ᠨᠡᠢ᠌ᠭᠡᠮ᠎ᠤᠨ ᠲᠤᠰᠠᠯᠠᠮᠵᠢ ᠵᠢᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠬᠦᠴᠦᠯᠡᠨ ᠠᠬᠢᠭᠤᠯᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠠᠵᠢᠯᠲᠠᠨ᠎ᠤ ᠲᠥᠷᠥ ᠵᠢᠨ ᠪᠣᠳᠣᠯᠭ᠎ᠠ ᠵᠢᠨ ᠲᠦᠪᠰᠢᠨ ᠪᠠ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠵᠢᠨ ᠲᠥᠯᠥᠭᠡ᠂ ᠪᠥᠬᠥ ᠣᠷᠣᠨ᠎ᠤ ᠨᠡᠢ᠌ᠭᠡᠮ᠎ᠤᠨ ᠲᠤᠰᠠᠯᠠᠮᠵᠢ ᠵᠢᠨ ᠬᠦᠷᠢᠶ᠎ᠡ ᠴᠠᠷᠠᠭ᠎ᠠ᠎ᠳᠤ᠎ᠬᠢ 《ᠴᠢᠳᠠᠪᠤᠷᠢ ᠵᠢ ᠳᠡᠭᠡᠭᠰᠢᠯᠡᠭᠦᠯᠦᠨ ᠰᠢᠯᠢᠳᠡᠭ᠎ᠢ ᠡᠷᠡᠮᠴᠡᠬᠦ᠂ ᠪᠣᠳᠠᠲᠠᠢ ᠠᠵᠢᠯᠯᠠᠵᠤ ᠠᠷᠠᠳ᠎ᠲᠤ ᠠᠰᠢᠭ ᠬᠦᠷᠲᠡᠭᠡᠬᠦ》 ᠠᠵᠢᠯᠯᠠᠭ᠎ᠠ ᠵᠢᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ ᠠᠯᠠᠱ᠌ᠠ ᠠᠢ᠌ᠮᠠᠭ᠎ᠤᠨ ᠠᠷᠠᠳ᠎ᠤᠨ ᠶᠠᠪᠤᠳᠠᠯ᠎ᠤᠨ ᠲᠣᠪᠴᠢᠶ᠎ᠠ ᠵᠢᠨ᠎ᠬᠢᠨ ᠤᠷᠴᠢᠮ᠎ᠳᠤ ᠨᠡᠢ᠌ᠭᠡᠮ᠎ᠤᠨ ᠲᠤᠰᠠᠯᠠᠮᠵᠢ ᠵᠢ᠊ ᠬᠦᠷᠢᠶ᠎ᠡ ᠴᠠᠷᠠᠭ᠎ᠠ᠎ᠳᠤ᠎ᠬᠢ 《ᠴᠢᠳᠠᠪᠤᠷᠢ ᠵᠢᠨ ᠮᠥᠷᠥᠢ᠌ᠴᠡᠭᠡᠨᠢ ᠡᠷᠭᠢᠯᠡᠵᠦ᠂ ᠠᠯᠠᠱᠨ ᠠᠢ᠌ᠮᠠᠭ᠎ᠤᠨ 5 ᠬᠣᠰᠢᠭᠤ ᠲᠤᠭᠤᠷᠢᠭ᠎ᠤᠨ ᠲᠥᠯᠥᠭᠡᠯᠡᠭᠴᠢᠳ᠎ᠤᠨ ᠠᠩᠭᠢ ᠵᠢᠨ 15 ᠤᠷᠤᠯᠳᠤᠬ᠍ᠴᠢ ᠣᠷᠣᠯᠴᠠᠵᠠᠢ᠃

