ᠵᠠᠰᠠᠭ᠎ᠤᠨ ᠣᠷᠳᠣᠨ᠎ᠤ ᠲᠥᠰᠥᠪ᠎ᠤᠨ ᠭᠦᠢ᠍ᠴᠡᠳᠬᠡᠯ᠎ᠢ ᠤᠯᠠᠮ ᠢᠯᠡ ᠲᠣᠳᠣ ᠪᠤᠯᠭ᠋ᠠᠵᠤ᠂ ᠲᠥᠰᠥᠪ᠎ᠤᠨ ᠭᠦᠢ᠍ᠴᠡᠳᠬᠡᠯ᠎ᠤᠨ ᠬᠠᠮᠢᠶᠠᠷᠤᠯᠲᠠ ᠵᠢᠨ ᠲᠦᠪᠰᠢᠨ᠎ᠢ ᠳᠡᠭᠡᠭᠰᠢᠯᠡᠭᠦᠯᠬᠦ ᠵᠢᠨ ᠲᠦᠯᠤᠬᠡ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠤᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠢᠮᠪᠠᠢ ᠪᠠᠢ᠌ᠷᠢᠯᠠᠭᠤᠯᠵᠤ᠂ ᠡᠮᠬᠢ᠎ᠲᠠᠢ ᠵᠣᠬᠢᠶᠠᠨ ᠪᠠᠢ᠌ᠭᠤᠯᠤᠬᠰᠠᠨ ᠵᠶ᠋ᠡᠷ ᠲᠢᠩᠬᠢᠮ᠎ᠤᠨ ᠲᠣᠰ ᠱᠠᠲᠤ ᠪᠤᠯᠤᠨ 4 ᠰᠢᠭᠤᠳ ᠬᠠᠷᠢᠶ᠎ᠠ ᠨᠢᠬᠡᠴᠢ ᠵᠢᠨ 2022 ᠣᠨ᠎ᠤ ᠲᠥᠰᠥᠪ᠎ᠤᠨ ᠭᠦᠢ᠍ᠴᠡᠳᠬᠡᠯ᠎ᠤᠨ ᠮᠡᠳᠡᠭᠡ ᠵᠠᠩᠭᠢ ᠵᠢ ᠢᠯᠡᠵᠢᠬᠦᠯᠬᠦ ᠠᠵᠢᠯ᠎ᠢ ᠠᠮᠵᠢᠯᠳᠠ᠎ᠲᠠᠢ ᠪᠡᠶᠡᠯᠡᠭᠦᠯᠪᠡ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠠᠵᠢᠯ᠎ᠢ ᠵᠣᠬᠢᠶᠠᠨ ᠪᠠᠶ᠋ᠢᠭᠤᠯᠬᠤ ᠳᠤᠮᠳᠠ 《ᠲᠥᠰᠥᠪ᠎ᠤᠨ ᠬᠠᠤᠯᠢ》᠂ ᠲᠥᠰᠥᠪ᠎ᠤᠨ ᠭᠦᠢ᠍ᠴᠡᠳᠬᠡᠯ᠎ᠢ ᠢᠯᠡᠵᠢᠬᠦᠯᠬᠦ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠪᠠ᠃ ᠢᠯᠡᠵᠢᠬᠦᠯᠬᠦ ᠠᠭᠤᠯᠭ᠎ᠠ ᠵᠢᠨ ᠲᠠᠯ᠎ᠠ᠎ᠪᠠᠷ᠂ ᠢᠯᠡᠵᠢᠬᠦᠯᠬᠦ ᠮᠡᠳᠡᠭᠡ ᠵᠠᠩᠭᠢ᠎ᠳᠤ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠂ ᠪᠠᠢ᠌ᠭᠤᠯᠤᠮᠵᠢ ᠵᠢᠨ ᠲᠣᠬᠢᠷᠠᠭᠤᠯᠤᠯᠲᠠ ᠵᠡᠷᠭᠡ ᠠᠭᠤᠯᠭ᠎ᠠ ᠵᠢ ᠪᠠᠭᠲᠠᠭ᠋ᠠᠭᠰᠠᠨᠤ ᠬᠠᠮᠲᠤ 《ᠣᠷᠣᠯᠭ᠎ᠠ ᠵᠠᠷᠤᠯᠭ᠎ᠠ ᠵᠢᠨ ᠲᠥᠰᠥᠪ᠎ᠤᠨ ᠭᠦᠢ᠍ᠴᠡᠳᠬᠡᠯ᠎ᠤᠨ ᠬᠦᠰᠦᠨᠦᠭᠲᠦ》 ᠵᠡᠷᠭᠡ 12 ᠰᠠᠯᠠᠭ᠎ᠠ ᠮᠥᠴᠢᠷ᠎ᠤᠨ ᠲᠥᠰᠥᠪ᠎ᠤᠨ ᠭᠦᠢ᠍ᠴᠡᠳᠬᠡᠯ᠎ᠤᠨ ᠬᠦᠰᠦᠨᠦᠭᠲᠦ ᠵᠢ ᠢᠯᠡᠵᠢᠬᠦᠯᠵᠤ᠂ ᠲᠣᠭ᠎ᠠ ᠪᠠᠷᠢᠮᠲᠠ ᠦᠭᠡᠢ ᠮᠡᠳᠡᠭᠦᠯᠦᠯᠲᠡ ᠵᠢᠨ ᠬᠦᠰᠦᠨᠦᠭᠲᠦ᠎ᠳᠤ 《ᠢᠯᠡᠵᠢᠬᠦᠯᠬᠦ ᠦᠭᠡᠢ》 ᠪᠥᠭᠡᠳ ᠲᠣᠳᠣᠷᠬᠠᠢ᠌ᠯᠠᠯᠲᠠ ᠳᠠᠭ᠋ᠠᠯᠳᠤᠭᠤᠯᠪᠠ᠃ ᠵᠠᠷᠤᠯᠭ᠎ᠠ ᠵᠢ ᠢᠯᠡᠵᠢᠬᠦᠯᠬᠦ ᠲᠠᠯ᠎ᠠ᠎ᠪᠠᠷ᠂ ᠣᠯᠠᠨ ᠨᠡᠶ᠋ᠢᠲᠡ ᠵᠢᠨ ᠲᠥᠰᠥᠪ᠎ᠤᠨ ᠦᠨᠳᠦᠰᠦᠨ ᠵᠠᠷᠤᠯᠭ᠎ᠠ ᠪᠠ ᠵᠦᠢ᠍ᠯᠡᠰ᠎ᠤᠨ ᠵᠠᠷᠤᠯᠭ᠎ᠠ ᠵᠢ ᠴᠥᠮ ᠠᠵᠤ ᠠᠬᠤᠢ ᠵᠢᠨ ᠲᠥᠷᠥᠯ ᠬᠤᠪᠢᠶᠠᠭᠰᠠᠨ ᠵᠦᠢ᠍ᠯ ᠢᠯᠭ᠋ᠠᠯ ᠬᠦᠷᠲᠡᠯ᠎ᠡ ᠢᠯᠡᠵᠢᠬᠦᠯᠵᠤ᠂ ᠵᠠᠰᠠᠭ᠎ᠤᠨ ᠣᠷᠳᠣᠨ ᠬᠤᠳᠠᠯᠳᠤᠨ ᠠᠪᠴᠤ ᠦᠭᠭᠦ ᠵᠠᠷᠤᠯᠭ᠎ᠠ ᠵᠢ ᠵᠠᠰᠠᠭ᠎ᠤᠨ ᠣᠷᠳᠣᠨ ᠬᠤᠳᠠᠯᠳᠤᠨ ᠠᠪᠴᠤ ᠦᠭᠭᠦ ᠳᠤᠮᠳᠠ ᠵᠢᠵᠢᠭ ᠠᠵᠤ ᠠᠬᠤᠢ᠌ᠯᠠᠯ ᠪᠠ ᠵᠢᠵᠢᠭ ᠪᠢᠴᠢᠯ ᠠᠵᠤ ᠠᠬᠤᠢ᠌ᠯᠠᠯ᠎ᠳᠤ ᠣᠯᠭᠣᠬᠤ ᠭᠡᠷ᠎ᠡ ᠵᠢᠨ ᠵᠣᠭᠣᠰ᠎ᠤᠨ ᠲᠣᠭ᠎ᠠ᠂ ᠡᠵᠡᠯᠡᠬᠦ ᠬᠠᠷᠢᠴᠠᠯ ᠵᠡᠷᠭᠡ ᠮᠡᠳᠡᠭᠡ ᠵᠠᠩᠭᠢ ᠬᠦᠷᠲᠡᠯ᠎ᠡ ᠨᠠᠷᠢᠯᠢᠬ᠍ᠵᠢᠭᠤᠯᠪᠠ᠃ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠢ ᠢᠯᠡᠵᠢᠬᠦᠯᠬᠦ ᠲᠠᠯ᠎ᠠ᠎ᠪᠠᠷ ᠠᠯᠪᠠᠨ ᠶᠠᠪᠤᠳᠠᠯ ᠵᠶ᠋ᠠᠷ ᠤᠯᠤᠰ (ᠬᠢᠯᠢ)᠎ᠠᠴᠠ ᠭᠠᠷᠬᠤ ᠪᠦᠯᠬᠦᠮ ᠪᠠᠢ᠌ᠭᠤᠯᠤᠭᠰᠠᠨ ᠲᠣᠭ᠎ᠠ ᠪᠠ ᠬᠥᠮᠥᠨ᠎ᠤ ᠲᠣᠭ᠎ᠠ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠬᠤᠳᠠᠯᠳᠤᠨ ᠠᠪᠤᠭᠰᠠᠨ ᠲᠣᠭ᠎ᠠ ᠪᠤᠯᠤᠨ ᠬᠠᠳᠠᠭ᠋ᠠᠯᠠᠯᠲᠠ ᠵᠢᠨ ᠬᠡᠮᠵᠢᠶ᠎ᠡ᠂ ᠠᠯᠪᠠᠨ ᠶᠠᠪᠤᠳᠠᠯ᠎ᠤᠨ ᠵᠣᠴᠢᠯᠠᠯᠭ᠎ᠠ ᠵᠢᠨ ᠪᠦᠯᠦᠭ ᠤᠳᠠᠭ᠎ᠠ᠂ ᠬᠥᠮᠥᠨ᠎ᠤ ᠲᠣᠭ᠎ᠠ ᠪᠣᠯᠣᠨ ᠵᠠᠷᠤᠳᠠᠯ᠎ᠤᠨ ᠶᠡᠷᠦᠩᠬᠡᠢ ᠲᠣᠭ᠎ᠠ ᠵᠢ ᠢᠯᠡᠵᠢᠬᠦᠯᠦᠭᠰᠡᠨᠤ ᠬᠠᠮᠲᠤ 《ᠭᠤᠷᠪᠠᠨ ᠵᠦᠢ᠍ᠯ᠎ᠤᠨ ᠠᠯᠪᠠᠨ᠎ᠤ ᠵᠠᠷᠤᠳᠠᠯ》᠎ᠤᠨ ᠡᠯ᠎ᠡ ᠵᠦᠢ᠍ᠯ᠎ᠤᠨ ᠵᠠᠷᠤᠯᠭ᠎ᠠ ᠵᠢᠨ ᠨᠡᠮᠡᠭᠳᠡᠵᠦ ᠬᠠᠰᠤᠬᠳᠠᠬᠰᠠᠨ ᠬᠤᠪᠢᠷᠠᠯᠲᠠ ᠵᠢᠨ ᠰᠢᠯᠲᠠᠭ᠋ᠠᠨ᠎ᠢ ᠨᠠᠷᠢᠨ ᠲᠣᠳᠣᠷᠬᠠᠢ᠌ᠯᠠᠵᠠᠢ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ2022 ᠣᠨ᠎ᠤ ᠲᠥᠰᠥᠪ᠎ᠤᠨ ᠭᠦᠢ᠍ᠴᠡᠳᠬᠡᠯ᠎ᠤᠨ ᠮᠡᠳᠡᠭᠡ ᠵᠠᠩᠭᠢ ᠵᠢ ᠢᠯᠡᠵᠢᠬᠦᠯᠬᠦ ᠠᠵᠢᠯ᠎ᠤᠨ ᠳᠤᠮᠳᠠ ᠨᠠᠷᠢᠯᠢᠭᠵᠢᠭᠤᠯᠤᠭᠰᠠᠨ᠂ ᠠᠯᠳᠠᠭ᠎ᠠ ᠪᠤᠷᠤᠭᠤ ᠦᠭᠡᠢ ᠪᠠᠢ᠌ᠬᠤ ᠠᠵᠢᠯ᠎ᠤᠨ ᠪᠠᠷᠢᠮᠵᠢᠶ᠎ᠠ ᠵᠢ ᠪᠠᠷᠢᠮᠲᠠᠯᠠᠵᠤ᠂ ᠡᠷᠲᠡ᠎ᠠᠴᠠ ᠲᠥᠯᠥᠪᠵᠢᠭᠦᠯᠵᠦ᠂ ᠨᠠᠷᠢᠨ ᠵᠦᠢ᠍ᠯᠡᠰ᠎ᠢ ᠠᠩᠬᠠᠷᠴᠤ᠂ ᠨᠠᠢ᠌ᠳᠠᠪᠤᠷᠢᠵᠢᠭᠤᠯᠤᠯᠲᠠ ᠵᠢ ᠠᠳᠬᠤᠨ᠂ 《ᠲᠠᠨᠭ᠌ᠰᠠ ᠬᠠᠷ᠎ᠠ᠎ᠪᠠᠨ ᠢᠯᠡ ᠨᠡᠢ᠌ᠲᠡᠯᠡᠬᠦ》 ᠢᠯᠠ ᠪᠣᠯᠭ᠋ᠠᠬᠤ ᠲᠡᠰ ᠳᠠᠷᠠᠭ᠋ᠠᠯᠠᠯ᠎ᠢ ᠦᠨᠡᠨ ᠬᠦ᠌ ᠪᠡᠶᠡᠯᠡᠭᠦᠯᠵᠦ᠂ ᠨᠡᠢ᠌ᠭᠡᠮ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠵᠦ᠂ ᠢᠯᠡᠵᠢᠬᠦᠯᠬᠦ᠎ᠪᠠᠷ ᠲ᠋ᠥᠰᠥᠪᠤᠨ ᠭᠦᠢ᠍ᠴᠡᠳᠬᠡᠯ᠎ᠤᠨ ᠬᠠᠮᠢᠶᠠᠷᠤᠯᠲᠠ ᠵᠢ ᠠᠬᠢᠭᠤᠯᠬᠤ ᠵᠢᠱ᠌ᠢᠭᠰᠡᠨ ᠦᠷ᠎ᠡ ᠪᠦᠲᠦᠮᠵᠢ᠎ᠳᠤ ᠬᠦᠷᠦᠭᠰᠡᠨ ᠪᠠᠢ᠌ᠨ᠎ᠠ᠃