ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠦᠵᠢ ᠰᠦᠨ ᠱᠣᠸ᠋ ᠴᠧᠩ ᠠᠯᠪᠠᠨ ᠲᠢᠩᠬᠢᠮ᠎ᠤᠨ ᠠᠵᠢᠯ᠎ᠢ ᠰᠠᠢ᠌ᠲᠤᠷ ᠬᠢᠬᠦ᠎ᠳᠤ ᠴᠣᠬᠣᠯᠠᠪᠤᠷᠢ ᠥᠭᠪᠡ᠄ ᠠᠯᠪᠠᠨ ᠲᠢᠩᠬᠢᠮ᠎ᠤᠨ ᠠᠵᠢᠯ᠎ᠤᠨ ᠬᠠᠷᠢᠭᠤᠴᠠᠯᠭ᠎ᠠ ᠬᠦᠨᠳᠦ᠂ ᠡᠭᠦᠷᠭᠡ ᠬᠠᠲᠠᠭᠤ ᠪᠡᠷᠬᠡ᠂ ᠥᠩᠭᠡ ᠬᠡᠷᠡᠯ᠎ᠲᠠᠢ᠃ ᠪᠥᠬᠥ ᠣᠷᠣᠨ᠎ᠤ ᠠᠯᠪᠠᠨ ᠲᠢᠩᠬᠢᠮ᠎ᠤᠨ ᠰᠢᠰᠲ᠋ᠧᠮ᠎ᠤᠨ᠎ᠬᠢᠨ ᠠᠯᠪᠠᠨ ᠲᠢᠩᠬᠢᠮ᠎ᠤᠨ ᠠᠵᠢᠯ᠎ᠤᠨ ᠲᠤᠬᠠᠢ ᠰᠢ ᠵᠢᠨ ᠫᠢᠩ ᠶᠡᠷᠦᠩᠬᠡᠢ ᠱᠦᠵᠢ ᠵᠢᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠥᠬᠥ ᠤᠯᠤᠰ᠎ᠤᠨ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠨᠠᠷ᠎ᠤᠨ ᠬᠤᠷᠠᠯ᠎ᠤᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠤᠨ᠂ 《ᠭᠤᠷᠪᠠ᠎ᠳᠤ ᠦᠢ᠍ᠯᠡᠴᠢᠯᠡᠬᠦ》 ᠠᠵᠢᠯ᠎ᠤᠨ ᠲᠠᠰᠤᠷᠠᠯᠲᠠ ᠦᠭᠡᠢ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠲᠡᠢ᠃ ᠤᠯᠤᠰ ᠲᠦᠷᠦ ᠵᠢᠨ ᠪᠠᠢ᠌ᠭᠤᠯᠭ᠎ᠠ ᠵᠢᠨ ᠤᠬᠠᠮᠰᠠᠷ᠎ᠢ ᠪᠠᠲᠤ ᠪᠤᠢ ᠪᠣᠯᠭ᠋ᠠᠵᠤ᠂ 《ᠤᠯᠤᠰ᠎ᠤᠨ ᠲᠣᠮᠣ ᠶᠠᠪᠤᠳᠠᠯ》᠎ᠢ ᠴᠡᠭᠡᠵᠢᠨ᠎ᠳᠤ᠎ᠪᠠᠨ ᠪᠠᠭᠲᠠᠭ᠋ᠠᠵᠤ᠂ ᠨᠠᠮ᠎ᠤᠨ ᠲᠥᠪ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠬᠦᠴᠦᠲᠡᠢ ᠨᠠᠢ᠌ᠳᠠᠪᠤᠷᠢᠵᠢᠭᠤᠯᠵᠤ᠂ 《ᠬᠣᠶᠠᠷ᠎ᠢ ᠬᠠᠮᠠᠭ᠋ᠠᠯᠠᠬᠤ》 ᠵᠢ ᠦᠢ᠍ᠯᠡᠳᠦᠯᠭᠡᠵᠢᠭᠦᠯᠬᠦ ᠲᠠᠯ᠎ᠠ᠎ᠪᠠᠷ ᠰᠠᠢ᠌ᠨ ᠦᠯᠢᠭᠡᠷ ᠳᠠᠭᠤᠷᠢᠶᠠᠯ ᠪᠣᠯᠵᠤ᠂ ᠵᠢᠱ᠌ᠢᠶ᠎ᠡ ᠦᠵᠡᠭᠦᠯᠬᠦ ᠬᠡᠷᠡᠭᠲᠡᠢ᠃ ᠤᠯᠤᠰ ᠲᠦᠷᠦ ᠵᠢᠨ ᠡᠭᠦᠷᠭᠡᠯᠡᠯ᠎ᠢ ᠴᠢᠩᠭ᠋ᠠᠳᠬᠠᠵᠤ᠂ ᠬᠦᠴᠦᠨ ᠵᠶ᠋ᠡᠨ ᠲᠥᠪᠯᠡᠷᠡᠭᠦᠯᠦᠨ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠬᠠᠮᠤᠭ᠎ᠤᠨ ᠰᠠᠢ᠌ᠨ ᠬᠢᠭᠰᠡᠨ ᠠᠵᠢᠯ᠎ᠤᠨ ᠪᠠᠷᠢᠮᠵᠢᠶ᠎ᠠ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠵᠥᠪᠯᠡᠭᠴᠢ ᠬᠠᠪᠰᠤᠷᠤᠭᠴᠢ᠂ ᠱᠠᠯᠠᠪᠳᠠᠭᠤᠯᠤᠨ ᠪᠠᠢ᠌ᠴᠠᠭ᠋ᠠᠬᠤ᠂ ᠦᠢ᠍ᠯᠡᠴᠢᠯᠡᠭᠡᠨ᠎ᠤ ᠪᠠᠲᠤᠯᠠᠭ᠎ᠠ ᠵᠡᠷᠭᠡ ᠡᠯ᠎ᠡ ᠵᠦᠢ᠍ᠯ᠎ᠤᠨ ᠠᠵᠢᠯ᠎ᠢ ᠨᠢᠭᠲᠠ᠎ᠠᠴᠠ ᠨᠢᠭᠲᠠ ᠰᠠᠢ᠌ᠲᠤᠷ ᠬᠢᠵᠦ᠂ ᠨᠠᠷᠢᠨ ᠵᠦᠢ᠍ᠯᠡᠰ᠎ᠤᠨ ᠳᠤᠮᠳᠠ ᠵᠣᠷᠢᠭ ᠰᠠᠨᠠᠭ᠎ᠠ ᠵᠢ ᠢᠯᠡᠷᠡᠭᠦᠯᠵᠦ᠂ ᠨᠠᠷᠢᠨ ᠵᠦᠢ᠍ᠯᠡᠰ᠎ᠤᠨ ᠳᠤᠮᠳᠠ ᠬᠢᠷᠢ ᠲᠦᠪᠰᠢᠨ᠎ᠢ ᠢᠯᠡᠷᠡᠭᠦᠯᠬᠦ ᠬᠡᠷᠡᠭᠲᠡᠢ᠃ ᠲᠦᠷᠦᠭᠦᠯᠡᠨ ᠶᠣᠰᠣ ᠳᠦᠷᠢᠮ᠎ᠢ ᠡᠷᠬᠢᠮᠯᠡᠵᠦ᠂ ᠶᠣᠰᠣ ᠳᠦᠷᠢᠮ᠎ᠢ ᠪᠠᠶ᠋ᠢᠭᠤᠯᠬᠤ ᠪᠠ ᠬᠡᠷᠡᠭᠵᠢᠭᠦᠯᠬᠦ ᠵᠢ ᠦᠨᠡᠨ ᠬᠦ᠌ ᠰᠠᠢ᠌ᠲᠤᠷ ᠠᠳᠬᠤᠵᠤ᠂ 《ᠵᠢᠷᠤᠮᠵᠢᠭᠤᠯᠬᠤ᠂ ᠴᠣᠮᠬᠠᠳᠬᠠᠬᠤ᠂ ᠬᠤᠷᠳᠤᠴᠠ ᠵᠢ ᠲᠦᠷᠭᠡᠳᠬᠡᠬᠦ》 ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭ᠋ᠠᠨ》᠎ᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠡᠯ᠎ᠡ ᠲᠠᠯ᠎ᠠ ᠵᠢᠨ ᠠᠵᠢᠯ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠶᠡᠬᠡ᠎ᠪᠠᠷ ᠪᠠᠳᠠᠷᠠᠭᠤᠯᠵᠤ᠂ ᠪᠥᠬᠥ ᠣᠷᠣᠨ᠎ᠤ ᠨᠠᠮ ᠵᠠᠰᠠᠭ᠎ᠤᠨ ᠪᠠᠢ᠌ᠭᠤᠯᠭ᠎ᠠ ᠵᠢᠨ ᠡᠮᠦᠨ᠎ᠡ ᠡᠩᠨᠡᠭᠡᠨ᠎ᠳᠤ ᠶᠠᠪᠤᠵᠤ᠂ 《ᠬᠣᠰᠢᠭᠤᠴᠢ》 ᠪᠣᠯᠬᠤ᠎ᠪᠠᠷ ᠴᠢᠷᠮᠠᠢ᠌ᠬᠤ ᠬᠡᠷᠡᠭᠲᠡᠢ᠃
