ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠠᠰᠤᠵᠢᠯ᠎ᠤᠨ ᠬᠦᠷᠢᠶ᠎ᠡ ᠴᠠᠷᠠᠭ᠎ᠠ᠎ᠳᠤ᠎ᠬᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠤᠬᠠᠭᠤᠯᠭ᠎ᠠ ᠦᠷᠨᠢᠬᠦᠯᠪᠡ
ᠨᠡᠶᠢᠲᠡᠯᠡᠭᠰᠡᠨ ᠴᠠᠭ᠄ 2023-09-28

  ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠢ ᠭᠦᠨᠵᠡᠭᠡᠢ᠌ᠷᠡᠭᠦᠯᠵᠦ᠂ ᠦᠨᠳᠦᠰᠦᠲᠡᠨ᠎ᠨᠦᠭᠦᠳ᠎ᠤᠨ ᠨᠠᠰᠤᠲᠠᠢ᠌ᠴᠤᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ ᠵᠢ  ᠠᠬᠢᠭᠤᠯᠬᠤ ᠵᠢᠨ ᠲᠦᠯᠤᠬᠡ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠋ᠠᠨ᠎ᠳᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯᠯᠠᠭ᠎ᠠ ᠵᠢᠨ ᠰᠠᠷ᠎ᠠ ᠵᠢᠨ ᠤᠬᠠᠭᠤᠯᠭ᠎ᠠ ᠵᠢ ᠥᠷᠭᠡᠨ ᠳᠡᠯᠭᠡᠷ ᠥᠷᠨᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠬᠦᠷᠢᠶ᠎ᠡ ᠴᠠᠷᠠᠭ᠋ᠠᠨ᠎ᠤ ᠳᠡᠭᠡᠳᠦ ᠳᠣᠣᠷᠠᠳᠤ ᠱᠠᠲᠤ᠎ᠪᠠᠷ ᠵᠶ᠋ᠠᠨ ᠬᠣᠯᠪᠤᠭ᠋ᠠᠯᠠᠨ ᠬᠥᠳᠡᠯᠦᠯᠴᠡᠬᠦ᠂ ᠬᠠᠮᠲᠤ᠎ᠪᠠᠷ ᠬᠥᠭᠵᠢᠬᠦ ᠠᠭᠤᠷ ᠠᠮᠢᠰᠬᠤᠯ᠎ᠢ ᠪᠦᠷᠢᠯᠳᠦᠭᠦᠯᠵᠦ᠂ ᠳᠤᠮᠳᠠᠳᠤ ᠵᠢᠨ ᠦᠨᠳᠤᠰᠤᠳᠡᠨ᠎ᠤ ᠬᠠᠮᠳᠤ ᠵᠢᠨ ᠴᠤᠬ᠍ᠴᠨ ᠵᠢᠨ ᠤᠬᠠᠮᠰᠠᠷ᠎ᠢ ᠤᠯᠠᠮ ᠪᠠᠳᠤᠳᠬᠠᠪᠠ᠃
   ᠪᠠᠶᠠᠨᠨᠠᠭᠤᠷ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠭᠤᠷᠪᠠ ᠵᠢ ᠤᠶᠠᠯᠳᠤᠭᠤᠯᠬᠤ》᠎ᠪᠠᠷ ᠭᠣᠣᠯᠳᠠᠯᠭ᠎ᠠ ᠪᠣᠯᠭ᠋ᠠᠵᠤ᠂ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ ᠵᠢᠨ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠪᠠ᠃ ᠨᠢᠭᠡ᠎ᠳᠤ᠂ ᠰᠣᠶᠣᠯ ᠪᠡᠶ᠎ᠡ ᠵᠢᠨ ᠲᠠᠮᠢᠷ᠎ᠤᠨ ᠠᠵᠢᠯᠯᠠᠭ᠎ᠠ᠎ᠲᠠᠢ ᠤᠶᠠᠯᠳᠤᠭᠤᠯᠤᠨ ᠤᠬᠠᠭᠤᠯᠬᠤ ᠬᠡᠯᠪᠡᠷᠢ ᠵᠢ ᠪᠠᠶᠠᠯᠢᠭᠵᠢᠭᠤᠯᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠵᠢᠨ ᠰᠠᠷ᠎ᠠ ᠵᠢᠨ ᠨᠦᠯᠤᠬᠡ ᠵᠢ ᠥᠷᠭᠡᠳᠬᠡᠵᠦ᠂ ᠦᠨᠳᠦᠰᠦᠲᠡᠨ᠎ᠤ ᠪᠦᠯᠬᠦᠮᠳᠡᠯ᠎ᠤᠨ ᠤᠬᠠᠮᠰᠠᠷ᠎ᠢ ᠨᠠᠰᠤᠲᠠᠢ᠌ᠴᠤᠳ᠎ᠤᠨ ᠰᠡᠳᠬᠢᠯ᠎ᠳᠤ ᠴᠡᠴᠡᠭᠯᠡᠭᠦᠯᠦᠨ ᠵᠢᠮᠢᠰᠯᠡᠬᠦᠯᠪᠡ᠃ ᠬᠣᠶᠠᠷ᠎ᠲᠤ᠂ ᠰᠢ ᠵᠢᠨ ᠫᠢᠩ ᠶᠡᠷᠦᠩᠬᠡᠢ ᠱᠦᠵᠢ ᠵᠢᠨ ᠦᠨᠳᠦᠰᠦᠲᠡᠨ᠎ᠤ ᠠᠵᠢᠯ᠎ᠢ ᠴᠢᠩᠭ᠋ᠠᠳᠬᠠᠨ ᠰᠠᠢ᠌ᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ᠎ᠯᠤᠭ᠎ᠠ ᠤᠶᠠᠯᠳᠤᠭᠤᠯᠵᠤ᠂ ᠰᠢ ᠵᠢᠨ ᠫᠢᠡᠭ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠬᠤ᠎ᠪᠠᠷ ᠳᠠᠮᠵᠢᠭᠤᠯᠤᠨ᠂ ᠪᠠᠢ᠌ᠭᠤᠯᠤᠮᠵᠢ ᠵᠢᠨ ᠳᠣᠲᠣᠷᠠᠬᠢ ᠨᠠᠰᠤᠲᠠᠢ᠌ᠴᠤᠳ ᠪᠠ ᠠᠵᠢᠯᠲᠠᠨ ᠠᠵᠢᠯᠴᠢᠳ᠎ᠲᠤ ᠦᠨᠳᠦᠰᠦᠲᠡᠨ᠎ᠤ ᠪᠦᠯᠬᠦᠮᠳᠡᠯ᠎ᠢ ᠴᠢᠩᠭ᠋ᠠᠳᠬᠠᠬᠤ ᠵᠢᠨ ᠴᠢᠬᠤᠯᠠ ᠴᠢᠨᠠᠷ᠎ᠢ ᠭᠦᠢ᠍ᠴᠡᠳ ᠲᠠᠨᠢᠭᠤᠯᠵᠤ᠂ ᠤᠯᠤᠰ ᠲᠥᠷᠥ ᠵᠢᠨ ᠦᠵᠡᠯ ᠤᠬᠠᠮᠰᠠᠷ ᠪᠠ ᠶᠡᠬᠡ ᠲᠠᠯ᠎ᠠ ᠵᠢᠨ ᠦᠵᠡᠯ ᠤᠬᠠᠮᠰᠠᠷ᠎ᠢ᠎ᠨᠢ ᠲᠠᠰᠤᠷᠠᠯᠲᠠ ᠦᠭᠡᠢ ᠴᠢᠩᠭ᠋ᠠᠳᠬᠠᠨ᠂ ᠦᠨᠳᠦᠰᠦᠲᠡᠨ᠎ᠤ ᠪᠦᠯᠬᠦᠮᠳᠡᠯ᠎ᠢ ᠬᠠᠮᠠᠭ᠋ᠠᠯᠠᠪᠠ᠃ ᠭᠤᠷᠪᠠ᠎ᠳᠤ᠂ ᠵᠥᠷᠢᠴᠡᠯ᠎ᠢ  ᠨᠠᠮᠳᠠᠭᠤᠯᠵᠤ᠂ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ ᠠᠵᠢᠯ᠎ᠲᠠᠢ  ᠤᠶᠠᠯᠳᠤᠭᠤᠯᠪᠠ᠃ ᠤᠬᠠᠭᠤᠯᠭ᠎ᠠ ᠵᠢᠨ ᠰᠠᠷ᠎ᠠ ᠵᠢᠨ ᠠᠵᠢᠯᠯᠠᠭ᠎ᠠ᠎ᠪᠠᠷ ᠲᠣᠬᠢᠶᠠᠯ ᠪᠣᠯᠭ᠋ᠠᠨ᠂ ᠵᠥᠷᠢᠴᠡᠯ ᠵᠠᠭᠤᠷᠠᠯᠳᠤᠭ᠋ᠠᠨ᠎ᠢ ᠬᠢᠨᠠᠮᠠᠭ᠋ᠠᠢ ᠵᠢᠭᠰᠠᠭ᠋ᠠᠨ ᠪᠠᠢ᠌ᠴᠠᠭ᠋ᠠᠬᠤ ᠵᠢᠨ ᠬᠠᠮᠲᠤ ᠠᠷᠢᠯᠭ᠋ᠠᠵᠤ᠂ ᠨᠠᠰᠤᠲᠠᠢ᠌ᠴᠤᠳ᠎ᠤᠨ ᠬᠦᠴᠢᠷ ᠵᠣᠪᠠᠭᠤᠷᠢ ᠵᠢ ᠦᠨᠡᠨ ᠬᠦ᠌ ᠰᠢᠢ᠍ᠳᠪᠦᠷᠢᠯᠡᠨ᠂ ᠪᠣᠳᠠᠲᠤ ᠠᠵᠢᠯᠯᠠᠭ᠎ᠠ᠎ᠪᠠᠷ ᠵᠶ᠋ᠠᠨ ᠦᠨᠳᠦᠰᠦᠲᠡᠨ᠎ᠤ ᠪᠦᠯᠬᠦᠮᠳᠡᠯ᠎ᠢ  ᠬᠠᠮᠠᠭ᠋ᠠᠯᠠᠪᠠ᠃
   ᠤᠯᠠᠭ᠋ᠠᠨᠬᠠᠳᠠ ᠬᠣᠲᠠ ᠵᠢᠨ ᠬᠡᠰᠡᠭ ᠬᠣᠰᠢᠭᠤ ᠰᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ 2023 ᠣᠨ᠎ᠤ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠤᠨ ᠲᠡᠷᠢᠭᠦᠨ᠎ᠤ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠬᠤ ᠬᠤᠷᠠᠯ᠎ᠢ ᠬᠤᠷᠠᠯᠳᠤᠭᠤᠯᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠦᠨᠳᠦᠰᠦᠲᠡᠨ᠎ᠤ ᠪᠦᠯᠬᠦᠮᠳᠡᠯ᠎ᠤᠨ ᠠᠵᠢᠯ᠎ᠤᠨ ᠳᠤᠮᠳᠠᠬᠢ ᠲᠡᠷᠢᠭᠦᠨ᠎ᠤ ᠬᠤᠪᠢ ᠬᠥᠮᠥᠨ᠎ᠢ ᠬᠥᠬᠢᠭᠦᠯᠦᠨ ᠰᠠᠢ᠌ᠰᠢᠶᠠᠵᠤ᠂ ᠡᠯ᠎ᠡ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ ᠵᠢᠨ ᠬᠥᠬᠢᠭᠦᠯᠦᠯ ᠭᠥᠷᠳᠡᠭᠰᠡᠨ ᠬᠠᠮᠲᠤ ᠨᠡᠶ᠋ᠢᠲᠡ ᠪᠠ ᠬᠤᠪᠢ ᠬᠥᠮᠥᠨ ᠵᠶ᠋ᠡᠷ ᠥᠯᠢᠭᠡᠷ ᠳᠠᠭᠤᠷᠢᠶᠠᠯ ᠪᠣᠯᠭ᠋ᠠᠵᠤ᠂ ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ᠎ᠪᠠᠷ ᠨᠠᠰᠤᠵᠢᠯ᠎ᠤᠨ ᠠᠰᠠᠷᠠᠮᠵᠢ ᠵᠢᠨ ᠦᠢ᠍ᠯᠡᠴᠢᠯᠡᠭᠡᠨ᠎ᠤ ᠠᠵᠢᠯ᠎ᠢ ᠰᠠᠢ᠌ᠲᠤᠷ ᠬᠢᠬᠦ ᠵᠢ ᠵᠣᠷᠢᠭᠵᠢᠭᠤᠯᠵᠤ᠂ ᠦᠨᠳᠦᠰᠦᠲᠡᠨ᠎ᠤ ᠪᠦᠯᠬᠦᠮᠳᠡᠯ᠎ᠢ ᠤᠯᠠᠮ ᠴᠢᠩᠭ᠋ᠠᠳᠬᠠᠨ᠂ ᠦᠨᠳᠦᠰᠦᠲᠡᠨ᠎ᠨᠦᠭᠦᠳ᠎ᠤᠨ ᠬᠠᠮᠲᠤ ᠵᠢᠨ ᠴᠡᠴᠡᠭᠯᠡᠯ ᠳᠠᠪᠰᠢᠯᠲᠠ ᠵᠢ ᠠᠬᠢᠭᠤᠯᠵᠤ᠂ ᠨᠠᠰᠤᠲᠠᠢ᠌ᠴᠤᠳ᠎ᠤᠨ ᠵᠣᠯ ᠵᠢᠷᠭ᠋ᠠᠯᠲᠤ ᠠᠮᠢᠳᠤᠷᠠᠯ᠎ᠤᠨ ᠰᠠᠢ᠌ᠨ ᠰᠠᠢ᠌ᠬᠠᠨ ᠬᠦᠰᠡᠯ ᠡᠷᠡᠮᠡᠯᠵᠡᠯ᠎ᠢ ᠬᠠᠩᠭ᠋ᠠᠬᠤ᠎ᠳᠤ ᠨᠠᠩ ᠣᠯᠠᠨ ᠣᠶᠤᠨ ᠤᠬᠠᠭ᠋ᠠᠨ ᠪᠠ ᠬᠦᠴᠦᠨ ᠴᠢᠳᠠᠯ ᠵᠶ᠋ᠠᠨ ᠡᠷᠭᠦᠬᠦ ᠵᠢ ᠵᠤᠷᠢᠬ᠍ᠵᠢᠭᠤᠯᠪᠠ᠃
   ᠣᠷᠳᠣᠰ᠎ᠤᠨ ᠬᠣᠲᠠ ᠵᠢᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ 《ᠲᠦᠷᠦᠭᠦᠴᠢ ᠭᠠᠯᠠᠭᠤ ᠵᠢᠨ ᠤᠬᠠᠭᠤᠯᠤᠨ ᠲᠠᠢ᠌ᠯᠪᠤᠷᠢᠯᠠᠬᠤ》 ᠦᠢ᠍ᠯᠡᠳᠦᠯ᠎ᠢ ᠪᠠᠳᠠᠷᠠᠭᠤᠯᠵᠤ᠂ ᠲᠥᠷᠥ ᠵᠢᠨ ᠪᠣᠳᠣᠯᠭ᠎ᠠ ᠵᠢᠨ ᠣᠨᠣᠯ᠎ᠤᠨ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ ᠥᠷᠨᠢᠭᠦᠯᠪᠡ᠃ 《ᠪᠠᠢ᠌ᠭᠤᠯᠭ᠎ᠠ ᠵᠢᠨ ᠨᠠᠮ᠎ᠤᠨ ᠵᠣᠬᠢᠶᠠᠨ ᠪᠠᠢ᠌ᠭᠤᠯᠤᠯᠲᠠ + ᠣᠨᠣᠯ᠎ᠤᠨ ᠰᠤᠷᠤᠯᠴᠠᠯᠭ᠎ᠠ ᠵᠢᠨ ᠭᠣᠣᠯ ᠳᠤᠭᠤᠢ᠌ᠯᠠᠩ + ᠺᠠᠳ᠋ᠷ》᠎ᠤᠨ ᠤᠬᠠᠭᠤᠯᠤᠨ ᠲᠠᠢ᠌ᠯᠪᠤᠷᠢᠯᠠᠬᠤ ᠡᠩᠨᠡᠭᠡᠨ᠎ᠤ ᠬᠦᠴᠦᠨ᠎ᠢ ᠭᠦᠢ᠍ᠴᠡᠳ ᠳᠠᠶ᠋ᠢᠴᠢᠯᠠᠵᠤ᠂ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠤᠨᠤᠯ ᠲᠦᠷᠦ ᠵᠢᠨ ᠪᠣᠳᠣᠯᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠵᠢ2 ᠤᠳᠠᠭ᠎ᠠ ᠥᠷᠨᠢᠭᠦᠯᠵᠦ᠂ 《ᠦᠨᠳᠦᠰᠦᠲᠡᠨ᠎ᠨᠦᠭᠦᠳ᠎ᠢ ᠪᠦᠯᠬᠦᠮᠳᠡᠭᠦᠯᠦᠨ ᠪᠠᠢ᠌ᠭᠤᠯᠭ᠎ᠠ ᠪᠠ ᠦᠬᠡᠳᠡᠯᠡᠬᠦᠯᠵᠤ᠂ ᠬᠠᠷᠢᠯᠴᠠᠨ ᠠᠭᠤᠰᠤᠯᠴᠠᠭᠤᠯᠤᠨ ᠬᠠᠷᠢᠯᠴᠠᠨ ᠠᠬᠢᠭᠤᠯᠵᠤ ᠬᠣᠶᠠᠷ᠎ᠢ ᠳᠡᠭᠡᠭᠰᠢᠯᠡᠭᠦᠯᠬᠦ》 ᠠᠵᠢᠯᠯᠠᠭ᠎ᠠ ᠎ᠪᠠᠷ ᠦᠨᠳᠦᠰᠦᠲᠡᠨ᠎ᠨᠦᠭᠦᠳ᠎ᠤᠨ ᠨᠠᠰᠤᠲᠠᠢ᠌ᠴᠤᠳ᠎ᠤᠨ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠦᠬᠦᠵᠦ ᠰᠡᠬᠡᠬᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠦᠵᠡᠯ ᠰᠠᠨᠠᠭ᠋ᠠᠨ᠎ᠤ ᠰᠠᠭᠤᠷᠢ ᠵᠢ ᠳᠠᠰᠤᠷᠠᠯᠳᠠ ᠦᠭᠡᠢ ᠪᠡᠬᠢᠵᠢᠭᠦᠯᠪᠡ᠃
