ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠨᠡᠶ᠋ᠢᠭᠡᠮ ᠰᠡᠳᠬᠦᠯ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠭᠣᠣᠯᠳᠠᠯᠭ᠎ᠠ᠎ᠲᠠᠢ ᠠᠵᠢᠯ᠎ᠤᠨ ᠲᠣᠬᠢᠷᠠᠭᠤᠯᠬᠤ ᠬᠤᠷᠠᠯ᠎ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄ 2023-10-25

   ᠦᠪᠤᠷ ᠮᠤᠡᠭᠭᠤᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ 10 ᠳ᠋ᠤᠭ᠋ᠠᠷ ᠰᠠᠷ᠎ᠠ ᠵᠢᠨ 24᠎ᠤ ᠡᠳᠦᠷ᠎ᠤᠨ ᠦᠳᠡ ᠵᠢᠨ ᠡᠮᠦᠨ᠎ᠡ ᠨᠡᠢ᠌ᠭᠡᠮ ᠲᠤᠰᠠᠯᠠᠮᠵᠢ ᠵᠢᠨ ᠭᠣᠣᠯᠳᠠᠯᠭ᠎ᠠ᠎ᠲᠠᠢ ᠠᠵᠢᠯ᠎ᠢ ᠲᠣᠬᠢᠷᠠᠭᠤᠯᠬᠤ ᠬᠤᠷᠠᠯ ᠬᠤᠷᠠᠯᠳᠤᠭᠤᠯᠵᠤ᠂ ᠨᠡᠢ᠌ᠭᠡᠮ᠎ᠤᠨ ᠲᠤᠰᠠᠯᠠᠮᠵᠢ ᠵᠢᠨ ᠭᠠᠵᠠᠷ᠎ᠤᠨ ᠣᠳᠣᠬᠠᠨ᠎ᠤ ᠠᠵᠢᠯ᠎ᠤᠨ ᠡᠭᠦᠷᠭᠡ ᠪᠠ ᠣᠨ᠎ᠤ ᠭᠣᠣᠯᠳᠠᠯᠭ᠎ᠠ᠎ᠲᠠᠢ ᠠᠵᠢᠯ᠎ᠢ ᠠᠬᠢᠭᠤᠯᠤᠭᠰᠠᠨ ᠪᠠᠢ᠌ᠳᠠᠯ᠎ᠢ ᠰᠣᠨᠣᠰᠴᠤ᠂ᠨᠡᠢ᠌ᠭᠡᠮ᠎ᠤᠨ ᠲᠤᠰᠠᠯᠠᠮᠵᠢ ᠵᠢᠨ ᠲᠠᠷᠠᠭ᠋ᠠᠴᠢ ᠵᠢᠨ ᠠᠵᠢᠯ᠎ᠢ  ᠪᠠᠢ᠌ᠷᠢᠯᠠᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠴᠧᠩ ᠬᠣᠩ ᠯᠢᠶᠠᠩ ᠨᠥᠬᠥᠷ ᠬᠤᠷᠠᠯ᠎ᠢ ᠡᠷᠭᠢᠯᠡᠵᠦ᠂ ᠨᠡᠢ᠌ᠭᠡᠮ᠎ᠤᠨ ᠲᠤᠰᠠᠯᠠᠮᠵᠢ ᠵᠢᠨ ᠭᠠᠵᠠᠷ᠎ᠤᠨ ᠪᠥᠬᠥ ᠠᠵᠢᠯᠲᠠᠳ ᠬᠤᠷᠠᠯ᠎ᠳᠤ ᠣᠷᠣᠯᠴᠠᠵᠠᠢ᠃
   ᠬᠤᠷᠠᠯ ᠲᠡᠬᠡᠷ᠎ᠡ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠠᠬᠢᠭᠤᠯᠤᠭᠰᠠᠨ ᠪᠠᠢ᠌ᠳᠠᠯ ᠪᠣᠯᠣᠨ 2023 ᠣᠨ᠎ᠤ ᠶᠠᠳᠠᠭᠤ ᠬᠦᠴᠢᠷᠳᠡᠯᠲᠡᠢ ᠤᠯᠠᠨ ᠲᠦᠮᠡᠨ᠎ᠤ ᠦᠨᠳᠦᠰᠦᠨ ᠠᠮᠢᠳᠤᠷᠠᠯ᠎ᠤᠨ ᠲᠤᠰᠠᠯᠠᠮᠵᠢ ᠵᠢᠨ ᠦᠷ᠎ᠡ ᠪᠦᠲᠦᠮᠵᠢ ᠵᠢ ᠦᠨᠡᠯᠡᠭᠰᠡᠨ ᠠᠵᠢᠯ᠎ᠤᠨ ᠪᠠᠢ᠌ᠳᠠᠯ᠎ᠤᠨ ᠮᠡᠳᠡᠭᠦᠯᠦᠯᠲᠡ ᠵᠢ ᠰᠣᠨᠣᠰᠴᠠᠢ᠃ 2023 ᠣᠨ᠎ᠤ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠋ᠠᠨ᠎ᠳᠤ᠎ᠬᠢ ᠰᠢᠨ᠎ᠡ ᠵᠢ ᠡᠭᠦᠳᠬᠦ ᠦᠢ᠍ᠯᠡᠳᠦᠯᠭᠡ ᠵᠢᠨ ᠠᠵᠢᠯᠯᠠᠭ᠎ᠠ ᠵᠢᠨ ᠬᠡᠷᠡᠭ᠎ᠤᠨ ᠵᠢᠱ᠌ᠢᠶ᠎ᠡ ᠵᠢ ᠲᠠᠨᠢᠯᠴᠠᠭᠤᠯᠵᠤ ᠳᠡᠭᠡᠭᠰᠢ ᠮᠡᠳᠡᠭᠦᠯᠬᠦ ᠵᠦᠢ᠍ᠯᠡᠰ᠎ᠢ ᠰᠤᠳᠤᠯᠵᠤ᠂ 《〈ᠣᠷᠣᠯᠭ᠎ᠠ ᠪᠠᠭ᠋ᠠᠲᠠᠢ  ᠬᠦᠮᠦᠰ᠎ᠤᠨ ᠬᠥᠳᠡᠯᠦᠩᠭᠦᠢ ᠪᠠᠢ᠌ᠳᠠᠯ᠎ᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠭᠦᠢ᠍ᠴᠡᠳᠬᠡᠯ ᠲᠣᠭ᠎ᠠ ᠵᠢᠨ ᠵᠢᠷᠤᠭ ᠲᠥᠯᠥᠪᠯᠡᠭᠡ ᠵᠢᠨ ᠲᠥᠰᠥᠯ (ᠲᠤᠷᠰᠢᠨ ᠬᠡᠷᠡᠭᠵᠢᠭᠦᠯᠬᠦ)〉᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ》 《ᠨᠡᠢ᠌ᠭᠡᠮ᠎ᠤᠨ  ᠲᠤᠰᠠᠯᠠᠮᠵᠢ ᠵᠢᠨ ᠲᠣᠭ᠎ᠠ ᠪᠠᠷᠢᠮᠲᠠ᠎ᠳᠤ ᠬᠢᠨᠠᠯᠲᠠ ᠲᠠᠯᠪᠢᠵᠤ ᠨᠡᠢ᠌ᠭᠡᠮ᠎ᠤᠨ ᠲᠤᠰᠠᠯᠠᠮᠵᠢ ᠵᠢᠨ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠴᠢᠳᠠᠪᠤᠷᠢ ᠵᠢ ᠳᠡᠭᠡᠭᠰᠢᠯᠡᠭᠦᠯᠬᠦ ᠬᠣᠯᠪᠣᠭᠳᠠᠯ ᠪᠦᠬᠦᠢ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 ᠵᠡᠷᠭᠡ ᠵᠢᠷᠭᠤᠭ᠋ᠠᠨ ᠪᠢᠴᠢᠭ ᠮᠠᠲ᠋ᠧᠷᠢᠶᠠᠯ᠎ᠢ ᠬᠢᠨᠠᠨ ᠵᠥᠪᠯᠡᠪᠡ᠃
   ᠬᠤᠷᠠᠯ᠎ᠠᠴᠠ ᠱᠠᠭ᠋ᠠᠷᠳᠠᠭᠰᠠᠨ᠎ᠨᠢ᠂ ᠨᠢᠭᠡ᠎ᠳᠤ᠂ ᠨᠡᠢ᠌ᠭᠡᠮ᠎ᠤᠨ ᠲᠤᠰᠠᠯᠠᠮᠵᠢ ᠵᠢᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠠᠵᠢᠯ᠎ᠢ ᠦᠷᠭᠦᠯᠵᠢᠯᠡᠨ ᠰᠠᠢ᠌ᠲᠤᠷ ᠠᠳᠬᠤᠵᠤ᠂ ᠣᠷᠣᠯᠭ᠎ᠠ ᠪᠠᠭ᠋ᠠᠲᠠᠢ ᠬᠦᠮᠦᠰ᠎ᠤᠨ ᠳᠣᠲᠣᠷᠠᠬᠢ ᠵᠠᠷᠤᠯᠭ᠎ᠠ  ᠶᠡᠬᠡᠳᠡᠢ ᠬᠦᠴᠢᠷᠳᠡᠯ᠎ᠲᠠᠢ ᠬᠦᠮᠦᠰ᠎ᠢ ᠪᠠᠢ᠌ᠴᠠᠭ᠋ᠠᠨ ᠭᠠᠷᠭ᠋ᠠᠵᠤ ᠲᠤᠰᠠᠯᠠᠮᠵᠢ᠎ᠳᠤ ᠣᠷᠣᠭᠤᠯᠬᠤ ᠡᠷᠴᠢᠮ᠎ᠢ ᠴᠢᠩᠭ᠋ᠠᠷᠠᠭᠤᠯᠵᠤ᠂ ᠡᠵᠡᠯᠡᠬᠦ ᠬᠠᠷᠢᠴᠠᠯ᠎ᠢ ᠳᠡᠭᠡᠭᠰᠢᠯᠡᠭᠦᠯᠦᠨ᠂ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢᠨ ᠱᠠᠭ᠋ᠠᠷᠳᠠᠯᠭ᠎ᠠ᠎ᠳᠤ ᠬᠦᠷᠭᠡᠬᠦ ᠬᠡᠷᠡᠭᠲᠡᠢ᠃ ᠬᠣᠶᠠᠷ᠎ᠲᠤ᠂ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ᠎ᠳᠤ ᠣᠷᠣᠰᠢᠵᠤ ᠪᠠᠢ᠌ᠭ᠎ᠠ ᠵᠥᠷᠢᠶ᠎ᠡ ᠪᠣᠯᠣᠨ ᠬᠦᠷᠦᠯᠴᠡᠬᠦ ᠦᠭᠡᠢ ᠲᠠᠯ᠎ᠠ᠎ᠲᠠᠢ ᠬᠠᠷᠢᠴᠠᠭᠤᠯᠤᠨ᠂ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠨ ᠲᠥᠰᠥᠪ᠎ᠤᠨ ᠲᠣᠬᠢᠷᠠᠭᠤᠯᠤᠯᠲᠠ ᠵᠢ ᠨᠠᠢ᠌ᠳᠠᠪᠤᠷᠢᠵᠢᠭᠤᠯᠬᠤ ᠵᠢ ᠢᠳᠡᠪᠬᠢᠲᠡᠢ ᠵᠣᠬᠢᠴᠠᠭᠤᠯᠵᠤ᠂ ᠪᠡᠯᠡ ᠮᠥᠩᠭᠥ ᠵᠢᠨ ᠳᠡᠮᠵᠢᠯᠭᠡ ᠵᠢᠨ ᠡᠷᠴᠢᠮ᠎ᠢ ᠴᠢᠩᠭ᠋ᠠᠷᠠᠭᠤᠯᠤᠨ᠂ ᠬᠦᠴᠢᠷᠳᠡᠯᠲᠡᠢ ᠣᠯᠠᠨ ᠲᠦᠮᠡᠨ᠎ᠢ ᠲᠤᠰᠠᠯᠠᠬᠤ ᠠᠵᠢᠯ᠎ᠤᠨ ᠰᠢᠯᠢᠳᠡᠭ ᠲᠠᠰ ᠵᠡᠷᠭᠡ ᠵᠢ ᠪᠠᠲᠤᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠭᠤᠷᠪᠠ᠎ᠳᠤ᠂ ᠰᠢᠯᠢᠳᠡᠭ ᠬᠡᠷᠡᠭ᠎ᠤᠨ ᠵᠢᠱ᠌ᠢᠶ᠎ᠡ ᠵᠢ ᠰᠢᠯᠭ᠋ᠠᠷᠠᠭᠤᠯᠵᠤ ᠳᠡᠭᠡᠭᠰᠢ ᠮᠡᠳᠡᠭᠦᠯᠬᠦ ᠠᠵᠢᠯ᠎ᠢ ᠰᠠᠢ᠌ᠲᠤᠷ ᠬᠢᠵᠦ᠂ ᠰᠢᠯᠢᠳᠡᠭ ᠬᠡᠷᠡᠭ᠎ᠤᠨ ᠵᠢᠱ᠌ᠢᠶ᠎ᠡ ᠵᠢ ᠤᠬᠠᠭᠤᠯᠬᠤ ᠡᠷᠴᠢᠮ ᠵᠶ᠋ᠡᠨ ᠴᠢᠩᠭ᠋ᠠᠷᠠᠭᠤᠯᠵᠤ᠂ ᠮᠠᠨ᠎ᠤ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠰᠢᠨ᠎ᠡ ᠵᠢ ᠡᠭᠦᠳᠦᠨ ᠬᠥᠭᠵᠢᠬᠦ ᠵᠢ ᠲᠠᠰᠤᠷᠠᠯᠲᠠ ᠦᠭᠡᠢ ᠠᠬᠢᠭᠤᠯᠬᠤ ᠬᠡᠷᠡᠭᠳᠡᠢ᠃
 




 

ᠢᠷᠡᠯᠲᠡ᠄ ᠦᠪᠤᠷ ᠮᠤᠡᠭᠭᠤᠯ᠎ᠤᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠶᠠᠪᠤᠳᠠᠯ᠎ᠤᠨ ᠲᠢᠡᠭᠭᠢᠮ᠎ᠤᠨ ᠮᠤᠡᠭᠭᠤᠯ ᠰᠦᠯᠵᠢᠶ᠎ᠡ
          
