ᠌ᠬᠤ ᠠᠵᠢᠯ᠎ᠤᠨ ᠪᠠᠷᠢᠮᠵᠢᠶ᠎ᠠ ᠵᠢ ᠪᠠᠷᠢᠮᠲᠠᠯᠠᠵᠤ᠂ ᠡᠷᠲᠡ᠎ᠠᠴᠠ ᠲᠥᠯᠥᠪᠵᠢᠭᠦᠯᠵᠦ᠂ ᠨᠠᠷᠢᠨ ᠵᠦᠢ᠍ᠯᠡᠰ᠎ᠢ ᠠᠩᠬᠠᠷᠴᠤ᠂ ᠨᠠᠢ᠌ᠳᠠᠪᠤᠷᠢᠵᠢᠭᠤᠯᠤᠯᠲᠠ ᠵᠢ ᠠᠳᠬᠤᠨ᠂ 《ᠲᠠᠨᠭ᠌ᠰᠠ ᠬᠠᠷ᠎ᠠ᠎ᠪᠠᠨ ᠢᠯᠡ ᠨᠡᠢ᠌ᠲᠡᠯᠡᠬᠦ》 ᠢᠯᠠ ᠪᠣᠯᠭ᠋ᠠᠬᠤ ᠲᠡᠰ ᠳᠠᠷᠠᠭ᠋ᠠᠯᠠᠯ᠎ᠢ ᠦᠨᠡᠨ ᠬᠦ᠌ ᠪᠡᠶᠡᠯᠡᠭᠦᠯᠵᠦ᠂ ᠨᠡᠢ᠌ᠭᠡᠮ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠢᠯᠡᠵᠢᠬᠦᠯᠬᠦ᠎ᠪᠠᠷ ᠲ᠋ᠥᠰᠥᠪ᠎ᠤᠨ ᠭᠦᠢ᠍ᠴᠡᠳᠬᠡᠯ᠎ᠤᠨ ᠬᠠᠮᠢᠶᠠᠷᠤᠯᠲᠠ ᠵᠢ ᠠᠬᠢᠭᠤᠯᠬᠤ ᠵᠢᠱ᠌ᠢᠭᠰᠡᠨ ᠦᠷ᠎ᠡ ᠪᠦᠲᠦᠮᠵᠢ᠎ᠳᠤ ᠬᠦᠷᠦᠭᠰᠡᠨ ᠪᠠᠢ᠌ᠨ᠎ᠠ᠃






  

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠰᠦᠨ ᠱᠤᠤ ᠴᠧᠩ ᠠᠯᠪᠠᠨ ᠲᠢᠩᠬᠢᠮ᠎ᠤᠨ ᠠᠵᠢᠯ᠎ᠢ ᠰᠠᠢ᠌ᠲᠤᠷ ᠬᠢᠬᠦ᠎ᠳᠤ ᠴᠣᠬᠣᠯᠠᠪᠤᠷᠢ ᠥᠭᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠨᠡᠢ᠌ᠳᠡᠮ᠎ᠤᠨ ᠪᠠᠢ᠌ᠴᠠᠭ᠋ᠠᠯᠳᠠ ᠵᠢᠨ ᠠᠵᠢᠯ᠎ᠢ ᠡᠬᠦᠷᠬᠡ ᠵᠢ ᠰᠠᠢ᠌ᠳᠤᠷ ᠪᠡᠶᠡᠯᠡᠬᠦᠯᠵᠤ ᠪᠠᠢ᠌ᠨ᠎ᠠ
ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 10 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠵᠣᠬᠢᠶᠠᠨ ᠪᠠᠢ᠌ᠭᠤᠯᠪᠠ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠷᠠᠳ᠎ᠤᠨ ᠶᠠᠪᠤᠳᠠᠯ᠎ᠤᠨ ᠶᠠᠮᠤᠨ᠎ᠤ 101 ᠰᠤᠳᠤᠯᠬᠤ ᠭᠠᠵᠠᠷ᠎ᠲᠤ ᠬᠦᠷᠴᠦ ᠣᠷᠣᠰᠢᠭᠤᠯᠭ᠎ᠠ ᠵᠢᠨ ᠶᠠᠪᠤᠳᠠᠯ᠎ᠤᠨ ᠲᠤᠬᠠᠢ ᠵᠥᠪᠳᠡᠯᠴᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠭᠣᠣᠯᠳᠠᠯᠭ᠎ᠠ᠎ᠲᠠᠢ ᠠᠵᠢᠯ᠎ᠤᠨ ᠲᠣᠬᠢᠷᠠᠭᠤᠯᠬᠤ ᠬᠤᠷᠠᠯ᠎ᠢ ᠬᠤᠷᠠᠯᠳᠤᠭᠤᠯᠪᠠ
 
            