ᠲᠣᠰ ᠮᠥᠷᠥᠢ᠌ᠴᠡᠭᠡᠨᠢ ᠡᠮᠦᠨᠡᠬᠢ ᠬᠤᠭᠤᠴᠠᠭ᠋ᠠᠨ᠎ᠤ ᠣᠨᠣᠯ ᠪᠠ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠯ᠎ᠢ ᠥᠷᠨᠢᠭᠦᠯᠦᠭᠰᠡᠨ ᠰᠠᠭᠤᠷᠢᠨ ᠳᠡᠭᠡᠷ᠎ᠡ ᠰᠢ ᠵᠢᠨ ᠫᠢᠩ ᠶᠡᠷᠦᠩᠬᠡᠢ ᠱᠦᠵᠢ ᠵᠢᠨ ᠥᠪᠥᠷ ᠮᠣᠩᠭᠣᠯ᠎ᠳᠤ ᠰᠢᠨᠵᠢᠯᠡᠨ ᠪᠠᠢ᠌ᠴᠠᠭ᠋ᠠᠬᠤ ᠬᠤᠭᠤᠴᠠᠭ᠋ᠠᠨ᠎ᠳᠤ᠎ᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠨᠡᠢ᠌ᠭᠡᠮ ᠊ᠦ᠊ ᠲᠤᠰᠠᠯᠠᠮᠵᠢ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ ᠵᠡᠷᠭᠡ ᠠᠭᠤᠯᠭ᠎ᠠ ᠵᠢᠨ ᠲᠣᠭᠣᠷᠢᠨ᠎ᠳᠤ ᠨᠡᠢ᠌ᠭᠡᠮ᠎ᠤᠨ ᠲᠤᠰᠠᠯᠠᠮᠵᠢ ᠵᠢᠨ ᠠᠵᠢᠯ᠎ᠤᠨ ᠪᠣᠳᠠᠲᠤ ᠪᠠᠢ᠌ᠳᠠᠯ᠎ᠳᠤ ᠰᠠᠭᠤᠷᠢᠯᠠᠨ᠂ ᠮᠡᠳᠡᠯᠭᠡ ᠵᠢᠨ ᠤᠷᠤᠯᠳᠤᠭ᠋ᠠᠨ᠂ ᠬᠡᠷᠡᠭ᠎ᠤᠨ ᠵᠢᠱ᠌ᠢᠶ᠎ᠡ ᠵᠢ ᠵᠠᠳᠠᠯᠬᠤ ᠵᠢ ᠤᠶᠠᠯᠳᠤᠭᠤᠯᠬᠤ ᠠᠷᠭ᠎ᠠ᠎ᠪᠠᠷ ᠶᠠᠪᠤᠭᠳᠠᠭᠤᠯᠪᠠ᠃ ᠮᠦᠷᠤᠢ᠌ᠴᠡᠬᠡᠨᠤ ᠲᠤᠬᠠᠢ ᠵᠢᠨ ᠲᠠᠯᠠᠪᠠᠢ ᠵᠢᠨ ᠠᠭᠤᠷ ᠠᠮᠢᠰᠬᠤᠯ ᠬᠦᠷ ᠬᠥᠭᠵᠢᠶᠡᠨ᠎ᠲᠠᠢ ᠪᠠᠢ᠌ᠵᠤ᠂ ᠤᠷᠤᠯᠳᠤᠭ᠋ᠠᠨ᠎ᠳᠤ ᠣᠷᠣᠯᠴᠠᠭᠰᠠᠳ᠎ᠤᠨ ᠢᠲᠡᠭᠡᠯ ᠵᠣᠷᠢᠭᠲᠠᠢ᠂ ᠯᠠᠪᠳᠠᠭᠤᠨ ᠲᠣᠭᠲᠠᠭᠤᠨ᠂ ᠬᠤᠷᠴᠠ ᠱᠠᠯᠠᠮᠠᠭ᠋ᠠᠢ᠂ ᠤᠷᠤᠰᠤᠮ᠎ᠠ ᠰᠠᠢ᠌ᠬᠠᠨ ᠬᠠᠷᠢᠭᠤᠯᠵᠤ᠂ ᠦᠨᠳᠦᠰᠦᠨ ᠱᠠᠲᠤᠨ᠎ᠤ ᠨᠡᠢ᠌ᠭᠡᠮ᠎ᠤᠨ ᠲᠤᠰᠠᠯᠠᠮᠵᠢ ᠵᠢᠨ ᠺᠠᠳ᠋ᠷᠴᠤᠳ᠎ᠤᠨ ᠲᠤᠬᠠᠢ᠌ᠯᠠᠭᠰᠠᠨ ᠠᠵᠢᠯ᠎ᠤᠨ ᠯᠠᠪᠳᠠᠭᠤᠨ ᠪᠠᠲᠤᠲᠠᠢ ᠰᠠᠭᠤᠷᠢ ᠪᠠ ᠰᠠᠢ᠌ᠨ ᠰᠠᠢ᠌ᠬᠠᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠢᠯᠡᠷᠡᠭᠦᠯᠪᠡ᠃ ᠬᠤᠷᠴᠠ ᠰᠢᠷᠦᠭᠦᠨ ᠮᠥᠷᠥᠢ᠌ᠴᠡᠭᠡᠨ ᠵᠶ᠋ᠡᠷ ᠲᠠᠮᠵᠢᠨ ᠡᠯ᠎ᠡ ᠪᠦᠯᠬᠦᠮ᠎ᠤᠨ᠎ᠬᠢᠨ ᠴᠥᠮ ᠰᠢᠯᠢᠳᠡᠭ ᠬᠢᠷᠢ ᠪᠦᠲᠦᠮᠵᠢ ᠣᠯᠵᠤ᠂ 3 ᠪᠦᠯᠬᠦᠮ᠎ᠤᠨ 9 ᠤᠷᠤᠯᠳᠤᠬ᠍ᠴᠢ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠳᠡᠰ᠎ᠤᠨ ᠱᠠᠩᠨᠠᠯ ᠬᠦᠷᠲᠡᠵᠦ᠂ 6 ᠤᠷᠤᠯᠳᠤᠬ᠍ᠴᠢ ᠰᠢᠯᠢᠳᠡᠭ ᠱᠠᠩᠨᠠᠯ᠎ᠢ ᠬᠦᠷᠳᠡᠭᠰᠡᠨ ᠪᠠᠢ᠌ᠨ᠎ᠠ᠃


ᠲᠤᠰ ᠤᠷᠤᠯᠳᠤᠭ᠋ᠠᠨ᠎ᠨᠢ ᠠᠯᠠᠱᠨ ᠠᠢ᠌ᠮᠠᠭ᠎ᠤᠨ ᠨᠡᠢ᠌ᠭᠡᠮ᠎ᠤᠨ ᠲᠤᠰᠠᠯᠠᠮᠵᠢ ᠵᠢᠨ ᠠᠵᠢᠯᠲᠠᠳ᠎ᠤᠨ ᠲᠤᠬᠠᠢ᠌ᠯᠠᠭᠰᠠᠨ ᠠᠵᠢᠯ᠎ᠤᠨ ᠴᠢᠳᠠᠪᠤᠷᠢ ᠵᠢ ᠪᠦᠬᠦ ᠲᠠᠯ᠎ᠠ ᠪᠠᠷ ᠦᠵᠡᠭᠦᠯᠵᠦ᠂ ᠠᠵᠢᠯᠳᠠᠳ᠎ᠤᠨ ᠲᠥᠷᠥ ᠵᠢᠨ ᠪᠣᠳᠣᠯᠭ᠎ᠠ ᠵᠢ ᠣᠢ᠌ᠯᠠᠭ᠋ᠠᠬᠤ ᠪᠠ ᠡᠵᠡᠮᠳᠡᠬᠦ ᠴᠢᠳᠠᠪᠤᠷᠢ ᠵᠢ ᠪᠦᠲᠦᠮᠵᠢᠲᠡᠶ ᠳᠡᠭᠡᠭᠰᠢᠯᠡᠭᠦᠯᠵᠦ᠂ ᠤᠷᠤᠯᠳᠤᠭ᠋ᠠᠨ ᠵᠶ᠋ᠠᠷ ᠰᠤᠷᠤᠯᠴᠠᠯᠭ᠎ᠠ ᠵᠢ ᠠᠬᠢᠭᠤᠯᠬᠤ᠂ ᠰᠤᠷᠤᠯᠴᠠᠯᠭ᠎ᠠ᠎ᠪᠠᠷ ᠠᠵᠢᠯᠯᠠᠬᠤ ᠵᠢ ᠠᠬᠢᠭᠤᠯᠬᠤ ᠵᠣᠷᠢᠯᠭ᠎ᠠ᠎ᠳᠤ ᠬᠦᠷᠴᠦ᠂ ᠨᠡᠢ᠌ᠭᠡᠮ᠎ᠤᠨ ᠲᠤᠰᠠᠯᠠᠮᠵᠢ ᠵᠢᠨ ᠺᠠᠳ᠋ᠷᠴᠤᠳ᠎ᠤᠨ ᠰᠢᠮᠳᠠᠨ ᠰᠤᠷᠤᠯᠴᠠᠬᠤ᠂ ᠬᠤᠷᠴᠠ ᠰᠡᠷᠭᠡᠭ ᠰᠡᠳᠬᠢᠬᠦ᠂ ᠰᠢᠮᠳᠠᠨ ᠰᠤᠳᠤᠯᠬᠤ᠂ ᠰᠢᠨ᠎ᠡ ᠵᠢ ᠡᠭᠦᠳᠬᠦ ᠵᠢ ᠵᠤᠷᠢᠭ ᠰᠠᠨᠠᠭ᠎ᠠ ᠵᠢ ᠤᠷᠮᠠᠰᠢᠭᠤᠯᠤᠨ ᠵᠣᠷᠢᠭᠵᠢᠭᠤᠯᠵᠤ᠂ ᠥᠨᠳᠥᠷ ᠶᠠᠰᠤ ᠴᠢᠨᠠᠷᠲᠠᠢ ᠥᠨᠳᠥᠷ ᠪᠦᠲᠦᠮᠵᠢᠲᠡᠶ ᠦᠢ᠍ᠯᠡᠴᠢᠯᠡᠭᠡ᠎ᠪᠠᠷ ᠬᠦᠴᠢᠷᠳᠡᠯᠲᠡᠢ ᠣᠯᠠᠨ ᠲᠦᠮᠡᠨ᠎ᠢ ᠪᠠᠲᠤᠯᠠᠬᠤ᠎ᠳᠤ ᠬᠦᠴᠦᠲᠡᠢ ᠲᠤᠯᠭ᠋ᠠᠭᠤᠷᠢᠯᠠᠯ ᠬᠠᠩᠭ᠋ᠠᠭᠰᠠᠨ ᠪᠠᠢ᠌ᠨ᠎ᠠ᠃