ᠬᠠᠮᠢᠶ᠎ᠡ ᠪᠦᠬᠦᠢ ᠰᠣᠨᠢᠨ
ᠪᠦᠬᠦ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ 《ᠴᠢᠳᠠᠪᠤᠷᠢ᠎ᠪᠠᠨ ᠳᠡᠭᠡᠭᠰᠢᠯᠡᠭᠦᠯᠵᠦ ᠰᠢᠯᠢᠳᠡᠭ᠎ᠢ ᠡᠷᠡᠮᠴᠡᠬᠦ᠂ ᠪᠣᠳᠠᠲᠠᠢ ᠠᠵᠢᠯᠯᠠᠵᠤ ᠠᠷᠠᠳ᠎ᠲᠤ ᠠᠰᠢᠭ ᠬᠦᠷᠲᠡᠭᠡᠬᠦ》 ᠠᠵᠢᠯᠯᠠᠭ᠎ᠠ ᠵᠢ ᠭᠦᠨᠵᠡᠭᠡᠢ ᠦᠷᠨᠢᠬᠦᠯᠪᠡ
ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ ᠴᠢᠳᠠᠪᠤᠷᠢ ᠵᠢᠨ ᠮᠥᠷᠥᠢ᠌ᠴᠡᠭᠡᠨ ᠶᠠᠪᠤᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠢᠭᠦᠯᠡᠰᠦᠩᠭᠦᠢ ᠵᠢᠨ ᠦᠢ᠍ᠯᠡᠰ᠎ᠤᠨ ᠶᠡᠷᠦᠩᠬᠡᠢ ᠡᠪᠯᠡᠯ᠎ᠤᠨ᠎ᠬᠢᠨ ᠬᠣᠶᠠᠳᠤᠭ᠋ᠠᠷ ᠬᠤᠭᠤᠴᠠᠭ᠋ᠠᠨ᠎ᠤ ᠪᠠᠢ᠌ᠡᠭᠭᠤ ᠵᠢᠨ ᠬᠡᠷᠡᠭ ᠡᠷᠬᠢᠯᠡᠭᠴᠢᠳ᠎ᠤᠨ ᠬᠤᠷᠠᠯ᠎ᠤᠨ ᠬᠤᠶᠠᠳᠤᠭ᠋ᠠᠷ ᠬᠤᠷᠠᠯ᠎ᠢ ᠬᠤᠷᠠᠯᠳᠤᠭᠤᠯᠪᠠ
ᠥᠪᠥᠷ ᠮᠣᠩᠭᠣᠯ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠨᠠᠮ᠎ᠤᠨ ᠬᠣᠷᠢᠶ᠎ᠠ ᠵᠢᠨ᠎ᠬᠢᠨ ᠰᠢ ᠵᠢᠨ ᠫᠢᠩ᠎ᠤᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠭᠣᠣᠯ ᠰᠡᠳᠦᠪᠲᠦ ᠬᠥᠮᠦᠵᠢᠯ᠎ᠤᠨ ᠨᠣᠮ ᠤᠩᠰᠢᠬᠤ ᠠᠩᠭᠢ ᠡᠷᠭᠢᠯᠡᠪᠡ
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠤᠨ᠎ᠬᠢᠨ ᠠᠵᠢᠯ ᠲᠥᠷᠥᠯ᠎ᠤᠨ ᠨᠡᠢ᠌ᠭᠡᠮᠯᠢᠭ ᠬᠤᠳᠠᠯᠳᠤᠭ᠋ᠠᠴᠢᠳ᠎ᠤᠨ ᠡᠪᠯᠡᠯ᠎ᠤᠨ ᠴᠢᠨᠠᠷ ᠰᠠᠢ᠌ᠲᠠᠢ ᠬᠥᠭᠵᠢᠯᠲᠡ᠎ᠳᠤ ᠦᠢ᠍ᠯᠡᠴᠢᠯᠡᠬᠦ ᠲᠤᠰᠬᠠᠢ ᠠᠵᠢᠯᠯᠠᠭ᠎ᠠ ᠵᠢᠨ ᠰᠣᠯᠢᠯᠴᠠᠭ᠋ᠠᠨ᠎ᠤ ᠬᠤᠷᠠᠯ ᠬᠤᠷᠠᠯᠳᠤᠭᠤᠯᠪᠠ
 
            