ᠪᠥᠬᠥ ᠣᠷᠣᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ᠎ᠤ ᠨᠠᠷᠢᠨ ᠪᠢᠴᠢᠭ᠎ᠤᠨ ᠳᠠᠷᠤᠭ᠎ᠠ ᠨᠠᠷ᠎ᠤᠨ ᠬᠤᠷᠠᠯ 10 ᠳ᠋ᠤᠭ᠋ᠠᠷ ᠰᠠᠷ᠎ᠠ ᠵᠢᠨ 12᠎ᠤᠨ ᠡᠳᠦᠷ ᠬᠥᠬᠡᠬᠣᠲᠠ᠎ᠳᠤ ᠬᠤᠷᠠᠯᠳᠤᠵᠤ᠂ ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠩᠭᠤ ᠵᠢᠨ ᠭᠡᠰᠢᠭᠦᠨ᠂ ᠨᠠᠷᠢᠨ ᠪᠢᠴᠢᠭ᠎ᠤᠨ ᠳᠠᠷᠤᠭ᠎ᠠ ᠢᠦᠢ ᠯᠢ ᠰᠢᠨ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠵᠠᠢ᠃ ᠬᠤᠷᠠᠯ᠎ᠠᠴᠠ ᠴᠢᠬᠤᠯᠠᠴᠢᠯᠠᠭᠰᠠᠨ᠎ᠨᠢ᠂ ᠪᠦᠬᠦ ᠣᠷᠣᠨ᠎ᠤ ᠡᠯ᠎ᠡ ᠱᠠᠲᠤᠨ᠎ᠤ ᠠᠯᠪᠠᠯᠠᠬᠤ ᠰᠠᠯᠠᠭ᠎ᠠ ᠮᠥᠴᠢᠷ᠎ᠤᠳ ᠲᠤᠭ ᠲᠡᠮᠳᠡᠭ ᠲᠣᠳᠣᠷᠬᠠᠢ᠎ᠪᠠᠷ ᠤᠯᠤᠰ ᠲᠥᠷᠥ ᠵᠢ ᠡᠷᠬᠢᠮᠯᠡᠵᠦ᠂ 《ᠬᠣᠶᠠᠷ᠎ᠢ ᠲᠤᠬᠳᠠᠭ᠋ᠠᠬᠰᠠᠨ》᠎ᠢ ᠡᠷᠡᠰ ᠬᠦᠷᠢᠶᠡᠯᠡᠬᠦ᠂ 《ᠬᠣᠶᠠᠷ᠎ᠢ ᠬᠠᠮᠠᠭ᠋ᠠᠯᠠᠬᠤ》 ᠵᠢ ᠡᠷᠡᠰ ᠪᠡᠶᠡᠯᠡᠭᠦᠯᠬᠦ ᠲᠠᠯ᠎ᠠ᠎ᠪᠠᠷ ᠰᠠᠢ᠌ᠨ ᠦᠯᠢᠭᠡᠷ ᠳᠠᠭᠤᠷᠢᠶᠠᠯ ᠪᠣᠯᠵᠤ᠂ ᠦᠯᠢᠭᠡᠷ ᠵᠢᠱ᠌ᠢᠶ᠎ᠡ ᠦᠵᠡᠭᠦᠯᠵᠦ᠂ 《ᠲᠦᠷᠭᠡᠨ᠂ ᠲᠣᠭᠲᠠᠭᠤᠨ᠂ ᠴᠢᠩᠭ᠎ᠠ᠂ ᠣᠨᠣᠪᠴᠢᠲᠠᠢ᠂ ᠨᠠᠷᠢᠯᠢᠭ᠂ ᠪᠣᠳᠠᠲᠠᠢ》 ᠶᠡᠷᠦᠩᠬᠡᠢ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠭᠣᠣᠯᠳᠠᠯᠭ᠎ᠠ ᠵᠢᠨ ᠲᠣᠭᠣᠷᠢᠨ᠎ᠳᠤ᠂ ᠶᠡᠬᠡ ᠲᠠᠯ᠎ᠠ᠎ᠳᠤ ᠦᠢ᠍ᠯᠡᠴᠢᠯᠡᠬᠦ ᠳᠤᠮᠳᠠ ᠡᠯ᠎ᠡ ᠲᠦᠷᠦᠯ᠎ᠤᠨ ᠠᠵᠢᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ᠂ ᠲᠤᠰᠬᠠᠢ ᠴᠡᠭᠴᠡᠯᠡᠨ ᠵᠠᠰᠠᠯᠲᠠ ᠵᠢ ᠠᠬᠢᠭᠤᠯᠬᠤ ᠳᠤᠮᠳᠠ 《ᠭᠤᠷᠪᠠ᠎ᠳᠤ ᠦᠢ᠍ᠯᠡᠴᠢᠯᠡᠬᠦ》 ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠰᠢᠨ᠎ᠡ ᠵᠠᠮ᠎ᠢ ᠨᠡᠭᠡᠭᠡᠬᠦ᠂ ᠳᠤᠮᠳᠠ ᠲᠦᠪᠰᠢᠨ᠎ᠳᠤ ᠣᠷᠣᠬᠤ ᠬᠠᠷᠠᠯᠲᠠ ᠵᠢ ᠪᠡᠶᠡᠯᠡᠭᠦᠯᠬᠦ ᠳᠤᠮᠳᠠ ᠬᠠᠮᠤᠭ᠎ᠤᠨ ᠡᠮᠦᠨ᠎ᠡ ᠡᠩᠨᠡᠭᠡᠨ᠎ᠳᠤ ᠶᠠᠪᠤᠵᠤ᠂ 《ᠳᠠᠭ᠋ᠠᠭᠤᠯᠤᠭᠴᠢ》 ᠪᠣᠯᠬᠤ ᠬᠡᠷᠡᠭᠲᠡᠢ᠃