   ᠬᠥᠯᠥᠨ ᠪᠤᠢ᠍ᠢ᠍ᠷ ᠬᠤᠳᠠ᠂ ᠤᠯᠠᠭ᠋ᠠᠨᠴᠠᠪ ᠬᠤᠳᠠ᠂ ᠬᠢᠩᠭ᠋ᠠᠨ ᠠᠢ᠌ᠮᠠᠭ᠂ ᠠᠯᠠᠱ᠌ᠠ ᠠᠢ᠌ᠮᠠᠭ᠂ ᠰᠢᠯᠢ ᠵᠢᠨ ᠭᠣᠣᠯ ᠠᠢ᠌ᠮᠠᠭ ᠵᠡᠷᠭᠡ ᠡᠯ᠎ᠡ ᠭᠠᠵᠠᠷ᠎ᠤᠨ ᠡᠯ᠎ᠡ ᠱᠠᠲᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠥᠴᠢᠷ᠎ᠤᠨ᠎ᠬᠢᠨ ᠨᠠᠰᠤᠵᠢᠯ᠎ᠤᠨ ᠠᠰᠠᠷᠠᠮᠵᠢ ᠵᠢᠨ ᠪᠠᠢ᠌ᠭᠤᠯᠤᠮᠵᠢ᠎ᠳᠤ ᠬᠦᠷᠴᠡᠬᠡᠨ᠂ 《ᠠᠴᠢ ᠬᠠᠷᠢᠭᠤᠯᠤᠨ ᠨᠠᠮ ᠵᠶ᠋ᠠᠨ ᠳᠠᠭ᠋ᠠᠵᠤ ᠡᠷᠡᠯᠭᠡᠭᠯᠡᠨ ᠤᠷᠤᠬᠰᠢᠯᠠᠨ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ ᠎ᠪᠠᠷ ᠪᠦᠲᠦᠭᠡᠨ ᠪᠠᠶ᠋ᠢᠭᠤᠯᠬᠤ᠎ᠳᠤ ᠵᠢᠱ᠌ᠢᠶ᠎ᠡ ᠦᠵᠡᠭᠦᠯᠬᠦ》 ᠎ᠪᠠᠷ ᠭᠣᠣᠯ ᠰᠡᠳᠦᠪ ᠪᠣᠯᠭ᠋ᠠᠭᠰᠠᠨ ᠲᠤᠰᠬᠠᠢ ᠰᠡᠳᠦᠪᠲᠦ ᠤᠬᠠᠭᠤᠯᠤᠨ ᠲᠠᠢ᠌ᠯᠪᠤᠷᠢᠯᠠᠬᠤ ᠠᠵᠢᠯᠯᠠᠭ᠎ᠠ ᠥᠷᠨᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠭᠣᠣᠯ ᠰᠢᠵᠢᠮ ᠪᠣᠯᠭ᠋ᠠᠵᠤ᠂ ᠳᠤᠷᠠᠳᠤᠭᠰᠠᠨ ᠶᠠᠪᠤᠴᠠ᠂ ᠭᠣᠣᠯ ᠠᠭᠤᠯᠭ᠎ᠠ ᠪᠠ ᠴᠢᠬᠤᠯᠠ ᠶᠡᠬᠡ ᠠᠴᠢ ᠬᠣᠯᠪᠣᠭᠳᠠᠯ ᠵᠡᠷᠭᠡ ᠲᠠᠯ᠎ᠠ᠎ᠪᠠᠷ ᠭᠦᠨᠵᠡᠭᠡᠢ ᠪᠥᠭᠡᠳ ᠣᠢ᠌ᠯᠠᠭ᠋ᠠᠮᠵᠢᠲᠠᠢ ᠲᠠᠢ᠌ᠯᠪᠤᠷᠢᠯᠠᠬᠤ᠎ᠳᠤ᠎ᠪᠠᠨ  ᠤᠬᠭ᠋ᠠᠤᠯᠭ᠎ᠠ ᠵᠢᠨ ᠡᠯᠬᠦᠬᠡᠰᠤ ᠵᠢ 63  ᠡᠯᠭᠦᠵᠦ᠂ ᠤᠬᠠᠭᠤᠯᠬᠤ ᠬᠠᠭᠤᠳᠠᠰᠤ 9300 ᠭᠠᠷᠤᠢ ᠲᠠᠷᠬᠠᠭ᠋ᠠᠵᠤ᠂ ᠤᠳᠠᠭ᠎ᠠ ᠵᠢᠨ ᠤᠬᠠᠭᠤᠯᠭ᠎ᠠ ᠵᠢᠨ ᠤᠷᠢᠶ᠎ᠠ ᠵᠢ 2000 ᠵᠤᠷᠪᠤᠰ ᠨᠠᠪᠲᠠᠷᠡᠭᠦᠯᠵᠦ᠂ ᠨᠠᠰᠤᠵᠢᠯ᠎ᠤᠨ ᠠᠰᠠᠷᠠᠮᠵᠢ ᠵᠢᠨ  ᠬᠦᠷᠢᠶ᠎ᠡ ᠴᠠᠷᠠᠭ᠎ᠠ᠎ᠳᠤ᠎ᠬᠢ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠤᠬᠠᠭᠤᠯᠭ᠎ᠠ ᠬᠥᠮᠦᠵᠢᠯ᠎ᠢ ᠭᠦᠨᠵᠡᠭᠡᠢ᠌ᠷᠡᠭᠦᠯᠦᠨ ᠪᠣᠳᠠᠲᠠᠢ᠌ᠵᠢᠭᠤᠯᠬᠤ ᠠᠵᠢᠯ᠎ᠢ ᠠᠬᠢᠭᠤᠯᠬᠤ ᠴᠢᠳᠠᠬᠰᠠᠨ ᠪᠠᠢ᠌ᠨ᠎ᠠ᠃






 

 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠬᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠢ ᠪᠡᠶᠡᠯᠡᠬᠦᠯᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 2022 ᠣᠨ᠎ᠤ ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠢ ᠪᠡᠶᠡᠯᠡᠬᠦᠯᠪᠡ
ᠰᠦᠨ ᠱᠤᠤ ᠴᠧᠩ ᠠᠯᠪᠠᠨ ᠲᠢᠩᠬᠢᠮ᠎ᠤᠨ ᠠᠵᠢᠯ᠎ᠢ ᠰᠠᠢ᠌ᠲᠤᠷ ᠬᠢᠬᠦ᠎ᠳᠤ ᠴᠣᠬᠣᠯᠠᠪᠤᠷᠢ ᠥᠭᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠢ ᠵᠢᠨ ᠨᠡᠢ᠌ᠳᠡᠮ ᠪᠠᠢ᠌ᠴᠠᠭ᠋ᠠᠯᠲᠠ ᠵᠢᠨ ᠠᠷᠠᠳ᠎ᠤᠨ ᠶᠠᠪᠤᠳᠠᠯ᠎ᠤᠨ ᠬᠦᠷᠢᠶ᠎ᠡ ᠴᠠᠷᠠᠭ᠎ᠠ᠎ᠳᠤ᠎ᠬᠢ ᠨᠡᠢ᠌ᠳᠡᠮ᠎ᠤᠨ ᠪᠠᠢ᠌ᠴᠠᠭ᠋ᠠᠯᠳᠠ ᠵᠢᠨ ᠠᠵᠢᠯ᠎ᠢ ᠡᠬᠦᠷᠬᠡ ᠵᠢ ᠰᠠᠢ᠌ᠳᠤᠷ ᠪᠡᠶᠡᠯᠡᠬᠦᠯᠵᠤ ᠪᠠᠢ᠌ᠨ᠎ᠠ
ᠶᠡᠷᠦᠩᠬᠡᠢ᠌ᠯᠡᠭᠰᠡᠨ ᠪᠠᠳᠤᠯᠠᠭ᠎ᠠ ᠵᠢᠨ ᠲᠥᠪ᠎ᠤᠨ ᠨᠠᠮ᠎ᠤᠨ ᠡᠭᠦᠷ᠎ᠤᠨ᠎ᠬᠢᠨ 2023 ᠣᠨ᠎ᠤ 10 ᠳ᠋ᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠵᠢ ᠵᠣᠬᠢᠶᠠᠨ ᠪᠠᠢ᠌ᠭᠤᠯᠪᠠ
 
            